2023-03-10 10:19:07
ᠵᠣᠣ ᠯᠧ ᠵᠢᠢ ᠬᠤᠷᠠᠯ ᠢ᠋ ᠡᠷᠬᠢᠯᠡᠪᠠ
ᠠᠷᠪᠠᠨ ᠳᠥᠷᠪᠡᠳᠦᠭᠡᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠤ᠋ᠨ ᠲᠡᠷᠢᠭᠦᠯᠡᠭᠴᠢᠳ ᠤ᠋ᠨ ᠪᠦᠯᠬᠦᠮ ᠤ᠋ᠨ ᠪᠠᠢᠩᠭᠤ ᠵᠢᠨ ᠳᠡᠷᠢᠭᠦᠯᠡᠭᠴᠢᠳ ᠤ᠋ᠨ ᠳᠥᠷᠪᠡᠳᠦᠭᠡᠷ ᠤᠳᠠᠭ᠎ᠠ ᠵᠢᠨ ᠬᠤᠷᠠᠯ 9 ᠤ᠋ ᠦᠳᠡ ᠵᠢᠨ ᠬᠤᠢᠨ᠎ᠠ ᠪᠡᠭᠡᠵᠢᠩ ᠤ᠋ᠨ ᠠᠷᠠᠳ ᠤ᠋ᠨ ᠶᠡᠭᠡ ᠬᠤᠷᠠᠯ ᠤ᠋ᠨ ᠳᠠᠩᠬᠢᠮ ᠳ᠋ᠤ ᠬᠤᠷᠠᠯᠳᠤᠪᠠ᠃ ᠶᠡᠬᠡ ᠬᠤᠷᠠᠯ ᠤ᠋ᠨ ᠲᠡᠷᠢᠭᠦᠯᠡᠭᠴᠢᠳ ᠤ᠋ᠨ ᠪᠦᠯᠬᠦᠮ ᠤ᠋ᠨ ᠪᠠᠢᠩᠭᠤ ᠵᠢᠨ ᠲᠡᠷᠢᠭᠦᠯᠡᠭᠴᠢ ᠵᠣᠣ ᠯᠧ ᠵᠢᠢ ᠬᠤᠷᠠᠯ ᠢ᠋ ᠡᠷᠬᠢᠯᠡᠪᠡ᠃
ᠬᠤᠷᠠᠯ ᠡᠴᠡ ᠶᠡᠬᠡ ᠬᠤᠷᠠᠯ ᠤ᠋ᠨ ᠳᠡᠳ᠋ ᠨᠠᠷᠢᠨ ᠪᠢᠴᠢᠭ ᠤ᠋ᠨ ᠳᠠᠷᠤᠭ᠎ᠠ ᠯᠢᠦ ᠵᠢᠶᠦ᠋ᠨ ᠴᠧᠨᠦ᠌ ᠬᠢᠭᠰᠡᠨ ᠶᠡᠬᠡ ᠬᠤᠷᠠᠯ ᠤ᠋ᠨ ᠨᠠᠷᠢᠨ ᠪᠢᠴᠢᠭ ᠤ᠋ᠨ ᠭᠠᠵᠠᠷ ᠤ᠋ᠨ ᠲᠥᠷᠥ ᠵᠢᠨ ᠶᠠᠪᠤᠳᠠᠯ ᠤ᠋ᠨ ᠬᠣᠷᠢᠶ᠎ᠠ ᠵᠢᠨ ᠪᠠᠢᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ ᠤ᠋ᠨ ᠲᠤᠬᠠᠢ ᠲᠣᠭᠲᠠᠭᠠᠯ ᠤ᠋ᠨ ᠲᠦᠰᠦᠯ ᠢ᠋ ᠬᠢᠨᠠᠨ ᠵᠥᠪᠯᠡᠭᠰᠡᠨ ᠪᠠᠢᠳᠠᠯ ᠤ᠋ᠨ ᠬᠠᠷᠢᠭᠤ ᠮᠡᠳᠡᠭᠦᠯᠦᠯᠲᠡ᠂ ᠲᠥᠯᠥᠭᠡᠯᠡᠭᠴᠢᠳ ᠤ᠋ᠨ ᠳᠤᠷᠠᠳᠤᠭᠰᠠᠨ ᠰᠠᠨᠠᠯ ᠵᠥᠪᠯᠡᠯᠭᠡ ᠵᠢ ᠰᠢᠢᠳᠪᠦᠷᠢᠯᠡᠬᠦ ᠰᠠᠨᠠᠯ ᠤ᠋ᠨ ᠲᠤᠬᠠᠢ ᠮᠡᠳᠡᠭᠦᠯᠦᠯᠲᠡ ᠵᠢ ᠰᠣᠨᠣᠰᠴᠠᠢ᠃
ᠬᠤᠷᠠᠯ ᠡᠴᠡ ᠶᠡᠬᠡ ᠬᠤᠷᠠᠯ ᠤ᠋ᠨ ᠳᠡᠳ᠋ ᠨᠠᠷᠢᠨ ᠪᠢᠴᠢᠭ ᠤ᠋ᠨ ᠳᠠᠷᠤᠭ᠎ᠠ ᠵᠢᠶᠠᠩ ᠰᠢᠨ ᡁᠢ ᠵᠢᠨ ᠬᠢᠭᠰᠡᠨ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠲᠡᠷᠢᠭᠦᠯᠡᠭᠴᠢ ᠵᠢᠨ ᠵᠢᠱ᠌ᠢᠭᠳᠡᠭᠴᠢ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠲᠥᠪ ᠤ᠋ᠨ ᠴᠡᠷᠢᠭ ᠤ᠋ᠨ ᠶᠠᠪᠤᠳᠠᠯ ᠤ᠋ᠨ ᠬᠣᠷᠢᠶ᠎ᠠ ᠵᠢᠨ ᠲᠡᠷᠢᠭᠦᠯᠡᠭᠴᠢ ᠵᠢᠨ ᠵᠢᠱ᠌ᠢᠭᠳᠡᠭᠴᠢ᠂ ᠠᠷᠪᠠᠨ ᠳᠥᠷᠪᠡᠳᠦᠭᠡᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠣᠷᠢᠶ᠎ᠠ ᠵᠢᠨ ᠬᠣᠷᠢᠶᠠᠨ ᠳᠠᠷᠤᠭ᠎ᠠ᠂ ᠳᠡᠳ᠋ ᠬᠣᠷᠢᠶᠠᠨ ᠳᠠᠷᠤᠭ᠎ᠠ᠂ ᠨᠠᠷᠢᠨ ᠪᠢᠴᠢᠭ ᠤ᠋ᠨ ᠳᠠᠷᠤᠭ᠎ᠠ ᠵᠢᠨ ᠵᠢᠱ᠌ᠢᠭᠳᠡᠭᠴᠢ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠳᠡᠳ᠋ ᠲᠡᠷᠢᠭᠦᠯᠡᠭᠴᠢ ᠵᠢᠨ ᠵᠢᠱ᠌ᠢᠭᠳᠡᠭᠴᠢ ᠵᠢ ᠶᠠᠷᠢᠯᠴᠠᠨ ᠵᠥᠪᠳᠡᠯᠴᠡᠭᠰᠡᠨ ᠪᠠᠢᠳᠠᠯ ᠤ᠋ᠨ ᠳᠤᠬᠠᠢ ᠬᠠᠷᠢᠭᠤ ᠮᠡᠳᠡᠭᠦᠯᠦᠯᠳᠡ ᠵᠢ ᠰᠤᠨᠤᠰᠴᠠᠢ᠃
ᠬᠤᠷᠠᠯ ᠡᠴᠡ ᠬᠣᠯᠪᠣᠭᠳᠠᠯ ᠪᠦᠬᠦᠢ ᠲᠣᠭᠲᠠᠭᠠᠯ ᠤ᠋ᠨ ᠲᠦᠰᠦᠯ ᠤ᠋ᠨ ᠪᠠᠲᠤᠯᠠᠭᠤᠯᠬᠤ ᠨᠣᠣᠷᠠᠭ᠂ ᠮᠡᠳᠡᠭᠦᠯᠦᠯᠲᠡ ᠪᠣᠯᠤᠨ ᠡᠯ᠎ᠡ ᠵᠦᠢᠯ ᠤ᠋ᠨ ᠵᠢᠱ᠌ᠢᠭᠳᠡᠭᠰᠡᠳ ᠤ᠋ᠨ ᠨᠡᠷᠡᠰ ᠤ᠋ᠨ ᠲᠥᠰᠦᠯ ᠢ᠋ ᠶᠡᠬᠡ ᠬᠤᠷᠠᠯ ᠤ᠋ᠨ ᠲᠡᠷᠢᠭᠦᠯᠡᠭᠴᠢᠳ ᠤ᠋ᠨ ᠪᠦᠯᠬᠦᠮ ᠤ᠋ᠨ ᠳᠥᠷᠪᠡᠳᠦᠭᠡᠷ ᠬᠤᠷᠠᠯᠳ᠋ᠤ᠌ ᠳᠡᠪᠰᠢᠭᠦᠯᠵᠦ ᠬᠢᠨᠠᠨ ᠵᠥᠪᠯᠡᠭᠦᠯᠬᠦ ᠵᠢ ᠵᠥᠪᠰᠢᠶᠡᠷᠡᠪᠡ᠃
ᠶᠡᠬᠡ ᠬᠤᠷᠠᠯ ᠤ᠋ᠨ ᠲᠡᠷᠢᠭᠦᠯᠡᠭᠴᠢᠳ ᠤ᠋ᠨ ᠪᠦᠯᠬᠦᠮ ᠤ᠋ᠨ ᠪᠠᠢᠩᠭᠤ ᠵᠢᠨ ᠲᠡᠷᠢᠭᠦᠯᠡᠭᠴᠢ ᠯᠢ ᠭᠠᠨ ᠵᠢᠶᠧ᠂ ᠯᠢ ᠬᠣᠩ ᠵᠦᠩ᠂ ᠸᠠᠩ ᠳ᠋ᠦᠩ ᠮᠢᠩ᠂ ᠰᠢᠶᠣᠤ ᠵᠢᠶᠧ᠂ ᠵᠧᠩ ᠵᠢᠶᠠᠨ ᠪᠠᠩ᠂ ᠳ᠋ᠢᠩ ᠵᠦᠩ ᠯᠢ᠂ ᠬᠣᠣ ᠮᠢᠩ ᠵᠢᠨ᠂ ᠼᠠᠢ ᠳᠠ ᠹᠧᠩ᠂ ᠾᠧ ᠸᠧᠢ᠂ ᠦ᠋ ᠸᠧᠢ ᠬᠤᠸᠠ ᠬᠤᠷᠠᠯᠳ᠋ᠤ᠌ ᠣᠷᠣᠯᠴᠠᠵᠠᠢ᠃
(ᠰᠢᠨᠬᠤᠸᠠ ᠬᠣᠷᠢᠶᠠᠵᠢᠨ ᠪᠡᠭᠡᠵᠢᠩ ᠤ᠋ᠨ 3 ᠰᠠᠷ᠎ᠠ ᠵᠢᠨ 9 ᠦ᠌ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃