2023-03-09 10:49:33
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ 8 ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠤᠳᠠᠭ᠎ᠠ᠎ᠶ᠋ᠢᠨ ᠬᠤᠷᠠᠯ ᠬᠢᠪᠡ᠃ ᠬᠤᠷᠠᠯ᠎ᠡᠴᠡ ᠪᠠᠲᠤᠯᠠᠬᠤ ᠪᠡᠷ ᠲᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ ᠲᠥᠯᠥᠪᠯᠡᠭᠡ᠎ᠶ᠋ᠢᠨ ᠮᠡᠳᠡᠭᠦᠯᠦᠯᠲᠡ᠂ ᠲᠥᠰᠦᠪ᠎ᠦᠨ ᠮᠡᠳᠡᠭᠦᠯᠦᠯᠲᠡ᠎ᠶ᠋ᠢᠨ ᠲᠤᠬᠠᠢ ᠱᠢᠢᠳᠪᠦᠷᠢ᠎ᠶ᠋ᠢᠨ ᠲᠥᠰᠦᠯ ᠪᠣᠯᠤᠨ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠤᠨ ᠲᠥᠰᠦᠯ ᠵᠡᠷᠭᠡ᠎ᠶ᠋ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ ᠬᠤᠷᠠᠯ᠎ᠢ ᠡᠷᠬᠢᠯᠡᠪᠡ᠃ ᠬᠤᠷᠠᠯ᠎ᠳᠤ ᠣᠷᠣᠯᠴᠠᠬᠤ ᠶᠣᠰᠣᠲᠠᠢ ᠬᠦᠮᠦᠨ 192 ᠪᠠᠢᠵᠦ᠂ 191 ᠬᠥᠮᠦᠨ ᠣᠷᠣᠯᠴᠠᠵᠤ᠂ 1 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃
3 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ ᠪᠣᠯᠤᠨ 6᠎ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠲᠥᠯᠥᠭᠡᠯᠡᠭ᠌ᠴᠢᠳ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠲᠠᠪᠤᠨ ᠵᠢᠯ᠎ᠦᠨ ᠲᠤᠷᠱᠢᠬᠢ ᠠᠵᠢᠯ᠎ᠢ ᠭᠦᠢᠴᠡᠳ ᠨᠤᠲᠠᠯᠠᠵᠤ᠂ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠲᠤᠬᠠᠢ ᠰᠠᠨᠠᠭᠤᠯᠭ᠎ᠠ᠎ᠶ᠋ᠢ ᠨᠡᠢᠳᠡᠮ ᠵᠥᠪᠱᠢᠶᠡᠷᠡᠪᠠ᠃ ᠬᠢᠨᠠᠨ ᠵᠥᠪᠯᠡᠬᠦ᠌ ᠳᠤᠮᠳᠠ᠂ ᠲᠥᠯᠥᠭᠡᠯᠡᠭ᠌ᠴᠢᠳ ᠪᠠᠰᠠ ᠵᠠᠷᠢᠮ ᠰᠠᠨᠠᠯ ᠰᠠᠨᠠᠭᠤᠯᠭ᠎ᠠ ᠳᠤᠷᠠᠳᠴᠠᠢ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠲᠥᠯᠥᠭᠡᠯᠡᠭ᠌ᠴᠢᠳ᠎ᠦᠨ ᠬᠢᠨᠠᠨ ᠵᠦᠪᠯᠡᠭᠰᠡᠨ ᠰᠠᠨᠠᠯ ᠪᠠ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ᠎ᠦ ᠰᠠᠨᠠᠯ᠎ᠢ ᠦᠨᠳᠦᠰᠦᠯᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠬᠢᠨᠠᠮᠠᠭᠠᠢ ᠵᠠᠰᠠᠪᠤᠷᠢ ᠣᠷᠣᠭᠤᠯᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ ᠪᠣᠯᠤᠨ ᠮᠡᠳᠡᠭᠦᠯᠦᠯᠲᠡ᠎ᠳᠦ ᠵᠠᠰᠠᠪᠤᠷᠢ ᠣᠷᠣᠭᠤᠯᠤᠭ᠍ᠰᠠᠨ ᠪᠠᠢᠳᠠᠯ᠎ᠢ ᠦᠨᠳᠦᠰᠦᠯᠡᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠵᠥᠪᠱᠢᠶᠡᠷᠡᠬᠦ᠌᠎ᠶ᠋ᠢ ᠰᠠᠨᠠᠭᠤᠯᠤᠭ᠍ᠰᠠᠨ ᠪᠥᠭᠡᠳ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠱᠢᠢᠳᠪᠦᠷᠢ᠎ᠶ᠋ᠢᠨ ᠲᠥᠰᠦᠯ᠎ᠢ ᠲᠤᠭᠤᠷᠪᠢᠪᠠ᠃ ᠬᠤᠷᠠᠯ᠎ᠡᠴᠡ ᠪᠠᠲᠤᠯᠠᠬᠤ ᠪᠡᠷ ᠲᠠᠮᠵᠢᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠱᠢᠢᠳᠪᠦᠷᠢ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠵᠥᠩ ᠱᠠᠨ ᠬᠤᠷᠠᠯ ᠲᠡᠬᠡᠷ᠎ᠡ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ ᠬᠢᠪᠠ᠃ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠦᠵᠡᠬᠦ᠌᠎ᠪᠡᠷ᠂ 2022 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭᠵᠢᠬᠦᠯᠦᠭᠰᠡᠨ ᠪᠠᠢᠳᠠᠯ ᠶᠡᠷᠦᠩᠬᠡᠢ᠎ᠳᠡᠭᠡᠨ ᠰᠠᠢ᠌ᠨ ᠪᠠᠢᠵᠤ᠂ ᠣᠨ᠎ᠤ ᠲᠥᠯᠥᠪᠯᠡᠭᠡ᠎ᠶ᠋ᠢᠨ ᠭᠣᠣᠯ ᠵᠢᠱ᠌ᠢᠭ᠌ᠰᠡᠨ ᠬᠠᠷᠠᠯᠲᠠ᠎ᠶ᠋ᠢᠨ ᠶᠡᠬᠡᠩᠬᠢ᠎ᠶ᠋ᠢ ᠨᠢ ᠪᠡᠶᠡᠯᠡᠭᠦᠯᠵᠦ᠍᠂ ᠭᠣᠣᠯ ᠡᠭᠦᠷᠭᠡ ᠶᠡᠷᠦᠩᠬᠡᠢ᠎ᠳᠡᠭᠡᠨ ᠤᠷᠤᠭ᠍ᠰᠢᠲᠠᠢ ᠶᠠᠪᠤᠭ᠍ᠳᠠᠵᠠᠢ᠃ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠳᠤᠷᠠᠳᠤᠭ᠍ᠰᠠᠨ 2023 ᠣᠨ᠎ᠤ ᠲᠥᠯᠥᠪᠯᠡᠭᠡ᠎ᠶ᠋ᠢᠨ ᠮᠡᠳᠡᠭᠦᠯᠦᠯᠲᠡ ᠪᠣᠯᠤᠨ ᠲᠥᠯᠥᠪᠯᠡᠭᠡ᠎ᠶ᠋ᠢᠨ ᠲᠥᠰᠦᠯ ᠶᠡᠷᠦᠩᠬᠡᠢ᠎ᠳᠡᠭᠡᠨ ᠬᠡᠷᠡᠭ᠌ᠵᠢᠭᠦᠯᠦᠭᠦᠱᠢᠲᠡᠢ ᠪᠠᠢᠨ᠎ᠠ᠃ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠳᠤᠷᠠᠳᠤᠭ᠍ᠰᠠᠨ 《2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭᠵᠢᠬᠦᠯᠦᠭᠰᠡᠨ ᠪᠠᠢᠳᠠᠯ ᠬᠢᠭᠡᠳ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠲᠤᠬᠠᠶ ᠮᠡᠳᠡᠭᠦᠯᠦᠯᠲᠡ》 ᠵᠢ ᠵᠥᠪᠱᠢᠶᠡᠷᠡᠵᠦ᠍᠂ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠵᠥᠪᠱᠢᠶᠡᠷᠡᠬᠦ᠌᠎ᠶ᠋ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠳᠤ ᠰᠠᠨᠠᠭᠤᠯᠪᠠ᠃
ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠱ᠌ᠢ ᠶᠣᠣ ᠪᠢᠨ ᠬᠤᠷᠠᠯ ᠲᠡᠬᠡᠷ᠎ᠡ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ 2022 ᠣᠨ᠎ᠤ ᠲᠥᠪ ᠤᠨ ᠪᠠ ᠣᠷᠣᠨ ᠨᠤᠲᠤᠭ᠎ᠤᠨ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠵᠢᠴᠢ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ ᠬᠢᠪᠠ᠃ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠦᠵᠡᠬᠦ᠌᠎ᠪᠡᠷ᠂ 2022 ᠣᠨ᠎ᠤ ᠲᠥᠪ ᠤᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠶᠡᠷᠦᠩᠬᠡᠢ᠎ᠳᠡᠭᠡᠨ ᠰᠠᠢ᠌ᠨ ᠪᠠᠢᠨ᠎ᠠ᠃ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠳᠤᠷᠠᠳᠤᠭ᠍ᠰᠠᠨ 2023 ᠣᠨ᠎ᠤ ᠲᠥᠰᠦᠪ᠎ᠦᠨ ᠮᠡᠳᠡᠭᠦᠯᠦᠯᠲᠡ᠎ᠳᠦ ᠲᠥᠪ ᠤᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ ᠶᠡᠷᠦᠩᠬᠡᠢ᠎ᠳᠡᠭᠡᠨ ᠬᠡᠷᠡᠭ᠌ᠵᠢᠭᠦᠯᠦᠬᠦᠰᠢᠲᠡᠢ ᠪᠠᠢᠨ᠎ᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠡᠴᠡ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠳᠤᠷᠠᠳᠤᠭ᠍ᠰᠠᠨ 《2022 ᠣᠨ᠎ᠤ ᠲᠥᠪ ᠤᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2023 ᠣᠨ᠎ᠤ ᠲᠥᠪ ᠤᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠲᠤᠬᠠᠢ ᠮᠡᠳᠡᠭᠦᠯᠦᠯᠲᠡ》 ᠶ᠋ᠢ ᠵᠥᠪᠱᠢᠶᠡᠷᠡᠵᠦ᠍᠂ 2023 ᠣᠨ᠎ᠤ ᠲᠥᠪ᠎ᠦᠨ ᠲᠥᠰᠦᠪ᠎ᠦᠨ ᠲᠥᠰᠦᠯ᠎ᠢ ᠵᠥᠪᠱᠢᠶᠡᠷᠡᠬᠦ᠌᠎ᠶ᠋ᠢᠨ ᠬᠠᠮᠲᠤ 2023 ᠣᠨ᠎ᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠡᠩ᠎ᠦᠨ ᠦᠷᠢ ᠥᠭ᠌ᠴᠡᠭᠡᠨ᠎ᠦ ᠬᠢᠵᠠᠭᠠᠷ ᠲᠣᠭ᠎ᠠ ᠵᠢ165489.22 ᠳ᠋ᠦᠩᠱᠢᠭᠤᠷ ᠲᠥᠭᠥᠷᠢᠭ᠂ ᠲᠤᠰᠭᠠᠢ ᠲᠦᠷᠦᠯ᠎ᠦᠨ ᠦᠷᠢ ᠥᠭ᠌ᠴᠡᠭᠡᠨ᠎ᠦ ᠬᠢᠵᠠᠭᠠᠷ ᠲᠣᠭ᠎ᠠ ᠵᠢ 256185.08 ᠳ᠋ᠦᠩᠱᠢᠭᠤᠷ ᠲᠥᠭᠥᠷᠢᠭ ᠪᠠᠢᠯᠭᠠᠬᠤ ᠵᠢ ᠵᠥᠪᠱᠢᠶᠡᠷᠡᠬᠦ᠌᠎ᠶ᠋ᠢ ᠰᠠᠨᠠᠭᠤᠯᠪᠠ᠃
ᠬᠤᠷᠠᠯ᠎ᠡᠴᠡ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠬᠢᠨᠠᠨ ᠪᠠᠢᠴᠠᠭᠠᠭ᠍ᠰᠠᠨ ᠬᠣᠶᠠᠷ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠪᠠᠲᠤᠯᠠᠪᠠ᠃
3 ᠰᠠᠷ᠎ᠠ᠎ᠶ᠋ᠢᠨ 6 ᠤ᠋ ᠦᠳᠡ᠎ᠶ᠋ᠢᠨ ᠬᠣᠢᠨ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠲᠥᠯᠥᠪᠯᠡᠭᠡ᠎ᠶ᠋ᠢᠨ ᠮᠡᠳᠡᠭᠦᠯᠦᠯᠲᠡ ᠪᠣᠯᠤᠨ ᠲᠥᠯᠥᠪᠯᠡᠭᠡ᠎ᠶ᠋ᠢᠨ ᠲᠥᠰᠦᠯ᠂ ᠲᠥᠰᠦᠪ᠎ᠦᠨ ᠮᠡᠳᠡᠭᠦᠯᠦᠯᠲᠡ ᠪᠣᠯᠤᠨ ᠲᠥᠰᠦᠪ᠎ᠦᠨ ᠲᠥᠰᠦᠯ᠎ᠢ ᠨᠠᠷᠢᠨ ᠬᠢᠨᠠᠮᠠᠭᠠᠢ ᠬᠢᠨᠠᠨ ᠪᠠᠢᠴᠠᠭᠠᠪᠠ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠲᠥᠯᠥᠭᠡᠯᠡᠭ᠌ᠴᠢᠳ᠎ᠦᠨ ᠬᠢᠨᠠᠨ ᠪᠠᠢᠴᠠᠭᠠᠭ᠍ᠰᠠᠨ ᠰᠠᠨᠠᠯ᠎ᠢ ᠦᠨᠳᠦᠰᠦᠯᠡᠵᠦ᠍᠂ ᠬᠣᠶᠠᠷ ᠮᠡᠳᠡᠭᠦᠯᠦᠯᠲᠡ᠎ᠳᠦ ᠲᠤᠰ ᠲᠤᠰ ᠨᠠᠷᠢᠨ ᠬᠢᠨᠠᠮᠠᠭᠠᠢ ᠵᠠᠰᠠᠪᠤᠷᠢ ᠣᠷᠣᠭᠤᠯᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠪᠠᠢᠴᠠᠭᠠᠭ᠍ᠰᠠᠨ ᠰᠠᠨᠠᠯ᠂ ᠮᠡᠳᠡᠭᠦᠯᠦᠯᠲᠡ᠎ᠳᠦ ᠵᠠᠰᠠᠪᠤᠷᠢ ᠣᠷᠣᠭᠤᠯᠤᠭ᠍ᠰᠠᠨ ᠪᠠᠢᠳᠠᠯ ᠪᠣᠯᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠦᠨᠳᠦᠰᠦᠯᠡᠵᠦ᠍᠂ ᠲᠥᠯᠥᠪᠯᠡᠭᠡ᠎ᠶ᠋ᠢᠨ ᠮᠡᠳᠡᠭᠦᠯᠦᠯᠲᠡ ᠪᠣᠯᠤᠨ ᠲᠥᠯᠥᠪᠯᠡᠭᠡ᠎ᠶ᠋ᠢᠨ ᠲᠥᠰᠦᠯ᠂ ᠲᠥᠰᠦᠪ᠎ᠦᠨ ᠮᠡᠳᠡᠭᠦᠯᠦᠯᠲᠡ ᠪᠣᠯᠤᠨ ᠲᠥᠪ᠎ᠦᠨ ᠲᠥᠰᠦᠪ᠎ᠦᠨ ᠲᠥᠰᠦᠯ᠎ᠢ ᠵᠥᠪᠱᠢᠶᠡᠷᠡᠬᠦ᠌᠎ᠶ᠋ᠢ ᠰᠠᠨᠠᠭᠤᠯᠤᠭ᠍ᠰᠠᠨ ᠪᠥᠭᠡᠳ ᠲᠥᠯᠥᠪᠯᠡᠭᠡ᠎ᠶ᠋ᠢᠨ ᠮᠡᠳᠡᠭᠦᠯᠦᠯᠲᠡ ᠪᠣᠯᠤᠨ ᠲᠥᠯᠥᠪᠯᠡᠭᠡ᠂ ᠲᠥᠰᠦᠪ᠎ᠦᠨ ᠮᠡᠳᠡᠭᠦᠯᠦᠯᠲᠡ ᠪᠣᠯᠤᠨ ᠲᠥᠰᠦᠪ᠎ᠦᠨ ᠲᠤᠬᠠᠶ ᠬᠣᠶᠠᠷ ᠱᠢᠶ᠋ᠳᠪᠦᠷᠢ᠎ᠶ᠋ᠢᠨ ᠲᠥᠰᠦᠯ᠎ᠢ ᠲᠤᠭᠤᠷᠪᠢᠪᠠ᠃ ᠬᠤᠷᠠᠯ᠎ᠡᠴᠡ ᠪᠠᠲᠤᠯᠠᠬᠤ ᠪᠡᠷ ᠲᠠᠮᠵᠢᠨ᠂ 2022 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2023 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠬᠠᠢ ᠱᠢᠢᠳᠪᠦᠷᠢ᠎ᠶ᠋ᠢᠨ ᠲᠥᠰᠦᠯ᠂ 2022 ᠣᠨ᠎ᠤ ᠲᠥᠪ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2023 ᠣᠨ᠎ᠤ ᠲᠥᠪ ᠪᠠ ᠣᠷᠣᠨ ᠨᠤᠲᠤᠭ᠎ᠤᠨ ᠲᠥᠰᠦᠪ᠎ᠦᠨ ᠲᠤᠬᠠᠢ ᠱᠢᠢᠳᠪᠦᠷᠢ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
3 ᠰᠠᠷ᠎ᠠ᠎ᠶ᠋ᠢᠨ 7 ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ᠎ᠢ ᠦᠨᠳᠦᠰᠦᠯᠡᠨ᠂ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠬᠢᠨᠠᠨ ᠵᠥᠪᠯᠡᠵᠦ᠍᠂ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠤᠨ ᠲᠥᠰᠦᠯ᠎ᠢ ᠳᠤᠷᠠᠳᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠡᠴᠡ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠱᠢᠨ ᠴᠦᠨ ᠶᠢᠩ᠎ᠦᠨ ᠬᠢᠭ᠌ᠰᠡᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠲᠤᠬᠠᠢ ᠮᠡᠳᠡᠭᠦᠯᠦᠯᠲᠡ᠎ᠶ᠋ᠢ ᠰᠣᠨᠣᠰᠪᠠ᠃ ᠬᠤᠷᠠᠯ᠎ᠡᠴᠡ ᠪᠠᠲᠤᠯᠠᠬᠤ ᠪᠡᠷ ᠲᠠᠮᠵᠢᠨ᠂ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠤᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
ᠬᠤᠷᠠᠯ᠎ᠡᠴᠡ ᠪᠠᠲᠤᠯᠠᠬᠤ ᠪᠡᠷ ᠲᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠰᠣᠩᠭᠣᠭᠤᠯᠢ ᠬᠢᠬᠦ᠌ ᠪᠠ ᠲᠤᠱᠢᠶᠠᠯ᠎ᠳᠤ ᠲᠣᠮᠢᠯᠠᠬᠤ᠎ᠪᠠᠷ ᠲᠣᠭ᠍ᠲᠠᠭᠠᠬᠤ ᠠᠷᠭ᠎ᠠ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠭᠠᠨ ᠵᠢᠶ᠍ᠸ᠂ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ ᠬᠤᠷᠠᠯ᠎ᠳᠤ ᠣᠷᠣᠯᠴᠠᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃