2023-03-10 09:19:34
ᠵᠠᠩ ᠶᠠᠨ ᠺᠦᠨ ᠣᠷᠣᠯᠴᠠᠵᠠᠢ
3 ᠰᠠᠷ᠎ᠠ ᠵᠢᠨ 8 ᠤ᠋ ᠦᠳᠡ ᠵᠢᠨ ᠬᠣᠢᠨ᠎ᠠ᠂ ᠪᠦᠬᠦ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠬᠤᠷᠢᠶ᠎ᠠ ᠵᠢᠨ ᠠᠩᠬᠠᠳᠤᠭᠠᠷ ᠬᠤᠷᠠᠯ ᠳ᠋ᠤ᠌ ᠣᠷᠣᠯᠴᠠᠵᠤ ᠪᠠᠢᠭ᠎ᠠ ᠥᠪᠥᠷ ᠮᠣᠩᠭᠣᠯ ᠳ᠋ᠤ᠌ ᠰᠠᠭᠤᠭ᠎ᠠ ᠪᠦᠬᠦ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠰᠢᠭᠦᠳ ᠳᠤᠭᠤᠢᠯᠠᠩ ᠬᠤᠪᠢᠶᠠᠵᠤ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠵᠢᠨ ᠠᠵᠢᠯ ᠤ᠋ᠨ ᠮᠡᠳᠡᠭᠦᠯᠦᠯᠲᠡ ᠪᠣᠯᠤᠨ ᠠᠷᠠᠳ ᠤ᠋ᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ ᠤ᠋ᠨ ᠮᠡᠳᠡᠭᠦᠯᠦᠯᠲᠡ ᠵᠢ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠵᠢᠨ ᠵᠥᠪᠯᠡᠯᠭᠡᠨ ᠤ᠋ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠪᠠᠢᠩᠭᠤ ᠵᠢᠨ ᠭᠡᠰᠢᠭᠦᠨ᠂ ᠨᠢᠭᠡᠳᠦᠮᠡᠯ ᠹᠷᠣᠨᠲ ᠤ᠋ᠨ ᠬᠡᠯᠲᠡᠰ ᠤ᠋ᠨ ᠳᠠᠷᠤᠭ᠎ᠠ ᠬᠦᠤᠳᠠᠭᠤᠯᠠ᠂ ᠥᠪᠡᠷᠲᠡᠭᠡᠨ ᠵᠠᠰᠠᠬᠤ ᠣᠷᠣᠨ ᠤ᠋ ᠳᠡᠳ᠋ ᠲᠡᠷᠢᠭᠦᠯᠡᠭᠴᠢ ᠪᠠᠢ ᠴᠢᠩ ᠶᠤᠸᠠᠨ᠂ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠵᠢᠨ ᠵᠥᠪᠯᠡᠯᠭᠡᠨ ᠤ᠋ ᠳᠡᠳ᠋ ᠲᠡᠷᠢᠭᠦᠯᠡᠭᠴᠢ ᠠᠨ ᠷᠦᠨ ᠱᠧᠩ᠂ ᠰᠦᠨ ᠵᠢᠶᠦ᠋ᠨ ᠴᠢᠩ ᠳᠤᠰ ᠳᠤᠰ ᠦᠪᠡᠷ ᠤ᠋ᠨ ᠪᠠᠢᠭ᠎ᠠ ᠡᠲᠡᠭᠡᠳ ᠢᠯᠭᠠᠯ ᠤ᠋ᠨ ᠳᠤᠭᠤᠢᠯᠠᠩ ᠤ᠋ᠨ ᠶᠠᠷᠢᠯᠴᠠᠬᠤ ᠳ᠋ᠤ᠌ ᠣᠷᠣᠯᠴᠠᠪᠠ᠃
ᠶᠠᠷᠢᠯᠴᠠᠬᠤ ᠳᠤᠮᠳᠠ᠂ ᠭᠡᠰᠢᠭᠦᠳ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠵᠢᠨ ᠠᠵᠢᠯ ᠤ᠋ᠨ ᠮᠡᠳᠡᠭᠦᠯᠦᠯᠲᠡ ᠪᠣᠯᠤᠨ ᠠᠷᠠᠳ ᠤ᠋ᠨ ᠳᠡᠭᠡᠳᠤ ᠪᠠᠢᠴᠠᠭᠠᠬᠤ ᠬᠣᠷᠢᠶ᠎ᠠ ᠵᠢᠨ ᠠᠵᠢᠯ ᠤ᠋ᠨ ᠮᠡᠳᠡᠭᠦᠯᠦᠯᠲᠡ ᠵᠢᠨ ᠪᠦᠬᠦ ᠠᠭᠤᠯᠭ᠎ᠠ ᠳ᠋ᠤ ᠰᠢ ᠵᠢᠨ ᠫᠢᠩ ᠤ᠋ᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠣᠨᠴᠠᠭᠠᠢᠯᠠᠨ ᠰᠢ ᠵᠢᠨ ᠫᠢᠩ ᠤ᠋ᠨ ᠬᠠᠤᠯᠢᠵᠢᠯ ᠤ᠋ᠨ ᠦᠵᠡᠯ ᠰᠠᠨᠠᠭ᠎ᠠ ᠵᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠭᠦᠢᠴᠡᠳ ᠢᠯᠡᠷᠡᠭᠦᠯᠵᠦ᠂ ᠤᠯᠤᠰ ᠤ᠋ᠨ ᠠᠮᠤᠷ ᠲᠦᠪᠰᠢᠨ ᠪᠠ ᠨᠡᠢᠭᠡᠮ ᠤ᠋ᠨ ᠠᠮᠤᠷ ᠲᠣᠭᠲᠠᠭᠤᠨ ᠢ᠋ ᠡᠷᠡᠰ ᠬᠠᠮᠠᠭᠠᠯᠠᠬᠤ᠂ ᠴᠢᠨᠠᠷ ᠰᠠᠢᠲᠠᠢ ᠬᠥᠭᠵᠢᠯᠲᠡ ᠵᠢ ᠪᠠᠲᠤᠯᠠᠬᠤ ᠬᠠᠤᠯᠢ ᠴᠠᠭᠠᠵᠠ ᠵᠢᠨ ᠡᠭᠦᠷᠭᠡᠯᠡᠯ ᠢ᠋ ᠬᠦᠴᠦᠲᠡᠢ ᠢᠯᠡᠷᠡᠭᠦᠯᠵᠦ᠂ ᠨᠡᠢᠭᠡᠮ ᠤ᠋ᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭᠠᠯᠠᠬᠤ ᠥᠷᠲᠡᠭ ᠤ᠋ᠨ ᠬᠥᠭᠡᠭᠡᠴᠡᠯᠳᠦᠯ ᠢ᠋ ᠢᠯᠡᠷᠡᠭᠦᠯᠵᠤ᠂ ᠲᠤᠭ ᠢ᠋ ᠥᠨᠳᠥᠷ ᠮᠠᠨᠳᠤᠭᠤᠯᠵᠤ᠂ ᠬᠥᠭᠵᠢᠯᠲᠡ ᠳ᠋ᠦ᠍ ᠦᠢᠯᠡᠴᠢᠯᠡᠵᠦ᠂ ᠠᠷᠠᠳ ᠤ᠋ᠨ ᠲᠥᠯᠥᠭᠡ ᠬᠠᠤᠯᠢ ᠪᠠᠷᠢᠬᠤ ᠵᠢ ᠦᠢᠯᠡᠳᠦᠯᠭᠡᠵᠢᠭᠦᠯᠵᠦ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠵᠢ ᠡᠭᠦᠳᠦᠭᠰᠡᠨ ᠰᠠᠢᠨ ᠮᠡᠳᠡᠭᠦᠯᠦᠯᠲᠡ ᠪᠣᠯᠵᠠᠢ ᠭᠡᠵᠤ ᠰᠠᠨᠠᠯ ᠨᠢᠭᠡᠲᠡᠢ ᠦᠵᠡᠵᠡᠭᠡᠪᠡ᠃
ᠧ ᠰᠢᠶᠣᠤ ᠮᠧᠢ ᠭᠡᠰᠢᠭᠦᠨ᠂ ᠥᠩᠭᠡᠷᠡᠭᠰᠡᠨ ᠲᠠᠪᠤᠨ ᠵᠢᠯ ᠳ᠋ᠦ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠪᠣᠯᠤᠨ ᠠᠷᠠᠳ ᠤ᠋ᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ ᠨᠤᠳᠠᠯᠠᠭᠤᠰᠢᠳᠠᠢ ᠠᠮᠵᠢᠯᠳᠠ ᠤᠯᠵᠤ᠂ ᠤᠯᠤᠰ ᠤ᠋ᠨ ᠠᠮᠤᠷ ᠲᠦᠪᠰᠢᠨ᠂ ᠨᠡᠢᠭᠡᠮ ᠤ᠋ᠨ ᠲᠣᠭᠲᠠᠭᠤᠨ᠂ ᠠᠷᠠᠳ ᠲᠦᠮᠡᠨ ᠤ᠋ ᠠᠮᠤᠷ ᠠᠮᠤᠭᠤᠯᠠᠩ ᠢ᠋ ᠬᠠᠮᠠᠭᠠᠯᠠᠬᠤ ᠳ᠋ᠤ᠌ ᠴᠢᠬᠤᠯᠠ ᠬᠤᠪᠢ ᠨᠡᠮᠡᠷᠢ ᠦᠵᠡᠭᠦᠯᠵᠡᠢ᠃ ᠡᠭᠦᠨ ᠤ᠋ ᠬᠠᠮᠲᠤ ᠂ ᠮᠡᠳᠡᠭᠦᠯᠦᠯᠳᠡ ᠨᠢ ᠠᠰᠠᠭᠤᠳᠠᠯ ᠪᠣᠯᠤᠨ ᠬᠦᠴᠢᠷᠳᠡᠯ ᠳ᠋ᠦ᠍ ᠰᠢᠭᠤᠳ ᠬᠠᠨᠳᠤᠪᠠ᠂ ᠵᠢᠱ᠌ᠢᠶᠠᠯᠠᠪᠠᠯ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠪᠣᠯᠤᠨ ᠠᠷᠠᠳ ᠤ᠋ᠨ ᠳᠡᠭᠡᠳᠦ ᠪᠠᠢᠴᠠᠭᠠᠬᠤ ᠬᠣᠷᠢᠶ᠎ᠠ ᠳ᠋ᠤ᠌ ᠴᠥᠮ ᠲᠤᠰᠭᠠᠢᠵᠢᠭᠰᠠᠨ ᠴᠢᠳᠠᠪᠤᠷᠢᠲᠠᠨ ᠳᠤᠲᠠᠭᠳᠠᠵᠤ ᠪᠠᠢᠬᠤ ᠠᠰᠠᠭᠤᠳᠠᠯ ᠣᠷᠣᠰᠢᠵᠤ ᠪᠤᠢ ᠬᠡᠪᠡ᠂ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠪᠣᠯᠤᠨ ᠠᠷᠠᠳ ᠤ᠋ᠨ ᠳᠡᠭᠡᠳᠦ ᠪᠠᠢᠴᠠᠭᠠᠬᠤ ᠬᠣᠷᠢᠶ᠎ᠠ ᠵᠢᠨ ᠬᠢᠨ ᠬᠦᠴᠦᠲᠡᠢ ᠠᠷᠭ᠎ᠠ ᠬᠡᠮᠵᠢᠶ᠎ᠡ ᠠᠪᠴᠤ ᠥᠷᠢᠰᠦᠯᠳᠦᠭᠡᠨ ᠢ᠋ ᠠᠷᠭᠠᠴᠠᠭᠠᠵᠤ᠂ ᠲᠥᠪ ᠭᠣᠣᠯᠴᠢ ᠪᠠᠷ ᠬᠠᠤᠯᠢ ᠪᠠᠷᠢᠬᠤ ᠪᠠᠷ ᠳᠤᠮᠳᠠᠳᠤ ᠤᠯᠤᠰ ᠤ᠋ᠨ ᠵᠠᠰᠠᠯᠲᠠ ᠳ᠋ᠤ᠌ ᠬᠦᠴᠦᠨ ᠨᠡᠮᠡᠷᠢᠯᠡᠪᠠᠯ ᠵᠤᠬᠢᠨ᠎ᠠ ᠬᠡᠵᠦ ᠰᠠᠨᠠᠭᠤᠯᠵᠦ ᠪᠠᠢᠨ᠎ᠠ ᠬᠡᠪᠡ᠃
ᠯᠢ ᠪᠦᠦ ᠴᠢᠤᠸᠠᠨ ᠭᠡᠰᠢᠭᠦᠨ᠂ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠵᠢᠨ ᠠᠵᠢᠯ ᠤ᠋ᠨ ᠮᠡᠳᠡᠭᠦᠯᠦᠯᠲᠡ ᠪᠣᠯᠤᠨ ᠠᠷᠠᠳ ᠤ᠋ᠨ ᠳᠡᠭᠡᠳᠤ ᠪᠠᠢᠴᠠᠭᠠᠬᠤ ᠬᠣᠷᠢᠶ᠎ᠠ ᠵᠢᠨ ᠠᠵᠢᠯ ᠤ᠋ᠨ ᠮᠡᠳᠡᠭᠦᠯᠦᠯᠲᠡ ᠨᠢ 《ᠠᠷᠠᠳ ᠤᠯᠠᠨᠳᠤ ᠬᠠᠤᠯᠢ ᠪᠠᠷᠢᠬᠰᠠᠨ ᠬᠡᠷᠡᠭ ᠨᠢᠬᠡ ᠪᠦᠷᠢᠡᠴᠡ ᠲᠥᠪ ᠭᠣᠣᠯᠴᠢ ᠱᠢᠳᠤᠷᠭᠤ ᠶᠣᠰᠣᠶ᠋ᠢ ᠴᠢᠷᠮᠠᠢᠨ ᠮᠡᠳᠡᠷᠡᠭᠦᠯᠬᠦ᠌》 ᠬᠠᠷᠠᠯᠲᠠ ᠲᠠᠢ ᠨᠢᠭᠲᠠ ᠤᠶᠠᠯᠳᠤᠭᠤᠯᠤᠨ᠂ ᠠᠷᠠᠳ ᠤ᠋ᠨ ᠲᠥᠯᠥᠭᠡ ᠬᠠᠤᠯᠢ ᠪᠠᠷᠢᠬᠤ᠂ ᠲᠥᠪ ᠭᠣᠣᠯᠴᠢ ᠪᠠᠷ ᠬᠠᠤᠯᠢ ᠪᠠᠷᠢᠬᠤ ᠭᠣᠣᠯ ᠰᠢᠵᠢᠮ ᠢ᠋ ᠳᠣᠪᠣᠢᠯᠭᠠᠵᠤ᠂ ᠲᠣᠭ᠎ᠠ ᠪᠠᠷᠢᠮᠲᠠ ᠨᠢᠬᠡ ᠪᠦᠷᠢ ᠪᠠ ᠬᠡᠷᠡᠭ ᠤ᠋ᠨ ᠵᠢᠱ᠌ᠢᠶᠠᠨᠤᠬᠦᠳ ᠵᠢᠠᠷ ᠠᠮᠵᠢᠯᠲᠠ ᠪᠦᠲᠦᠮᠵᠢ ᠪᠡᠨ ᠳ᠋ᠦᠩᠨᠡᠵᠦ᠂ ᠡᠭᠦᠷᠭᠡ ᠨᠢᠬᠡ ᠪᠦᠷᠢ ᠪᠠ ᠠᠷᠭ᠎ᠠ ᠬᠡᠮᠵᠢᠶᠡᠨᠦ᠍ᠭᠦᠳ ᠵᠢᠡᠷ ᠢᠷᠡᠭᠡᠳᠦᠢ ᠪᠡᠨ ᠪᠠᠷᠠᠯᠠᠬᠰᠠᠨ ᠨᠢ ᠮᠠᠰᠢ ᠶᠡᠬᠡ ᠢᠲᠡᠭᠡᠭᠦᠯᠬᠦ ᠬᠦᠴᠦᠨ ᠲᠡᠢ᠂ ᠵᠢᠯᠣᠭᠣᠳᠬᠤ ᠴᠢᠨᠠᠷ ᠪᠠ ᠪᠣᠯᠤᠮᠵᠢᠲᠤ ᠴᠢᠨᠠᠷ ᠲᠠᠢ ᠭᠡᠵᠤ ᠦᠵᠡᠪᠡ᠃
ᠭᠡᠰᠢᠭᠦᠳ᠂ ᠡᠨᠡ ᠵᠢᠯ ᠪᠣᠯ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ ᠵᠢᠨ ᠵᠢᠯ ᠮᠥᠨ᠂ ᠥᠭᠡᠷᠡᠴᠢᠯᠡᠯᠲᠡ ᠬᠥᠭᠵᠢᠯᠳᠠ ᠲᠣᠭᠲᠠᠭᠤᠨᠤ ᠡᠭᠦᠷᠭᠡ ᠬᠦᠨᠳᠦ᠂ ᠥᠷᠢᠰᠦᠯᠳᠦᠭᠡᠨ ᠣᠯᠠᠨ᠂ ᠰᠠᠨᠠᠭᠠᠴᠢᠯᠠᠭ᠎ᠠ ᠠ᠋ᠴᠠ ᠪᠠᠨ ᠵᠢᠳᠬᠦᠯ ᠴᠢᠷᠮᠠᠢᠯᠭ᠎ᠠ ᠭᠠᠷᠭᠠᠨ ᠬᠠᠷᠢᠭᠤᠴᠠᠯᠭ᠎ᠠ ᠪᠠᠨ ᠭᠦᠢᠴᠡᠳᠭᠡᠵᠦ᠂ ᠬᠥᠭᠵᠢᠯᠲᠡ ᠵᠢᠨ ᠶᠡᠬᠡ ᠲᠠᠯ᠎ᠠ ᠳ᠋ᠤ᠌ ᠦᠢᠯᠡᠴᠢᠯᠡᠨ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠂ ᠬᠠᠤᠯᠢᠵᠢᠯ ᠤ᠋ᠨ ᠳᠤᠮᠳᠠᠳᠤ ᠤᠯᠤᠰ ᠢ᠋ ᠪᠠᠢᠭᠤᠯᠬᠤ ᠵᠢ ᠠᠬᠢᠭᠤᠯᠤᠨ᠎ᠠ ᠭᠡᠵᠤ ᠢᠯᠡᠳᠬᠡᠵᠡᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃