2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-10 10:13:31

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠵᠤᠤ ᠯᠸ ᠵᠶ᠋ᠢ ᠬᠤᠷᠠᠯ᠎ᠢ ᠡᠷᠬᠢᠯᠡᠵᠠᠢ

ᠠᠷᠪᠠᠨ ᠳᠥᠷᠪᠡᠳᠦᠭᠡᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠤ᠋ᠨ ᠲᠡᠷᠢᠭᠦᠯᠡᠭ᠌ᠴᠢᠳ ᠤ᠋ᠨ ᠪᠦᠯᠬᠦᠮ ᠤ᠋ᠨ ᠪᠠᠢᠩᠭᠤ ᠵᠢᠨ ᠲᠡᠷᠢᠭᠦᠯᠡᠭ᠌ᠴᠢᠳ ᠤ᠋ᠨ ᠭᠤᠷᠪᠠᠳᠤᠭᠠᠷ ᠤᠳᠠᠭ᠎ᠠ᠎ᠵᠢᠨ ᠬᠤᠷᠠᠯ 9 ᠤ᠋ ᠦᠳᠡ ᠵᠢᠨ ᠡᠮᠦᠨ᠎ᠡ ᠪᠡᠭᠡᠵᠢᠩ ᠤ᠋ᠨ ᠠᠷᠠᠳ ᠤ᠋ᠨ ᠶᠡᠬᠡ ᠬᠤᠷᠠᠯ ᠤ᠋ᠨ ᠲᠠᠩᠬᠢᠮ ᠳ᠋ᠦ᠍ ᠬᠤᠷᠠᠯᠳᠤᠪᠠ᠃ ᠶᠡᠬᠡ ᠬᠤᠷᠠᠯ ᠤ᠋ᠨ ᠲᠡᠷᠢᠭᠦᠯᠡᠭ᠌ᠴᠢᠳ ᠤ᠋ᠨ ᠪᠦᠯᠬᠦᠮ ᠤ᠋ᠨ ᠪᠠᠢᠩᠭᠤ ᠵᠢᠨ ᠲᠡᠷᠢᠭᠦᠯᠡᠭ᠌ᠴᠢ ᠵᠤᠤ ᠯᠸ ᠵᠶ᠋ᠢ ᠬᠤᠷᠠᠯ ᠢ᠋ ᠡᠷᠬᠢᠯᠡᠵᠠᠢ᠃

ᠬᠤᠷᠠᠯ᠎ᠠᠴᠠ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠵᠢᠨ ᠵᠥᠪᠯᠡᠯ ᠤ᠋ᠨ ᠡᠷᠬᠢᠯᠡᠭ᠌ᠴᠢ ᠭᠡᠱᠢᠭᠦᠨ ᠱᠢᠨ ᠴᠦᠨ ᠶᠢᠩ ᠤ᠋ᠨ ᠬᠢᠭ᠌ᠰᠡᠨ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠵᠢᠨ ᠵᠦᠪᠯᠡᠯ᠎ᠤᠨ ᠬᠠᠤᠯᠢ ᠲᠣᠭ᠍ᠲᠠᠭᠠᠬᠤ ᠬᠠᠤᠯᠢ ᠳ᠋ᠦ᠍ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ ᠤ᠋ᠨ ᠲᠥᠰᠦᠯ᠎ᠳᠦ ᠵᠠᠰᠠᠪᠤᠷᠢ ᠣᠷᠣᠭᠤᠯᠬᠤ ᠰᠠᠨᠠᠯ ᠤ᠋ᠨ ᠲᠤᠬᠠᠢ ᠮᠡᠳᠡᠭᠦᠯᠦᠯᠲᠡ ᠵᠢ ᠰᠣᠨᠣᠰᠴᠤ᠌ ᠂ ᠬᠠᠤᠯᠢ ᠲᠣᠭ᠍ᠲᠠᠭᠠᠬᠤ ᠬᠠᠤᠯᠢ ᠳ᠋ᠦ᠍ ᠵᠠᠰᠠᠪᠤᠷᠢ ᠣᠷᠣᠭᠤᠯᠬᠤ ᠲᠣᠭ᠍ᠲᠠᠭᠠᠯ ᠤ᠋ᠨ ᠲᠥᠰᠦᠯ ᠤ᠋ᠨ ᠪᠠᠲᠤᠯᠠᠭᠤᠯᠬᠤ ᠨᠤᠤᠷᠠᠭ ᠢ᠋ ᠬᠢᠨᠠᠨ ᠵᠥᠪᠯᠡᠪᠡ᠃

ᠬᠤᠷᠠᠯ᠎ᠠᠴᠠ ᠶᠡᠬᠡ ᠬᠤᠷᠠᠯ ᠤ᠋ᠨ ᠳᠡᠳ᠋ ᠨᠠᠷᠢᠨ ᠪᠢᠴᠢᠭ ᠤ᠋ᠨ ᠳᠠᠷᠤᠭ᠎ᠠ ᠯᠢᠦ ᠵᠢᠶᠦ᠋ᠨ ᠴᠧᠨ᠎ᠦ ᠬᠢᠭ᠌ᠰᠡᠨ ᠶᠡᠬᠡ ᠬᠤᠷᠠᠯ ᠤ᠋ᠨ ᠨᠠᠷᠢᠨ ᠪᠢᠴᠢᠭ ᠤ᠋ᠨ ᠭᠠᠵᠠᠷ ᠤ᠋ᠨ ᠲᠦᠷᠦ᠍ ᠵᠢᠨ ᠶᠠᠪᠤᠳᠠᠯ ᠤ᠋ᠨ ᠬᠣᠷᠢᠶ᠎ᠠ ᠵᠢᠨ ᠪᠠᠢᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ ᠢ᠋ ᠬᠢᠨᠠᠨ ᠵᠥᠪᠯᠡᠭ᠌ᠰᠡᠨ ᠪᠠᠢᠳᠠᠯ ᠵᠢᠴᠢ ᠲᠦᠷᠦ᠍ ᠵᠢᠨ ᠶᠠᠪᠤᠳᠠᠯ ᠤ᠋ᠨ ᠬᠣᠷᠢᠶ᠎ᠠ ᠵᠢᠨ ᠪᠠᠢᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ ᠤ᠋ᠨ ᠲᠤᠬᠠᠢ ᠲᠣᠭ᠍ᠲᠠᠭᠠᠯ ᠤ᠋ᠨ ᠲᠥᠰᠦᠯ ᠤ᠋ᠨ ᠣᠷᠣᠯᠠᠨ ᠨᠤᠤᠷᠠᠭ᠍ᠯᠠᠭ᠍ᠰᠠᠨ ᠨᠤᠤᠷᠠᠭ ᠤ᠋ᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠪᠠ᠃

ᠬᠤᠷᠠᠯ᠎ᠠᠴᠠ ᠯᠢᠦ ᠵᠢᠶᠦ᠋ᠨ ᠴᠧᠨ᠎ᠦ ᠬᠢᠭ᠌ᠰᠡᠨ ᠶᠡᠬᠡ ᠬᠤᠷᠠᠯ ᠤ᠋ᠨ ᠨᠠᠷᠢᠨ ᠪᠢᠴᠢᠭ ᠤ᠋ᠨ ᠭᠠᠵᠠᠷ ᠤ᠋ᠨ ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠤ᠋ᠨ ᠰᠣᠩᠭᠣᠭᠤᠯᠢ ᠬᠢᠬᠦ᠌ ᠪᠠ ᠲᠤᠱᠢᠶᠠᠯ ᠳ᠋ᠦ᠍ ᠲᠣᠮᠢᠯᠠᠬᠤ᠎ᠪᠠᠷ ᠲᠣᠭ᠍ᠲᠠᠭᠠᠬᠤ ᠠᠷᠭ᠎ᠠ ᠵᠢᠨ ᠲᠥᠰᠦᠯ ᠢ᠋ ᠬᠢᠨᠠᠨ ᠵᠥᠪᠯᠡᠭ᠌ᠰᠡᠨ ᠪᠠᠢᠳᠠᠯ ᠤ᠋ᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠪᠠ᠃

ᠬᠤᠷᠠᠯ᠎ᠠᠴᠠ ᠯᠢᠦ ᠵᠢᠶᠦ᠋ᠨ ᠴᠧᠨ᠎ᠦ ᠬᠢᠭ᠌ᠰᠡᠨ ᠶᠡᠬᠡ ᠬᠤᠷᠠᠯ ᠤ᠋ᠨ ᠨᠠᠷᠢᠨ ᠪᠢᠴᠢᠭ ᠤ᠋ᠨ ᠭᠠᠵᠠᠷ ᠤ᠋ᠨ ᠡᠯ᠎ᠡ ᠲᠥᠯᠥᠭᠡᠯᠡᠭ᠌ᠴᠢᠳ ᠤ᠋ᠨ ᠪᠦᠯᠬᠦᠮ ᠤ᠋ᠨ ᠪᠢᠯᠧᠲ ᠬᠢᠨᠠᠭ᠍ᠴᠢ ᠵᠢ ᠲᠠᠪᠰᠢᠬᠦᠯᠦᠨ ᠰᠤᠨᠭᠭᠤᠭᠰᠠᠨ ᠪᠠᠢᠳᠠᠯ ᠤ᠋ᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠌᠂ ᠶᠡᠷᠦᠩᠬᠡᠢ ᠪᠢᠯᠧᠲ ᠬᠢᠨᠠᠭ᠍ᠴᠢ ᠵᠢᠨ ᠰᠠᠨᠠᠭᠤᠯᠭ᠎ᠠ ᠵᠢᠨ ᠵᠢᠱ᠌ᠢᠭ᠌ᠳᠡᠭ᠌ᠴᠢ ᠵᠢ ᠲᠤᠷᠠᠳᠪᠠ᠃

ᠬᠤᠷᠠᠯ᠎ᠠᠴᠠ ᠯᠢᠦ ᠵᠢᠶᠦ᠋ᠨ ᠴᠧᠨ᠎ᠦ ᠬᠢᠭ᠌ᠰᠡᠨ ᠶᠡᠬᠡ ᠬᠤᠷᠠᠯ ᠤ᠋ᠨ ᠨᠠᠷᠢᠨ ᠪᠢᠴᠢᠭ ᠤ᠋ᠨ ᠭᠠᠵᠠᠷ ᠤ᠋ᠨ ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠤ᠋ᠨ ᠲᠡᠷᠢᠭᠦᠯᠡᠭ᠌ᠴᠢᠳ ᠤ᠋ᠨ ᠪᠦᠯᠬᠦᠮ ᠤ᠋ᠨ ᠦᠨᠳᠦᠰᠦᠨ ᠬᠠᠤᠯᠢ ᠳ᠋ᠦ᠍ ᠲᠠᠩᠭᠠᠷᠢᠭ᠍ᠯᠠᠬᠤ ᠵᠢ ᠵᠣᠬᠢᠶᠠᠨ ᠪᠠᠢᠭᠤᠯᠬᠤ ᠠᠷᠭ᠎ᠠ ᠵᠢᠨ ᠲᠥᠰᠦᠯ ᠎ᠢ ᠣᠷᠣᠯᠠᠨ ᠨᠤᠤᠷᠠᠭ᠍ᠯᠠᠭ᠍ᠰᠠᠨ ᠨᠤᠤᠷᠠᠭ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠪᠠ᠃

ᠬᠤᠷᠠᠯ᠎ᠠᠴᠠ ᠬᠣᠯᠪᠣᠭ᠍ᠳᠠᠯ ᠪᠦᠬᠦᠢ ᠮᠡᠳᠡᠭᠦᠯᠦᠯᠲᠡ᠂ ᠲᠥᠰᠦᠯ ᠵᠡᠷᠭᠡ ᠵᠢ ᠶᠡᠬᠡ ᠬᠤᠷᠠᠯ ᠤ᠋ᠨ ᠲᠡᠷᠢᠭᠦᠯᠡᠭ᠌ᠴᠢᠳ ᠤ᠋ᠨ ᠪᠦᠯᠬᠦᠮ ᠤ᠋ᠨ ᠬᠤᠷᠠᠯ ᠳ᠋ᠦ᠍ ᠳᠡᠪᠱᠢᠭᠦᠯᠵᠦ᠍ ᠬᠢᠨᠠᠨ ᠵᠥᠪᠯᠡᠭᠦᠯᠬᠦ᠌ ᠵᠢ ᠵᠥᠪᠱᠢᠶᠡᠷᠡᠪᠡ᠃

ᠶᠡᠬᠡ ᠬᠤᠷᠠᠯ ᠤ᠋ᠨ ᠲᠡᠷᠢᠭᠦᠯᠡᠭ᠌ᠴᠢᠳ ᠤ᠋ᠨ ᠪᠦᠯᠬᠦᠮ ᠤ᠋ᠨ ᠪᠠᠢᠩᠭᠤ ᠵᠢᠨ ᠲᠡᠷᠢᠭᠦᠯᠡᠭ᠌ᠴᠢ ᠯᠢ ᠭᠠᠨ ᠵᠢᠶᠧ᠂ ᠯᠢ ᠬᠣᠩ ᠵᠥᠩ᠂ ᠸᠠᠩ ᠳ᠋ᠦᠩ ᠮᠢᠩ᠂ ᠱᠢᠶᠤᠤ ᠵᠢᠶᠧ᠂ ᠵᠧᠩ ᠵᠢᠶᠠᠨ ᠪᠠᠩ᠂ ᠳ᠋ᠢᠩ ᠵᠥᠩ ᠯᠢ᠂ ᠬᠤᠤ ᠮᠢᠩ ᠵᠢᠨ ᠂ ᠼᠠᠢ ᠳ᠋ᠠ ᠹᠸᠩ᠂ ᠾᠧ ᠸᠧᠶ᠂ ᠦ᠋ ᠸᠧᠶ ᠬᠤᠸᠠ ᠬᠤᠷᠠᠯ ᠳ᠋ᠦ᠍ ᠣᠷᠣᠯᠴᠠᠪᠠ᠃

(ᠱᠢᠨᠬᠤᠸᠠ ᠬᠣᠷᠢᠶ᠎ᠠ᠎ᠵᠢᠨ ᠪᠡᠭᠡᠵᠢᠩ ᠤ᠋ᠨ 3 ᠰᠠᠷ᠎ᠠ ᠵᠢᠨ 9 ᠤ᠋ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面