2023-03-09 10:45:42
ᠸᠠᠩ ᠬᠤ᠌ ᠨᠢᠩ ᠬᠤᠷᠠᠯ᠎ᠢ ᠡᠷᠭᠢᠯᠡᠪᠡ ᠬᠤᠷᠠᠯ᠎ᠡᠴᠡ ᠬᠣᠯᠪᠣᠭ᠍ᠳᠠᠯ ᠪᠦᠬᠦᠢ ᠵᠥᠪᠯᠡᠬᠦ᠌ ᠵᠤᠢᠯ ᠤ᠋ᠨ ᠲᠤᠬᠠᠢ ᠲᠣᠳᠣᠷᠬᠠᠢᠯᠠᠯᠲᠠ᠎ᠶ᠋ᠢ ᠰᠣᠨᠣᠰᠴᠠᠢ
ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ 8 ᠤ᠋ ᠦᠳᠡ᠎ᠶ᠋ᠢᠨ ᠬᠣᠢᠨ᠎ᠠ ᠪᠡᠭᠡᠵᠢᠩ᠎ᠳᠦ ᠬᠣᠶᠠᠳᠤᠭᠠᠷ ᠤᠳᠠᠭ᠎ᠠ᠎ᠶ᠋ᠢᠨ ᠬᠤᠷᠠᠯ ᠬᠢᠵᠦ᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠢ ᠡᠷᠬᠢᠯᠡᠭ᠌ᠴᠢ ᠸᠠᠩ ᠬ᠍ᠤ᠌ ᠨᠢᠩ ᠬᠤᠷᠠᠯ᠎ᠢ ᠡᠷᠬᠢᠯᠡᠪᠡ᠃
ᠬᠤᠷᠠᠯ᠎ᠡᠴᠡ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ ᠤ᠋ᠨ ᠰᠣᠩᠭᠣᠭᠤᠯᠢ᠎ᠶ᠋ᠢᠨ ᠠᠷᠭ᠎ᠠ (ᠲᠥᠰᠦᠯ) ᠵᠢ ᠬᠢᠨᠠᠨ ᠵᠦᠪᠯᠡᠭᠰᠡᠨ ᠪᠦᠭᠡᠳ ᠵᠠᠷᠴᠢᠮ ᠳᠡᠭᠡᠷ᠎ᠡ᠎ᠪᠡᠨ ᠪᠠᠲᠤᠯᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠲᠡᠷᠢᠭᠦᠯᠡᠭ᠌ᠴᠢ᠂ ᠳᠡᠳ᠋ ᠲᠡᠷᠢᠭᠦᠯᠡᠭ᠌ᠴᠢ᠂ ᠨᠠᠷᠢᠨ ᠪᠢᠴᠢᠭ᠎ᠦᠨ ᠳᠠᠷᠤᠭ᠎ᠠ᠂ ᠪᠠᠢᠩᠭᠤ᠎ᠶ᠋ᠢᠨ ᠭᠡᠱᠢᠭᠦᠤᠨ ᠤᠨ ᠵᠢᠱ᠌ᠢᠭ᠌ᠳᠡᠭ᠌ᠰᠡᠳ᠎ᠦᠨ ᠰᠠᠨᠠᠭᠤᠯᠭ᠎ᠠ ᠵᠢᠨ ᠨᠡᠷᠡᠰ ᠢ᠋ ᠪᠠᠳᠤᠯᠠᠵᠤ᠂ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠬᠦᠯᠤᠯᠳᠠ ᠵᠢᠨ ᠲᠤᠬᠠᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠠᠩᠬᠠᠳᠤᠭᠠᠷ ᠬᠤᠷᠠᠯ ᠤ᠋ᠨ ᠱᠢᠢᠳᠪᠦᠷᠢ (ᠲᠥᠰᠦᠯ)᠂ ᠰᠠᠨᠠᠯ ᠲᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢᠨ ᠲᠤᠬᠠᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ ᠤ᠋ᠨ ᠱᠢᠢᠳᠪᠦᠷᠢ (ᠲᠥᠰᠦᠯ)᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠳᠦ ᠵᠠᠰᠠᠪᠤᠷᠢ ᠣᠷᠣᠭᠤᠯᠬᠤ ᠲᠥᠰᠦᠯ᠎ᠦᠨ ᠲᠤᠬᠠᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ ᠤ᠋ᠨ ᠱᠢᠢᠳᠪᠦᠷᠢ (ᠲᠥᠰᠦᠯ)᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ ᠤ᠋ᠨ ᠰᠠᠨᠠᠯ ᠲᠤᠷᠠᠳᠤᠯᠭ᠎ᠠ᠎ᠶ᠋ᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ ᠤ᠋ᠨ ᠰᠠᠨᠠᠯ ᠲᠤᠷᠠᠳᠤᠯᠭ᠎ᠠ᠎ᠶ᠋ᠢ ᠬᠢᠨᠠᠨ ᠪᠠᠢᠴᠠᠭᠠᠬᠤ ᠵᠦᠪᠯᠡᠯ ᠤ᠋ᠨ ᠮᠡᠳᠡᠭᠦᠯᠦᠯᠲᠡ (ᠲᠥᠰᠦᠯ )᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ ᠤ᠋ᠨ ᠤᠯᠤᠰ ᠲᠥᠷᠥ᠎ᠶ᠋ᠢᠨ ᠱᠢᠶ᠋ᠳᠪᠦᠷᠢ (ᠲᠥᠰᠦᠯ) ᠵᠢ ᠬᠢᠨᠠᠨ ᠵᠦᠪᠯᠡᠪᠡ᠃ ᠬᠤᠷᠠᠯ᠎ᠡᠴᠡ ᠳᠡᠭᠡᠷ᠎ᠡ ᠳᠤᠷᠠᠳᠤᠭ᠍ᠰᠠᠨ ᠲᠥᠰᠦᠯ ᠪᠣᠯᠤᠨ ᠨᠡᠷᠡᠰ᠎ᠢ ᠪᠦᠬᠦ᠌ ᠭᠡᠱᠢᠭᠦᠳ᠎ᠲᠦ ᠳᠡᠪᠱᠢᠭᠦᠯᠦᠨ ᠶᠠᠷᠢᠯᠴᠠᠭᠤᠯᠵᠤ ᠵᠥᠪᠯᠡᠭᠦᠯᠬᠦ᠌᠎ᠪᠡᠷ ᠲᠣᠭ᠍ᠲᠠᠪᠠ᠃
ᠨᠠᠮ᠎ᠤᠨ ᠲᠥᠪ ᠬᠣᠷᠢᠢ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ᠂ ᠲᠥᠪ᠎ᠦᠨ ᠨᠢᠭᠡᠳᠦᠮᠡᠯ ᠹᠷᠣᠨᠲ ᠤ᠋ᠨ ᠬᠡᠯᠲᠡᠰ᠎ᠦᠨ ᠳᠠᠷᠤᠭ᠎ᠠ ᠱ᠌ᠢ᠎ᠲᠡᠶ ᠹᠸᠩ ᠨᠠᠷ ᠬᠣᠯᠪᠣᠭ᠍ᠳᠠᠯ ᠪᠦᠬᠦᠢ ᠵᠥᠪᠯᠡᠬᠦ᠌ ᠵᠦᠢᠯ᠎ᠦᠨ ᠲᠤᠬᠠᠢ ᠲᠣᠳᠣᠷᠬᠠᠢᠯᠠᠯᠲᠠ ᠬᠢᠪᠡ᠃
ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠬᠤ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠸ᠋ ᠴᠢᠶᠠᠩ᠂ ᠫᠠᠪᠠᠯᠠ ·ᠭᠧᠯᠢᠭ᠌ᠨᠡᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠤ᠌ ᠬᠣᠶ᠂ ᠱᠤᠤ ᠬᠣᠩ᠂ ᠭᠤᠤ ᠶᠦᠨ ᠯᠦᠩ ᠬᠤᠷᠠᠯ᠎ᠳᠤ ᠣᠷᠣᠯᠴᠠᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃