2023-03-09 10:41:14
ᠸᠠᠩ ᠬᠣ᠌ ᠨᠢᠩ ᠬᠤᠷᠠᠯ᠎ᠢ ᠡᠷᠬᠢᠯᠠᠪᠠ
ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠬᠤᠷᠠᠯ᠎ᠤᠨ ᠠᠩᠬᠠᠳᠤᠭᠠᠷ ᠤᠳᠠᠭ᠎ᠠ ᠵᠢᠨ ᠬᠤᠷᠠᠯ 8 ᠤ᠋ ᠦᠳᠡ᠎ᠶ᠋ᠢᠨ ᠬᠣᠢᠨ᠎ᠠ ᠪᠡᠭᠡᠵᠢᠩ᠎ᠳᠦ ᠬᠤᠷᠠᠯᠳᠤᠵᠤ᠂ ᠨᠠᠮ᠎ᠤᠨ ᠲᠦᠪ ᠬᠤᠷᠢᠶ᠎ᠠ ᠵᠢᠨ ᠤᠯᠤᠰ ᠲᠦᠷᠦ ᠵᠢᠨ ᠲᠤᠪᠴᠢᠶ᠎ᠠ ᠵᠢᠨ ᠪᠠᠢᠩᠭᠤ ᠵᠢᠨ ᠭᠡᠰᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠢ ᠡᠷᠬᠢᠯᠡᠭᠴᠢ ᠸᠠᠩ ᠬᠣ᠌ ᠨᠢᠩ ᠬᠤᠷᠠᠯ᠎ᠢ ᠡᠷᠬᠢᠯᠡᠵᠡᠢ᠃
ᠬᠤᠷᠠᠯ᠎ᠡᠴᠡ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠰᠣᠩᠭᠣᠭᠤᠯᠢ᠎ᠵᠢᠨ ᠠᠷᠭ᠎ᠠ (ᠲᠥᠰᠦᠯ)᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠲᠡᠷᠢᠭᠦᠯᠡᠭ᠌ᠴᠢ᠂ ᠳᠡᠳ᠋ ᠲᠡᠷᠢᠭᠦᠯᠡᠭ᠌ᠴᠢ᠂ ᠨᠠᠷᠢᠨ ᠪᠢᠴᠢᠭ᠎ᠦᠨ ᠳᠠᠷᠤᠭ᠎ᠠ᠂ ᠪᠠᠢᠩᠭᠤ᠎ᠶ᠋ᠢᠨ ᠭᠡᠱᠢᠭᠦᠳ᠎ᠤᠨ ᠵᠢᠱ᠌ᠢᠭ᠌ᠳᠡᠭ᠌ᠰᠡᠳ᠎ᠦᠨ ᠨᠡᠷᠡᠰ (ᠲᠥᠰᠦᠯ)᠂ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢᠨ ᠲᠤᠬᠠᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠱᠢᠢᠳᠪᠦᠷᠢ (ᠲᠥᠰᠦᠯ) ᠂ ᠰᠠᠨᠠᠯ ᠲᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢᠨ ᠲᠤᠬᠠᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠱᠢᠢᠳᠪᠦᠷᠢ (ᠲᠥᠰᠦᠯ) ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠳᠦ ᠵᠠᠰᠠᠪᠤᠷᠢ ᠣᠷᠣᠭᠤᠯᠬᠤ ᠲᠥᠰᠦᠯ᠎ᠦᠨ ᠲᠤᠬᠠᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠱᠢᠢᠳᠪᠦᠷᠢ (ᠲᠥᠰᠦᠯ)᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠰᠠᠨᠠᠯ ᠲᠤᠷᠠᠳᠤᠯᠭ᠎ᠠ᠎ᠶ᠋ᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠰᠠᠨᠠᠯ ᠲᠤᠷᠠᠳᠤᠯᠭ᠎ᠠ᠎ᠶ᠋ᠢ ᠬᠢᠨᠠᠨ ᠪᠠᠢᠴᠠᠭᠠᠬᠤ ᠵᠦᠪᠯᠡᠯ᠎ᠤᠨ ᠮᠡᠳᠡᠭᠦᠯᠦᠯᠲᠡ (ᠲᠥᠰᠦᠯ)᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠤᠯᠤᠰ ᠲᠥᠷᠥ᠎ᠶ᠋ᠢᠨ ᠱᠢᠶ᠋ᠳᠪᠦᠷᠢ (ᠲᠥᠰᠦᠯ ) ᠶᠢ ᠬᠢᠨᠠᠨ ᠵᠦᠪᠯᠡᠭᠰᠡᠨ ᠪᠦᠭᠡᠳ ᠵᠠᠷᠴᠢᠮ ᠲᠡᠭᠡᠷ᠎ᠡ ᠪᠡᠨ ᠪᠠᠲᠤᠯᠠᠪᠠ᠃ ᠬᠤᠷᠠᠯ᠎ᠡᠴᠡ ᠳᠡᠭᠡᠷ᠎ᠡ ᠳᠤᠷᠠᠳᠤᠭ᠍ᠰᠠᠨ ᠲᠥᠰᠦᠯ᠎ᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠬᠣᠶᠠᠳᠤᠭᠠᠷ ᠤᠳᠠᠭ᠎ᠠ ᠵᠢᠨ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ᠂ ᠲᠥᠪ᠎ᠦᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠱ᠌ᠢ᠎ᠲᠡᠶ ᠹᠸᠩ ᠨᠠᠷ ᠬᠣᠯᠪᠣᠭ᠍ᠳᠠᠯ ᠪᠦᠬᠦᠢ ᠲᠥᠰᠦᠯ᠎ᠦᠨ ᠲᠤᠬᠠᠢ ᠲᠣᠳᠣᠷᠬᠠᠢᠯᠠᠯᠲᠠ ᠬᠢᠪᠡ᠃
ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠬᠣ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠸ᠋ ᠴᠢᠶᠠᠩ᠂ ᠫᠠᠪᠠᠯᠠ· ᠭᠧᠯᠢᠭ᠌ᠨᠡᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠣ᠌ ᠬᠣᠶ᠂ ᠱᠤᠤ ᠬᠣᠩ᠂ ᠭᠤᠤ ᠶᠦᠨ ᠯᠦᠩ ᠬᠤᠷᠠᠯ᠎ᠳᠤ ᠣᠷᠣᠯᠴᠠᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃