2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-10 10:24:23

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠸᠠᠩ ᠬ᠍ᠣ ᠨᠢᠩ ᠬᠤᠷᠠᠯ ᠢ᠋ ᠡᠷᠬᠢᠯᠡᠵᠠᠢ

ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 3 ᠰᠠᠷ᠎ᠠ ᠵᠢᠨ 9 ᠤ᠋ ᠴᠠᠬᠢᠯᠭᠠᠨ ᠮᠡᠳᠡᠭᠡ ᠤᠯᠤᠰ ᠲᠦᠷᠦ ᠵᠢᠨ ᠵᠦᠪᠯᠡᠯᠭᠡᠨ ᠤ᠋ ᠠᠷᠪᠠᠨ ᠲᠦᠷᠪᠡᠳᠦᠭᠡᠷ ᠬᠤᠭᠤᠴᠠᠭᠠᠨ ᠤ᠋ ᠪᠦᠬᠦ ᠤᠯᠤᠰ ᠤ᠋ᠨ ᠬᠤᠷᠢᠶ᠎ᠠ ᠵᠢᠨ ᠠᠩᠬᠠᠳᠤᠭᠠᠷ ᠬᠤᠷᠠᠯ ᠤ᠋ᠨ ᠳᠡᠷᠢᠭᠦᠯᠡᠭᠴᠢᠳ ᠤ᠋ᠨ ᠪᠦᠯᠬᠦᠮ ᠤ᠋ᠨ ᠪᠠᠢᠩᠭᠤ ᠵᠢᠨ ᠳᠡᠷᠢᠭᠦᠯᠡᠭᠴᠢᠳ ᠤ᠋ᠨ ᠬᠤᠷᠠᠯ ᠤ᠋ᠨ ᠬᠤᠶᠠᠳᠤᠭᠠᠷ ᠤᠳᠠᠭ᠎ᠠ ᠵᠢᠨ ᠬᠤᠷᠠᠯ 9 ᠤ᠋ ᠦᠳᠡ ᠵᠢᠨ ᠡᠮᠦᠨ᠎ᠡ ᠪᠡᠭᠡᠵᠢᠩ ᠳ᠋ᠤ ᠬᠤᠷᠠᠯᠳᠤᠵᠤ᠂ ᠨᠠᠮ ᠤ᠋ᠨ ᠲᠦᠪ ᠬᠤᠷᠢᠶ᠎ᠠ ᠵᠢᠨ ᠤᠯᠤᠰ ᠲᠦᠷᠦ ᠵᠢᠨ ᠳᠤᠪᠴᠢᠶ᠎ᠠ ᠵᠢᠨ ᠪᠠᠢᠩᠭᠤ ᠵᠢᠨ ᠬᠡᠰᠢᠭᠦᠨ᠂ ᠪᠦᠬᠦ ᠤᠯᠤᠰ ᠤ᠋ᠨ ᠤᠯᠤᠰ ᠲᠦᠷᠦ ᠵᠢᠨ ᠵᠦᠪᠯᠡᠯᠭᠡᠨ ᠤ᠋ ᠠᠷᠪᠠᠨ ᠲᠦᠷᠪᠡᠳᠦᠭᠡᠷ ᠬᠤᠭᠤᠴᠠᠭᠠᠨ ᠤ᠋ ᠬᠤᠷᠢᠶ᠎ᠠ ᠵᠢᠨ ᠠᠩᠬᠠᠳᠤᠭᠠᠷ ᠬᠤᠷᠠᠯ ᠤ᠋ᠨ ᠳᠡᠷᠢᠭᠦᠯᠡᠭᠴᠢᠳ ᠤ᠋ᠨ ᠪᠦᠯᠬᠦᠮ ᠤ᠋ᠨ ᠬᠤᠷᠠᠯ ᠡᠷᠬᠢᠯᠡᠭᠴᠢ ᠸᠠᠩ ᠬ᠍ᠣ ᠨᠢᠩ ᠬᠤᠷᠠᠯ ᠢ᠋ ᠡᠷᠬᠢᠯᠡᠵᠡᠢ᠃

ᠬᠤᠷᠠᠯ᠎ᠡᠴᠡ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ ᠱ᠌ᠢ᠎ᠲᠡᠶ ᠹᠸᠩ ᠤ᠋ᠨ ᠬᠢᠭᠰᠡᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠲᠡᠷᠢᠭᠦᠯᠡᠭ᠌ᠴᠢ᠂ ᠳᠡᠳ᠋ ᠲᠡᠷᠢᠭᠦᠯᠡᠭ᠌ᠴᠢ᠂ ᠨᠠᠷᠢᠨ ᠪᠢᠴᠢᠭ᠎ᠦᠨ ᠳᠠᠷᠤᠭ᠎ᠠ᠂ ᠪᠠᠢᠩᠭᠤ᠎ᠶ᠋ᠢᠨ ᠭᠡᠱᠢᠭᠦᠳ᠎ᠤᠨ ᠵᠢᠱ᠌ᠢᠭ᠌ᠳᠡᠭ᠌ᠰᠡᠳ᠎ᠦᠨ ᠨᠡᠷᠡᠰ (ᠲᠥᠰᠦᠯ) ᠢ᠋ ᠶᠠᠷᠢᠯᠴᠠᠭᠰᠠᠨ ᠪᠠᠢᠳᠠᠯ ᠤ᠋ᠨ ᠳᠤᠳᠤᠷᠬᠠᠢᠯᠠᠯᠳᠠ ᠵᠢ ᠰᠤᠨᠤᠰᠴᠦ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠳᠤᠭᠤᠢᠯᠠᠩ ᠬᠤᠪᠢᠶᠠᠨ ᠬᠤᠷᠠᠯᠳᠤᠭᠰᠠᠨ ᠬᠤᠷᠠᠯ ᠤ᠋ᠨ ᠪᠠᠢᠳᠠᠯ ᠤ᠋ᠨ ᠳᠤᠬᠠᠢ ᠶᠡᠷᠦᠩᠬᠡᠢᠯᠡᠭᠰᠡᠨ ᠬᠠᠷᠢᠭᠤ ᠮᠡᠳᠡᠭᠦᠯᠦᠯᠳᠡ ᠵᠢ ᠰᠤᠨᠤᠰᠴᠦ᠂ ᠬᠤᠯᠪᠤᠭᠳᠠᠯ ᠪᠦᠬᠦᠢ ᠪᠢᠴᠢᠭ ᠮᠠᠲᠧᠷᠢᠶᠠᠯ ᠢ᠋ ᠬᠢᠨᠠᠨ ᠵᠦᠪᠯᠡᠪᠡ᠃

ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠬᠣ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠸ᠋ ᠴᠢᠶᠠᠩ᠂ ᠫᠠᠪᠠᠯᠠ· ᠭᠧᠯᠢᠭ᠌ᠨᠡᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠣ᠌ ᠬᠣᠶ᠂ ᠱᠤᠤ ᠬᠣᠩ᠂ ᠭᠤᠤ ᠶᠦᠨ ᠯᠦᠩ ᠬᠤᠷᠠᠯ᠎ᠳᠤ ᠣᠷᠣᠯᠴᠠᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面