2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-10 09:26:20

ᠵᠣᠬᠢᠶᠠᠭ᠍ᠴᠢ᠄ ᠵᠠᠩ ᠺᠦᠢ ᠣᠩᠱᠢᠭ᠍ᠰᠠᠨ ᠣᠳᠠᠭ᠎ᠠ᠄ 3

ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠪᠠ

3 ᠰᠠᠷ᠎ᠠ᠎ᠶ᠋ᠢᠨ 9 ᠤ᠋ ᠦᠳᠡ᠎ᠶ᠋ᠢᠨ ᠬᠣᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠰᠣᠨᠢᠨ ᠮᠡᠳᠡᠭᠡᠨ᠎ᠦ ᠥᠭᠦᠯᠡᠭ᠌ᠴᠢ ᠭᠦᠸᠧ ᠱᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠠᠢᠳᠠᠯ᠎ᠢ ᠨᠡᠢᠲᠡᠯᠡᠭ᠌ᠰᠡᠨ ᠪᠥᠭᠡᠳ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢ ᠭᠦᠩ ᠮᠢᠩ ᠵᠦ᠍᠂ ᠰᠦᠬᠡ᠂ ᠸᠠᠩ ᡁᠢ ᠫᠢᠩ᠎ᠲᠡᠶ ᠬᠠᠮᠲᠤ ᠠᠷᠠᠳ᠎ᠤᠨ ᠡᠳᠦᠷ᠎ᠦᠨ ᠰᠣᠨᠢᠨ᠂ ᠱᠢᠨᠬᠤᠸᠠ ᠬᠣᠷᠢᠶ᠎ᠠ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ ᠵᠡᠷᠭᠡ ᠵᠠᠭᠤᠴᠢᠯᠠᠭᠤᠷ᠎ᠤᠨ ᠰᠤᠷᠪᠤᠯᠵᠢᠯᠠᠭ᠍ᠴᠢᠳ᠎ᠤᠨ ᠠᠰᠠᠭᠤᠯᠲᠠ᠎ᠶ᠋ᠢ ᠬᠠᠷᠢᠭᠤᠯᠪᠠ᠃

ᠭᠦᠸᠧ ᠱᠢᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠨᠡᠢᠲᠡ 58 ᠰᠣᠩᠭᠣᠨ ᠭᠠᠷᠭᠠᠪᠠ᠃ ᠬᠤᠷᠠᠯ᠎ᠤᠨ ᠬᠤᠭᠤᠴᠠᠭᠠᠨ᠎ᠳᠤ᠂ ᠲᠥᠯᠥᠭᠡᠯᠡᠭ᠌ᠴᠢᠳ ᠠᠩᠬᠠᠷᠤᠯ᠎ᠢᠶᠠᠨ ᠲᠥᠪᠯᠡᠷᠡᠭᠦᠯᠦᠨ ᠡᠯ᠎ᠡ ᠵᠦᠶ᠋ᠯ᠎ᠦᠨ ᠢᠯᠡᠳᠬᠡᠯ ᠮᠡᠳᠡᠭᠦᠯᠦᠯᠲᠡ᠂ ᠰᠠᠨᠠᠯ ᠵᠥᠪᠯᠡᠯᠭᠡ᠎ᠶ᠋ᠢ ᠨᠠᠷᠢᠨ ᠬᠢᠨᠠᠮᠠᠭᠠᠶ ᠬᠢᠨᠠᠨ ᠵᠥᠪᠯᠡᠵᠦ᠍᠂ ᠢᠳᠡᠪᠬᠢᠲᠡᠶ᠎ᠪᠡᠷ ᠠᠷᠭ᠎ᠠ ᠤᠬᠠᠭᠠᠨ ᠭᠠᠷᠭᠠᠨ ᠰᠠᠨᠠᠯ ᠰᠠᠨᠠᠭᠤᠯᠭ᠎ᠠ ᠳᠤᠷᠠᠳᠴᠠᠢ᠃ ᠴᠢᠨᠠᠷ ᠰᠠᠢᠲᠠᠶ ᠬᠥᠭ᠌ᠵᠢᠯᠲᠡ ᠭᠡᠬᠦ᠌ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢᠨ ᠲᠣᠭᠣᠷᠢᠨ᠎ᠳᠤ᠂ 《ᠲᠠᠪᠤᠨ ᠶᠡᠬᠡ ᠡᠭᠦᠷᠭᠡ》 ᠎ᠶ᠋ᠢ ᠰᠠᠢᠲᠤᠷ ᠪᠡᠶᠡᠯᠡᠭᠦᠯᠬᠦ᠌᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠲᠠᠢ ᠨᠢᠭ᠍ᠲᠠ ᠤᠶᠠᠯᠳᠤᠭᠤᠯᠤᠨ᠂ ᠭᠤᠤᠯᠳᠠᠭᠤ ᠱᠢᠨ᠎ᠡ ᠡᠨᠧᠷᠭᠢ᠎ᠶ᠋ᠢᠨ ᠬᠥᠭ᠌ᠵᠢᠯᠲᠡ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠂ ᠰᠦ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠂ ᠠᠮᠤ ᠪᠤᠳᠠᠭᠠᠨ᠎ᠤ ᠠᠮᠤᠷ ᠲᠦᠪᠱᠢᠨ᠂ ᠮᠢᠬᠠᠨ ᠤ᠋ ᠦᠬᠡᠷ ᠬᠣᠨᠢᠨ᠎ᠤ ᠠᠵᠤ ᠦᠶ᠋ᠯᠡᠰ᠎ᠢ ᠬᠥᠭ᠌ᠵᠢᠭᠦᠯᠬᠦ᠌᠂ ᠡᠮ ᠡᠮᠨᠡᠯᠭᠡ ᠵᠢᠨ ᠦᠶ᠋ᠯᠡᠴᠢᠯᠡᠭᠡ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠂ ᠮᠠᠯᠵᠢᠬᠤ ᠲᠠᠷᠢᠶᠠᠯᠠᠬᠤ ᠣᠷᠣᠨ ᠪᠠ ᠬᠢᠯᠢ ᠬᠢᠵᠠᠭᠠᠷ ᠣᠷᠣᠨ᠎ᠤ ᠰᠠᠭᠤᠷᠢ ᠲᠦᠬᠦᠭᠡᠷᠤᠮᠵᠢ᠎ᠶ᠋ᠢᠨ ᠪᠥᠲᠥᠭᠡᠨ ᠪᠠᠢᠭᠤᠯᠤᠯᠲᠠ ᠵᠡᠷᠭᠡ᠎ᠶ᠋ᠢᠨ ᠲᠤᠬᠠᠶ 1 ᠬᠤᠪᠢ ᠰᠠᠨᠠᠯ ᠵᠥᠪᠯᠡᠯᠭᠡ᠂ 93 ᠬᠤᠪᠢ ᠰᠠᠨᠠᠭᠤᠯᠭ᠎ᠠ ᠳᠤᠷᠠᠳᠪᠠ᠃ ᠬᠤᠷᠠᠯ᠎ᠤᠨ ᠬᠤᠭᠤᠴᠠᠭᠠᠨ᠎ᠳᠤ᠂ ᠲᠥᠯᠥᠭᠡᠯᠡᠭ᠌ᠴᠢᠳ ᠬᠤᠷᠠᠯ᠎ᠤᠨ ᠰᠤᠷᠲᠠᠯ ᠬᠤᠷᠠᠯ᠎ᠤᠨ ᠰᠠᠬᠢᠯᠭ᠎ᠠ ᠪᠠᠲᠤ᠎ᠶ᠋ᠢᠨ ᠡᠯ᠎ᠡ ᠵᠦᠶ᠋ᠯ᠎ᠦᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠵᠤ᠂ ᠶᠡᠬᠡ ᠬᠤᠷᠠᠯ᠎ᠤᠨ ᠭᠤᠤᠯ ᠰᠡᠳᠦᠪ᠎ᠦᠨ ᠲᠣᠭᠣᠷᠢᠨ᠎ᠳᠤ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠍᠂ ᠨᠢᠭᠤᠴᠠ᠎ᠶ᠋ᠢ ᠬᠠᠮᠠᠭᠠᠯᠠᠬᠤ ᠰᠠᠬᠢᠯᠭ᠎ᠠ ᠪᠠᠲᠤ ᠪᠠ ᠬᠤᠭᠤᠴᠠᠭ᠎ᠠ ᠰᠣᠯᠢᠬᠤ ᠠᠵᠢᠯ᠎ᠤᠨ ᠰᠠᠬᠢᠯᠭ᠎ᠠ ᠪᠠᠲᠤ᠎ᠶ᠋ᠢ ᠴᠢᠩᠭ᠎ᠠ ᠬᠡᠷᠡᠭ᠌ᠵᠢᠭᠦᠯᠵᠦ᠍᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠪᠥᠬᠥ᠌ ᠲᠥᠯᠥᠭᠡᠯᠡᠭ᠌ᠴᠢ᠎ᠶ᠋ᠢᠨ ᠰᠠᠢᠨ ᠰᠠᠢᠬᠠᠨ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ ᠭᠡᠵᠤ ᠲᠠᠨᠢᠯᠴᠠᠭᠤᠯᠵᠠᠢ᠃

ᠠᠰᠠᠭᠤᠯᠲᠠ᠎ᠶ᠋ᠢ ᠬᠠᠷᠢᠭᠤᠯᠬᠤ᠎ᠳᠠᠭᠠᠨ ᠸᠠᠩ ᡁᠢ ᠫᠢᠩ᠂ ᠣᠢᠷ᠎ᠠ᠎ᠶ᠋ᠢᠨ ᠵᠢᠯ᠎ᠦᠨ ᠲᠤᠷᠰᠢ ᠥᠪᠥᠷ ᠮᠣᠩᠭᠣᠯ 《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠪᠤᠯᠬᠤ》 ᠣᠢᠯᠠᠭᠠᠭ᠍ᠳᠠᠬᠤᠨ᠎ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠶ᠋ᠢ ᠲᠡᠷᠢᠭᠦᠨ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠭᠠᠵᠤ᠂ ᠪᠥᠬᠥ᠌ ᠣᠷᠣᠨ᠎ᠤ ᠬᠠᠭᠠᠰ᠎ᠡᠴᠡ ᠳᠡᠭᠡᠭ᠌ᠰᠢᠬᠢ ᠤᠯᠤᠰ᠎ᠤᠨ ᠨᠤᠲᠤᠭ ᠳᠡᠪᠢᠰᠭᠡᠷ᠎ᠦᠨ ᠲᠠᠯᠠᠪᠠᠶ᠎ᠶ᠋ᠢ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠳᠤ ᠣᠷᠣᠭᠤᠯᠵᠤ᠂ 72% ᠤ᠋ᠨ ᠤᠯᠤᠰ᠎ᠤᠨ ᠨᠤᠲᠤᠭ ᠳᠡᠪᠢᠰᠭᠡᠷ᠎ᠦᠨ ᠲᠠᠯᠠᠪᠠᠶ᠎ᠶ᠋ᠢ ᠠᠮᠢ ᠠᠬᠤᠶ᠎ᠶ᠋ᠢᠨ ᠣᠷᠣᠨ ᠵᠠᠶ᠎ᠳᠤ ᠣᠷᠣᠭᠤᠯᠵᠠᠶ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠣᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ ᠬᠠᠳᠤᠨ ᠭᠣᠣᠯ᠂ 《ᠬᠦᠯᠦᠨ ᠨᠠᠭᠤᠷ᠂ ᠤᠯᠠᠭᠠᠨᠰᠤᠬᠠᠢ᠂ ᠳᠠᠭ᠎ᠠ ᠵᠢᠨ ᠨᠠᠭᠤᠷ》 ᠵᠡᠷᠭᠡ ᠭᠣᠣᠯᠳᠠᠯᠭ᠎ᠠ᠎ᠲᠠᠶ ᠭᠣᠣᠯ ᠮᠥᠷᠡᠨ ᠨᠠᠭᠤᠷ ᠴᠥᠭᠥᠷᠥᠮ᠎ᠢ ᠶᠡᠷᠦᠩᠬᠡᠢᠯᠡᠨ ᠵᠠᠰᠠᠬᠤ᠎ᠶ᠋ᠢ ᠭᠦᠨᠵᠡᠭᠡᠢ ᠠᠬᠢᠭᠤᠯᠵᠤ᠂ ᠡᠨᠧᠷᠭᠢ ᠪᠠ ᠤᠰᠤᠨ᠎ᠤ ᠡᠬᠢ ᠪᠠᠶᠠᠯᠢᠭ᠎ᠤᠨ ᠬᠣᠷᠣᠭ᠍ᠳᠠᠭᠤᠯᠤᠯ᠂ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠵᠡᠷᠭᠡ᠎ᠶ᠋ᠢᠨ ᠶᠡᠷᠦᠩᠬᠡᠢ ᠬᠡᠮᠵᠢᠶ᠎ᠡ ᠪᠠ ᠬᠦᠴᠦᠯᠡᠴᠡ᠎ᠶ᠋ᠢᠨ ᠬᠣᠣᠰ ᠡᠵᠡᠮᠳᠡᠯ᠎ᠢ ᠴᠢᠩᠭ᠎ᠠ ᠬᠡᠷᠡᠭ᠌ᠵᠢᠭᠦᠯᠵᠦ᠍᠂ ᠵᠢᠯ ᠳᠤᠮᠳᠠᠴᠢ᠎ᠪᠠᠷ ᠡᠯᠡᠰᠦᠷᠬᠡᠭ᠌ᠵᠢᠬᠦ ᠵᠢ ᠰᠡᠷᠭᠡᠢᠯᠡᠨ ᠡᠯᠡᠰᠦᠷᠬᠡᠭᠵᠢᠯ᠎ᠢ ᠵᠠᠰᠠᠭ᠍ᠰᠠᠨ ᠲᠠᠯᠠᠪᠠᠢ 1200 ᠲᠦᠮᠡᠨ ᠮᠦ᠍᠎ᠡᠴᠡ ᠳᠡᠭᠡᠭ᠌ᠰᠢ᠎ᠳᠦ ᠬᠦᠷᠴᠦ᠍᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠪᠠ ᠣᠢ ᠱᠢᠭᠤᠢ᠎ᠶ᠋ᠢᠨ ᠪᠦᠷᠬᠦᠴᠡ᠎ᠶ᠋ᠢᠨ ᠨᠣᠷᠮ᠎ᠠ 《ᠬᠣᠣᠰ ᠳᠡᠭᠡᠭ᠌ᠰᠢᠯᠡᠯᠲᠡ》 ᠳᠠᠢ ᠪᠠᠢᠬᠤ ᠵᠢ ᠪᠡᠶᠡᠯᠡᠭᠦᠯᠪᠡ᠃ ᠲᠠᠷᠠᠭᠠᠴᠢ᠎ᠶ᠋ᠢᠨ ᠠᠯᠬᠤᠮ᠎ᠳᠤ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠪᠥᠬᠥ᠌ ᠣᠷᠣᠨ ᠪᠦᠰᠡ ᠪᠥᠬᠥ᠌ ᠶᠠᠪᠤᠴᠠ᠎ᠳᠤ ᠴᠢᠩᠭᠠᠳᠭᠠᠵᠤ᠂ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢᠨ ᠪᠣᠬᠢᠷᠲᠤᠯ ᠥᠬᠡᠶ ᠲᠡᠢᠰᠢ ᠬᠡᠯᠪᠡᠷᠢ ᠪᠡᠨ ᠬᠤᠪᠢᠷᠠᠭᠤᠯᠬᠤ᠎ᠶ᠋ᠢ ᠪᠥᠬᠥ᠌ ᠬᠦᠷᠢᠶ᠎ᠠ ᠴᠠᠷᠠᠭ᠎ᠠ ᠪᠥᠬᠥ᠌ ᠲᠠᠯ᠎ᠠ᠎ᠪᠠᠷ ᠠᠬᠢᠭᠤᠯᠵᠤ᠂ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠦᠰᠦᠯᠳᠡ ᠵᠢ ᠨᠡᠮᠡᠭᠳᠡᠭᠦᠯᠬᠦ ᠵᠢ ᠬᠠᠮᠵᠢᠯᠴᠠᠭᠤᠯᠤᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠬᠢᠯᠢ᠎ᠳᠦ ᠨᠠᠩ ᠪᠠᠲᠤ ᠪᠠᠬᠢ᠂ ᠦᠵᠡᠰᠭᠦᠯᠡᠩᠲᠦ ᠰᠠᠢᠬᠠᠨ ᠲᠦᠮᠡᠨ ᠭᠠᠵᠠᠷ᠎ᠤᠨ ᠨᠣᠮᠢᠨ ᠨᠣᠭᠣᠭᠠᠨ ᠣᠷᠳᠣ ᠴᠠᠭᠠᠨ ᠬᠡᠷᠡᠮ᠎ᠢ ᠴᠢᠷᠮᠠᠢᠨ ᠪᠠᠢᠭᠤᠯᠤᠨ᠎ᠠ ᠭᠡᠵᠡᠢ᠃

ᠸᠠᠩ ᡁᠢ ᠫᠢᠩ᠂ ᠥᠪᠥᠷ ᠮᠣᠩᠭᠣᠯ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ᠎ᠲᠠᠶ ᠨᠢᠭ᠍ᠲᠠ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠶ ᠵᠢᠨ ᠬᠥᠭ᠌ᠵᠢᠯᠲᠡ᠎ᠶ᠋ᠢ ᠴᠢᠨᠠᠷ ᠰᠠᠢᠲᠠᠶ ᠥᠨᠳᠥᠷ ᠪᠦᠲᠦᠮᠵᠢᠲᠡᠶ ᠲᠡᠢᠰᠢ ᠬᠤᠪᠢᠷᠠᠭᠤᠯᠬᠤ᠎ᠶ᠋ᠢ ᠲᠦᠷᠭᠡᠳᠭᠡᠨ ᠠᠬᠢᠭᠤᠯᠵᠤ᠂ ᠠᠮᠤ ᠪᠤᠳᠠᠭᠠᠨ᠎ᠤ ᠦᠶ᠋ᠯᠡᠳᠪᠦᠷᠢᠯᠡᠯ ᠪᠠ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠠᠮᠤ ᠪᠤᠳᠠᠭᠠᠨ᠎ᠤ ᠤᠨᠠᠯᠲᠠ 5 ᠵᠢᠯ ᠳᠠᠷᠠᠭᠠᠯᠠᠨ 700 ᠳ᠋ᠦᠩᠱᠢᠭᠤᠷ ᠵᠢᠩ᠎ᠡᠴᠡ ᠳᠡᠭᠡᠭ᠌ᠰᠢ ᠪᠠᠢᠬᠤ᠎ᠶ᠋ᠢ ᠪᠠᠲᠤᠯᠠᠵᠤ᠂ ᠦᠬᠡᠷ ᠬᠣᠨᠢᠨ ᠮᠢᠬᠠᠨ᠎ᠤ ᠭᠠᠷᠤᠯᠲᠠ᠂ ᠰᠦ᠎ᠵᠢᠨ ᠭᠠᠷᠤᠯᠲᠠ ᠴᠥᠮ ᠪᠥᠬᠥ᠌ ᠤᠯᠤᠰ᠎ᠲᠤ᠌ ᠲᠦᠷᠦᠬᠦᠯᠡᠵᠤ᠂ ᠪᠥᠬᠥ᠌ ᠤᠯᠤᠰ᠎ᠤᠨ ᠬᠠᠭᠠᠰ ᠱᠢᠬᠠᠮ ᠢᠮᠠᠭᠠᠨ ᠨᠣᠤᠯᠤᠭᠤᠷ᠎ᠢ ᠬᠠᠩᠭᠠᠵᠤ ᠪᠤᠢ᠃ ᠲᠠᠷᠢᠶᠠᠯᠠᠩ᠎ᠤᠨ ᠬᠥᠭ᠌ᠵᠢᠯᠲᠡ᠎ᠶ᠋ᠢᠨ ᠰᠠᠭᠤᠷᠢ᠎ᠶ᠋ᠢ ᠪᠥᠬᠥ᠌ ᠬᠦᠴᠦᠨ᠎ᠢᠶᠡᠷ ᠪᠡᠬᠢᠵᠢᠭᠦᠯᠵᠦ᠍᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠨᠡᠢᠲᠡ 4989 ᠲᠦᠮᠡᠨ ᠮᠥ᠍ ᠪᠠᠢᠭᠤᠯᠵᠤ᠂ ᠦᠷ᠎ᠡ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠤᠯᠤᠰ᠎ᠤᠨ ᠴᠢᠬᠤᠯᠠ 《ᠠᠮᠤ ᠵᠢᠨ ᠰᠠᠡᠭ》᠂ 《ᠮᠢᠬᠠᠨ᠎ᠤ ᠬᠥᠮᠥᠷᠭᠡ》᠂ 《ᠰᠦ᠎ᠵᠢᠨ ᠬᠦᠨᠦᠭ》᠂ 《ᠨᠣᠤᠯᠤᠭᠤᠷ᠎ᠤᠨ ᠬᠣᠲᠠ》 ᠪᠣᠯᠤᠭᠰᠠᠨ ᠪᠠᠢᠨ᠎ᠠ᠃ ᠰᠦ᠎ᠵᠢᠨ ᠦᠶ᠋ᠯᠡᠰ᠂ ᠡᠷᠳᠡᠨᠢ ᠱᠢᠰᠢ 2 ᠮᠢᠩᠭᠠᠨ ᠳ᠋ᠦᠩᠱᠢᠭᠤᠷ᠎ᠤᠨ ᠲᠠᠰ ᠪᠠ ᠮᠢᠬᠠᠨ᠎ᠤ ᠬᠣᠨᠢ᠂ ᠮᠢᠬᠠᠨ᠎ᠤ ᠦᠬᠡᠷ᠂ ᠲᠥᠮᠥᠰᠥ᠍᠂ ᠨᠡᠷᠡᠨ ᠬᠤᠸᠠᠷ᠎ᠤᠨ ᠦᠷ᠎ᠡ ᠵᠡᠷᠭᠡ 10 ᠵᠠᠭᠤᠨ ᠳ᠋ᠦᠩᠱᠢᠭᠤᠷ᠎ᠤᠨ ᠲᠠᠰ᠎ᠤᠨ ᠠᠵᠤ ᠦᠶ᠋ᠯᠡᠰ᠎ᠦᠨ ᠪᠥᠯᠦᠭᠵᠢᠯ᠎ᠢ ᠪᠣᠶ ᠪᠣᠯᠭᠠᠵᠤ᠂ ᠲᠩᠷᠢ᠎ᠶ᠋ᠢᠨ ᠬᠡᠱᠢᠭ᠌ᠲᠦ ᠪᠣᠷᠣᠲᠣᠬᠣᠶ᠂ ᠢᠯᠢ᠎ᠶ᠋ᠢᠨ ᠵᠢᠨ ᠳ᠋ᠢᠶᠠᠨ ᠵᠡᠷᠭᠡ 《ᠦᠪᠦᠷ ᠮᠣᠩᠭᠣᠯ ᠨᠠᠷᠠᠮᠵᠢᠲᠤ》 ᠨᠠᠷᠠᠲᠤ ᠲᠥᠷᠥᠯ ᠲᠡᠮᠳᠡᠭ᠌ ᠶᠠᠪᠤᠬᠤ ᠲᠤᠳᠤᠮ ᠨᠡᠷ᠎ᠡ ᠠᠯᠳᠠᠷᠰᠢᠵᠤ ᠪᠤᠢ᠃ ᠲᠠᠷᠠᠭᠠᠴᠢ᠎ᠶ᠋ᠢᠨ ᠠᠯᠬᠤᠮ᠎ᠳᠤ᠂ ᠥᠪᠥᠷ ᠮᠣᠩᠭᠣᠯ ᠲᠠᠷᠢᠶᠠᠯᠠᠩ᠎ᠤᠨ ᠪᠦᠳᠦᠬᠡᠭᠳᠡᠬᠦᠨ ᠮᠠᠯ᠎ᠤᠨ ᠠᠱᠢᠭ ᠱᠢᠮ᠎ᠡ᠎ᠶ᠋ᠢᠨ ᠭᠠᠷᠤᠯᠲᠠ᠎ᠶ᠋ᠢᠨ ᠲᠤᠮᠤ ᠣᠷᠣᠨ᠎ᠡᠴᠡ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶ᠋ᠯᠡᠰ᠎ᠦᠨ ᠬᠦᠴᠦᠷᠬᠡᠭ ᠣᠷᠣᠨ ᠳᠠᠢᠰᠢ ᠬᠤᠪᠢᠷᠠᠭᠤᠯᠬᠤ ᠬᠠᠷᠠᠯᠲᠠ᠎ᠶ᠋ᠢ ᠲᠣᠭ᠍ᠲᠠᠭᠠᠵᠤ᠂ ᠲᠠᠷᠢᠶᠠᠯᠠᠩ᠎ᠤᠨ ᠬᠡᠪᠴᠢᠶᠡᠵᠢᠭ᠌ᠰᠡᠨ᠂ ᠠᠵᠤ ᠦᠢᠯᠡᠰᠵᠢᠭ᠌ᠰᠡᠨ᠂ ᠲᠥᠷᠥᠯ ᠲᠡᠮᠳᠡᠭ᠌ᠵᠢᠭ᠌ᠰᠡᠨ ᠬᠥᠭ᠌ᠵᠢᠯᠲᠡ᠎ᠶ᠋ᠢ ᠠᠬᠢᠭᠤᠯᠵᠤ᠂ ᠨᠠᠩ ᠣᠯᠠᠨ 《ᠥᠪᠥᠷ ᠮᠣᠩᠭᠣᠯ》 ᠨᠠᠷᠠᠮᠵᠢᠲᠤ ᠲᠠᠷᠢᠶᠠᠯᠠᠩ᠎ᠤᠨ ᠪᠦᠳᠦᠬᠡᠭᠳᠡᠬᠦᠨ ᠮᠠᠯ᠎ᠤᠨ ᠠᠱᠢᠭ ᠱᠢᠮ᠎ᠡ ᠵᠢ ᠲᠠᠰᠤᠷᠠᠯᠲᠠ ᠥᠬᠡᠶ ᠪᠥᠬᠥ᠌ ᠤᠯᠤᠰ ᠲᠤ᠌ ᠭᠠᠷᠭᠠᠵᠤ᠂ 《ᠳᠤᠮᠳᠠᠳᠤ ᠤᠯᠤᠰ᠎ᠤᠨ ᠠᠶᠠᠭ᠎ᠠ》 ᠳ᠋ᠤ ᠢᠯᠡᠬᠦᠬᠡᠨ ᠠᠮᠤ ᠪᠤᠳᠠᠭ᠎ᠠ ᠰᠠᠪᠠᠯᠠᠵᠤ᠂ ᠰᠠᠢᠳᠤᠷ ᠠᠮᠤ ᠪᠤᠳᠠᠭ᠎ᠠ ᠰᠠᠪᠠᠯᠠᠵᠤ᠂ ᠰᠠᠢᠳᠤᠷ ᠰᠦ ᠰᠠᠪᠠᠯᠠᠵᠤ᠂ ᠰᠠᠢᠳᠤᠷ ᠮᠢᠬ᠎ᠠ ᠰᠠᠪᠠᠯᠠᠬᠤ ᠪᠣᠯᠤᠨ᠎ᠠ ᠭᠡᠵᠦ ᠲᠠᠨᠢᠯᠴᠠᠭᠤᠯᠪᠠ᠃

ᠬᠦᠩ ᠮᠢᠩ ᠵᠦ᠍ ᠠᠰᠠᠭᠤᠯᠲᠠ᠎ᠶ᠋ᠢ ᠬᠠᠷᠢᠭᠤᠯᠬᠤ᠎ᠳᠠᠭᠠᠨ᠂ ᠬᠣᠪᠣᠷ ᠱᠢᠷᠣᠢ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠵᠤ᠂ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠴᠢᠬᠤᠯᠠ ᠡᠭᠦᠷᠭᠡ ᠪᠣᠯᠤᠨ᠎ᠠ᠃ ᠣᠢᠷ᠎ᠠ᠎ᠶ᠋ᠢᠨ ᠵᠢᠯ᠎ᠡᠴᠡ ᠨᠠᠭᠠᠰᠢ᠂ ᠥᠪᠥᠷ ᠮᠣᠩᠭᠣᠯ ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠬᠣᠪᠣᠷ ᠱᠢᠷᠣᠶ ᠪᠠ ᠱᠢᠨ᠎ᠡ ᠡᠨᠧᠷᠭᠢ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢ ᠢᠳᠡᠪᠬᠢᠲᠡᠶ ᠪᠠᠳᠠᠷᠠᠭᠤᠯᠵᠤ᠂ ᠬᠣᠪᠣᠷ ᠱᠢᠷᠣᠶ᠎ᠶ᠋ᠢᠨ ᠡᠬᠢ ᠪᠠᠶᠠᠯᠢᠭ᠎ᠢ ᠬᠠᠢᠨ ᠪᠠᠢᠴᠠᠭᠠᠬᠤ ᠪᠠ ᠪᠠᠲᠤᠯᠠᠬᠤ ᠡᠷᠴᠢᠮ᠎ᠢᠶᠡᠨ ᠴᠢᠩᠭᠠᠷᠠᠭᠤᠯᠵᠤ᠂ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ ᠵᠢᠴᠢ ᠬᠡᠷᠡᠭ᠌ᠯᠡᠭᠡᠨ᠎ᠦ ᠠᠵᠤ ᠦᠶ᠋ᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ 《ᠬᠣᠪᠣᠷ ᠱᠢᠷᠣᠶ +》 ᠶ᠋ᠢᠨ ᠬᠠᠮᠵᠢᠯᠴᠠᠨ ᠱᠢᠨ᠎ᠡ᠎ᠶ᠋ᠢ ᠡᠭᠦᠳᠬᠦ᠌᠎ᠶ᠋ᠢ ᠬᠦᠴᠦᠲᠡᠶ ᠠᠬᠢᠭᠤᠯᠵᠤ᠂ 《ᠬᠣᠪᠣᠷ ᠱᠢᠷᠣᠶ᠎ᠶ᠋ᠢᠨ ᠬᠣᠲᠠ》 ᠪᠠ ᠱᠢᠨ᠎ᠡ ᠡᠨᠧᠷᠭᠢ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠵᠤ᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠲᠠᠯ᠎ᠠ᠎ᠪᠠᠷ ᠠᠬᠢᠭᠤᠯᠪᠠ᠃ ᠥᠪᠥᠷ ᠮᠣᠩᠭᠣᠯ᠎ᠳᠤ ᠡᠯᠪᠡᠭ ᠪᠠᠶᠠᠯᠢᠭ ᠰᠠᠯᠬᠢ ᠬᠡᠷᠡᠯ᠎ᠦᠨ ᠡᠬᠢ ᠪᠠᠶᠠᠯᠢᠭ᠎ᠲᠠᠶ᠂ ᠪᠢᠳᠡ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠪᠠ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠪᠠᠲᠤᠯᠠᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠵᠤ᠂ ᠡᠨᠧᠷᠭᠢ᠎ᠶ᠋ᠢᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠱᠢᠨ᠎ᠡ ᠡᠨᠧᠷᠭᠢ᠎ᠶ᠋ᠢᠨ ᠴᠢᠨᠠᠷ ᠰᠠᠢᠲᠠᠶ᠎ᠪᠠᠷ ᠲᠠᠰ ᠲᠡᠪᠱᠢᠨ ᠬᠥᠭ᠌ᠵᠢᠬᠦ᠌᠎ᠶ᠋ᠢ ᠲᠦᠷᠭᠡᠳᠭᠡᠵᠦ᠍᠂ ᠨᠠᠩ ᠲᠣᠭ᠍ᠲᠠᠭᠤᠨ᠂ ᠨᠠᠩ ᠠᠮᠤᠷ ᠲᠦᠪᠱᠢᠨ᠂ ᠨᠠᠩ ᠪᠣᠬᠢᠷᠲᠤᠯ ᠥᠬᠡᠶ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠤᠨ᠎ᠠ ᠭᠡᠵᠦ ᠬᠡᠯᠡᠪᠡ᠃

ᠬᠦᠩ ᠮᠢᠩ ᠵᠦ᠍᠂ ᠥᠪᠥᠷ ᠮᠣᠩᠭᠣᠯ ᠨᠢ ᠤᠷᠤᠰ ᠮᠣᠩᠭᠣᠯ᠎ᠲᠠᠶ ᠬᠣᠯᠪᠣᠭᠠᠯᠠᠨ ᠨᠡᠪᠲᠡᠷᠡᠯᠴᠡᠬᠦ᠌ ᠣᠷᠣᠨ ᠪᠠᠢᠷᠢ᠎ᠶ᠋ᠢᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠤᠯᠤᠰ᠎ᠤᠨ ᠬᠦᠷᠰᠢ ᠵᠡᠷᠬᠡᠯᠡᠳᠡᠭᠡ ᠵᠢ ᠡᠪᠯᠡᠵᠤ ᠵᠠᠰᠠᠬᠤ ᠳ᠋ᠤ ᠦᠢᠯᠡᠴᠢᠯᠡᠵᠤ᠂ ᠳᠣᠲᠣᠭᠠᠳᠤ ᠬᠠᠭᠤᠷᠠᠢ᠎ᠶ᠋ᠢᠨ ᠨᠡᠬᠡᠬᠡᠯᠳᠡ᠎ᠶ᠋ᠢᠨ ᠥᠨᠳᠥᠷᠯᠢᠭ ᠪᠣᠯᠤᠨ ᠬᠢᠯᠢ ᠳᠠᠭᠠᠤ ᠨᠡᠬᠡᠬᠡᠯᠳᠡ᠎ᠶ᠋ᠢᠨ ᠴᠢᠬᠤᠯᠠ ᠲᠤᠯᠬᠤ ᠴᠡᠭ᠎ᠢ ᠴᠣᠭ᠍ᠴᠠᠯᠠᠵᠤ᠂ 《ᠨᠢᠭᠡ ᠪᠦᠰᠡ ᠨᠢᠭᠡ ᠵᠠᠮ》 ᠳ᠋ᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ᠂ ᠨᠡᠬᠡᠬᠡᠯᠳᠡ᠎ᠶ᠋ᠢᠨ ᠠᠯᠬᠤᠭ᠎ᠠ ᠨᠡᠩ ᠪᠠᠲᠤᠵᠢᠪᠠ᠃ ᠳᠠᠷᠠᠭᠠᠴᠢ᠎ᠵᠢᠨ ᠠᠯᠬᠤᠮ ᠳ᠋ᠤ᠌᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢᠶᠠᠷ ᠭᠤᠤᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌᠎ᠳᠦ ᠦᠢᠯᠡᠴᠢᠯᠡᠬᠦ᠌ ᠴᠢᠳᠠᠮᠵᠢ᠎ᠶ᠋ᠢ ᠬᠦᠴᠦᠯᠡᠨ ᠨᠡᠮᠡᠭ᠌ᠳᠡᠭᠦᠯᠵᠦ᠂ ᠬᠦᠴᠦᠨ᠎ᠢᠶᠡᠨ ᠲᠥᠪᠯᠡᠷᠡᠭᠦᠯᠦᠨ ᠮᠠᠨᠵᠤᠤᠷ᠂ ᠡᠷᠢᠶᠡᠨ ᠬᠣᠲᠠ᠎ᠶ᠋ᠢᠨ ᠶᠡᠷᠦᠩᠬᠡᠢᠯᠡᠭᠰᠡᠨ ᠬᠦᠢᠰᠦ ᠪᠣᠭᠣᠮᠲᠠ ᠵᠢ ᠴᠤᠬᠴᠠᠯᠠᠵᠤ᠂ ᠳᠣᠲᠣᠭᠠᠳᠤ ᠭᠠᠳᠠᠭᠠᠳᠤ ᠨᠡᠭᠡᠭᠡᠯᠲᠡ᠎ᠶ᠋ᠢᠨ ᠨᠡᠪᠲᠡᠷᠡᠯ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠦᠨᠡᠨ ᠬᠦ᠌ ᠴᠢᠩᠭᠠᠳᠭᠠᠵᠤ᠂ ᠡᠬᠡ ᠬᠠᠭᠤᠷᠠᠶ ᠪᠠ ᠳᠠᠯᠠᠢ᠎ᠶ᠋ᠢᠨ ᠬᠠᠮᠲᠤᠷᠠᠭ᠍ᠰᠠᠨ ᠲᠡᠭᠡᠭᠡᠪᠦᠷᠢ᠎ᠶ᠋ᠢᠨ ᠱᠢᠰᠲ᠋ᠧᠮ᠎ᠢ ᠪᠠᠢᠭᠤᠯᠵᠤ᠂ ᠳᠤᠮᠳᠠᠳᠤ ᠮᠣᠩᠭᠣᠯ᠎ᠤᠨ ᠦᠵᠡᠰᠭᠦᠯᠡᠩ᠎ᠤᠨ ᠴᠤᠬᠯᠠᠭᠠᠨ᠎ᠢ ᠴᠢᠷᠮᠠᠢᠨ ᠡᠬᠦᠳᠴᠤ᠂ ᠥᠪᠥᠷ ᠮᠣᠩᠭᠣᠯ᠎ᠤᠨ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠵᠡᠰᠭᠦᠯᠡᠩ᠎ᠤᠨ ᠴᠤᠬᠯᠠᠭᠠᠨ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠵᠡᠷᠭᠡ ᠥᠨᠳᠥᠷ ᠲᠡᠰ᠎ᠤᠨ ᠨᠡᠭᠡᠭᠡᠯᠲᠡᠲᠦ ᠬᠠᠮᠲᠤᠷᠠᠯᠴᠠᠭᠠᠨ᠎ᠤ ᠲᠠᠪᠴᠠᠩ᠎ᠢ ᠴᠢᠷᠮᠠᠢᠨ ᠪᠠᠢᠭᠤᠯᠵᠤ᠂ ᠪᠦᠬᠦ᠌ ᠲᠠᠯ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠨᠠᠩ ᠠᠮᠢᠵᠢᠷᠠᠯ᠎ᠤᠨ ᠬᠦᠴᠦᠨ ᠲᠠᠢ ᠪᠤᠯᠭᠠᠨ ᠪᠦᠳᠦᠬᠡᠨ ᠪᠠᠢᠭᠤᠯᠤᠨ᠎ᠠ ᠭᠡᠪᠡ᠃

ᠰᠦᠬᠡ᠂ ᠥᠪᠥᠷ ᠮᠣᠩᠭᠣᠯ ᠤ᠋ᠨ ᠬᠢᠨ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠡᠷᠡᠰ ᠭᠤᠢᠪᠢᠰᠢ ᠦᠭᠡᠢ ᠲᠤᠭᠤᠱᠢᠯᠠᠭᠤᠯᠵᠤ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠢᠷᠠᠭᠤ ᠠᠯᠳᠠᠷᠲᠤ ᠤᠯᠠᠮᠵᠢᠯᠠᠯ᠎ᠢᠶᠠᠨ ᠪᠠᠳᠠᠷᠠᠭᠤᠯᠵᠤ᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍᠎ᠪᠡᠨ ᠬᠠᠮᠲᠤᠳᠭᠠᠨ ᠬᠢᠯᠢ᠎ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌᠎ᠶ᠋ᠢ ᠪᠠᠷᠢᠮᠲᠠᠯᠠᠵᠤ᠂ ᠬᠢᠯᠢ᠎ᠶ᠋ᠢᠨ ᠬᠠᠮᠢᠶᠠᠷᠤᠨ ᠡᠵᠡᠮᠳᠡᠬᠦ᠌ ᠬᠦᠴᠦᠨ ᠪᠣᠯᠤᠨ ᠬᠢᠯᠢ᠎ᠶ᠋ᠢᠨ ᠬᠠᠮᠠᠭᠠᠯᠠᠯᠲᠠ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠬᠢᠯᠢ᠎ᠶ᠋ᠢ ᠲᠣᠭ᠍ᠲᠠᠪᠤᠷᠢᠵᠢᠭᠤᠯᠵᠤ ᠬᠢᠯᠢ᠎ᠶ᠋ᠢ ᠪᠡᠬᠢᠵᠢᠭᠦᠯᠬᠦ᠌ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠪᠡ᠃ ᠤᠢ᠍ᠢᠷ᠎ᠠ᠎ᠶ᠋ᠢᠨ ᠵᠢᠯ᠎ᠳᠦ ᠭᠠᠮᠱᠢᠭ᠎ᠢ ᠰᠡᠷᠭᠡᠢᠯᠡᠵᠤ ᠭᠠᠮᠱᠢᠭ᠎ᠢ ᠪᠠᠭᠠᠰᠭᠠᠬᠤ ᠭᠠᠮᠱᠢᠭ᠎ᠡᠴᠡ ᠠᠪᠤᠷᠠᠬᠤ ᠪᠠ ᠬᠦᠨᠳᠦ ᠶᠡᠬᠡ ᠭᠡᠨᠡᠳᠲᠡ ᠡᠭᠦᠰᠬᠦ ᠤᠯᠠᠨ ᠨᠡᠢᠲᠡ᠎ᠶ᠋ᠢᠨ ᠬᠡᠷᠡᠭ᠎ᠢ ᠱᠢᠢᠳᠪᠦᠷᠢᠯᠡᠬᠦ᠌ ᠪᠠᠲᠤᠯᠠᠭ᠎ᠠ᠎ᠶ᠋ᠢᠨ ᠴᠢᠳᠠᠪᠤᠷᠢ᠎ᠪᠠᠨ ᠦᠷᠭᠦᠯᠵᠢᠯᠡᠨ ᠳᠡᠭᠡᠭ᠌ᠰᠢᠯᠡᠭᠦᠯᠵᠦ᠍᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠡᠮᠡᠴᠡᠯ᠎ᠢ ᠪᠠᠢᠩᠭᠤᠵᠢᠭᠤᠯᠤᠨ ᠥᠷᠨᠢᠭᠦᠯᠵᠦ᠍᠂ ᠤᠯᠠᠨ ᠲᠦᠮᠡᠨ᠎ᠦ ᠲᠤᠰᠭᠠᠯ ᠎ᠢᠶᠡᠷ ᠴᠢᠩᠭ᠎ᠠ ᠪᠠᠢᠭ᠎ᠠ ᠬᠠᠤᠯᠢ᠎ᠶ᠋ᠢ ᠵᠥᠷᠢᠴᠡᠭ᠌ᠰᠡᠨ ᠡᠯ᠎ᠡ ᠲᠦᠷᠦᠯ᠎ᠦᠨ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠴᠢᠩᠭ᠎ᠠ ᠱᠢᠢᠳᠭᠡᠵᠦ᠍᠂ ᠠᠷᠠᠳ ᠤᠯᠠᠨ᠎ᠤ ᠠᠮᠤᠷ ᠲᠦᠪᠱᠢᠨ᠎ᠦ ᠲᠦᠷᠦᠭ᠌ᠳᠡᠯ ᠪᠠ ᠠᠮᠤᠷ ᠠᠮᠤᠭᠤᠯᠠᠩ᠎ᠤᠨ ᠪᠠᠢᠭᠤᠯᠤᠯᠲᠠ᠎ᠳᠤ ᠬᠠᠨᠤᠮᠵᠢᠳᠠᠢ ᠪᠠᠢᠬᠤ ᠬᠡᠮᠵᠢᠢ᠎ᠡ᠎ᠶ᠋ᠢ ᠳᠡᠭᠡᠭ᠌ᠰᠢᠯᠡᠭᠦᠯᠪᠡ᠃ 《ᠪᠢ ᠡᠬᠡ ᠤᠯᠤᠰ᠎ᠤᠨ᠎ᠢᠶᠠᠨ ᠲᠥᠯᠥᠭᠡ ᠨᠢᠭᠡ ᠡᠳᠦᠷ ᠬᠢᠯᠢ ᠬᠢᠵᠠᠭᠠᠷ᠎ᠢ ᠰᠠᠬᠢᠨ ᠬᠠᠮᠠᠭᠠᠯᠠᠨ᠎ᠠ》᠂ 《ᠪᠢ ᠤᠮᠠᠷᠠᠲᠤ ᠬᠢᠯᠢ᠎ᠳᠦ ᠨᠠᠷᠠᠠ ᠮᠠᠨᠳᠤᠬᠤ᠎ᠶ᠋ᠢ ᠬᠠᠷᠠᠯ᠎ᠠ》᠂ 《ᠬᠠᠮᠤᠭ᠎ᠤᠨ ᠭᠣᠶᠣ ᠬᠢᠯᠢ᠎ᠶ᠋ᠢᠨ ᠬᠠᠮᠠᠭᠠᠯᠠᠯᠲᠠ᠎ᠶ᠋ᠢᠨ ᠱᠤᠭᠤᠮ ᠰᠡᠳᠭᠢᠯ ᠨᠢᠭᠡᠳᠦᠨ ᠤᠮᠠᠷᠠᠲᠤ ᠬᠢᠯᠢ ᠪᠠᠨ ᠰᠠᠬᠢᠨ ᠬᠠᠮᠠᠭᠠᠯᠠᠶ᠎ᠠ》 ᠵᠡᠷᠭᠡ ᠠᠵᠢᠯᠯᠠᠭ᠎ᠠ᠎ᠶ᠋ᠢ ᠥᠷᠨᠢᠭᠦᠯᠵᠦ᠍᠂ ᠤᠯᠤᠰ᠎ᠢᠶᠠᠨ ᠬᠠᠢᠷᠠᠯᠠᠵᠤ ᠬᠢᠯᠢ ᠬᠢᠵᠠᠭᠠᠷ᠎ᠢᠶᠠᠨ ᠬᠠᠮᠠᠭᠠᠯᠠᠬᠤ ᠵᠣᠷᠢᠭ ᠰᠠᠨᠠᠭ᠎ᠠ᠎ᠶ᠋ᠢ ᠣᠯᠠᠨ ᠲᠦᠮᠡᠨ᠎ᠦ ᠰᠡᠳᠭᠢᠯ᠎ᠳᠦ ᠪᠠᠲᠤ ᠦᠨᠳᠦᠰᠦᠯᠡᠭᠦᠯᠪᠠ᠃ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠶ ᠠᠬᠢᠭᠤᠯᠵᠤ᠂ ᠬᠢᠯᠢ ᠬᠢᠵᠠᠭᠠᠷ ᠣᠷᠣᠨ᠎ᠤ ᠣᠯᠠᠨ ᠨᠡᠢᠲᠡ᠎ᠶ᠋ᠢᠨ ᠦᠨᠳᠦᠰᠦᠨ ᠦᠶ᠋ᠯᠡᠴᠢᠯᠡᠭᠡᠨ᠎ᠦ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠤ᠂ ᠨᠠᠩ ᠣᠯᠠᠨ ᠬᠥᠮᠦᠨ᠎ᠦ ᠬᠢᠯᠢ ᠬᠢᠵᠠᠭᠠᠷ ᠣᠷᠣᠨ᠎ᠳᠤ ᠣᠴᠢᠵᠤ ᠠᠵᠢᠯ ᠬᠢᠵᠤ ᠦᠶ᠋ᠯᠡᠰ ᠪᠤᠰᠭᠠᠨ ᠰᠠᠭᠤᠷᠢᠱᠢᠵᠤ᠂ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠵᠢ ᠲᠠᠢᠴᠢᠯᠠᠵᠤ᠂ ᠬᠢᠯᠢ ᠵᠢ ᠲᠣᠭ᠍ᠲᠠᠪᠤᠷᠢᠵᠢᠭᠤᠯᠵᠤ ᠬᠢᠯᠢ ᠵᠢ ᠪᠡᠬᠢᠵᠢᠭᠦᠯᠬᠦ᠌ 《ᠲᠡᠮᠦᠷ ᠬᠡᠷᠡᠮ ᠪᠣᠯᠣᠳ ᠬᠠᠨ᠎ᠠ》 ᠎ᠶ᠋ᠢ ᠴᠤᠭᠴᠠᠯᠠᠪᠠ ᠬᠡᠵᠤ ᠬᠡᠯᠡᠪᠡ᠃

ᠰᠦᠬᠡ᠂ ᠥᠪᠥᠷ ᠮᠣᠩᠭᠣᠯ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠵᠢᠨᠨ ᠠᠮᠢ ᠨᠠᠰᠤ᠎ᠡᠴᠡ ᠪᠠᠨ ᠴᠤ᠌ ᠡᠷᠬᠢᠮ ᠨᠠᠨᠳᠢᠨ᠎ᠢᠶᠠᠷ ᠦᠵᠡᠵᠦ᠍᠂ 2400 ᠭᠠᠷᠤᠢ ᠲᠦᠮᠡᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠡᠶ᠎ᠡ ᠨᠠᠢᠷᠲᠠᠢ ᠬᠠᠮᠲᠤ ᠪᠡᠷ ᠣᠷᠣᠱᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠬᠦ᠌ ᠤᠯᠤᠰ᠎ᠤᠨ ᠠᠷᠠᠳ ᠲᠦᠮᠡᠨ᠎ᠲᠡᠶ ᠬᠠᠮᠲᠤ ᠪᠠᠷ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠦᠰᠡᠯ ᠵᠡᠭᠦᠳᠦ᠍᠎ᠶ᠋ᠢ ᠪᠡᠶᠡᠯᠡᠭᠦᠯᠵᠦ᠍᠂ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ 2.32 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠠᠵᠤ ᠠᠬᠤᠢ ᠬᠥᠭ᠌ᠵᠢᠭ᠌ᠰᠡᠨ᠂ ᠦᠨᠳᠦᠰᠦᠲᠡᠨ ᠨᠤᠬᠦᠳ ᠪᠦᠯᠬᠦᠮᠳᠡᠭ᠌ᠰᠡᠨ᠂ ᠨᠡᠢᠭᠡᠮ ᠲᠣᠭ᠍ᠲᠠᠭᠤᠨ᠂ ᠬᠢᠯᠢ ᠬᠢᠵᠠᠭᠠᠷ ᠠᠮᠤᠷ ᠲᠣᠭ᠍ᠲᠠᠭᠤᠨ ᠰᠠᠢ᠌ᠨ ᠰᠠᠢᠬᠠᠨ ᠪᠠᠢᠳᠠᠯ᠎ᠢ ᠪᠠᠲᠤᠯᠠᠪᠠ᠃ ᠲᠠᠷᠠᠭᠠᠴᠢ᠎ᠶ᠋ᠢᠨ ᠠᠯᠬᠤᠮ᠎ᠳᠤ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠲᠠᠰᠤᠷᠠᠯᠲᠠ ᠥᠬᠡᠶ ᠪᠡᠬᠢᠵᠢᠭᠦᠯᠦᠨ ᠬᠥᠭ᠌ᠵᠢᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠠᠭᠤᠯᠬᠤᠨ ᠪᠠ ᠠᠭᠤᠯᠤᠬᠳᠠᠬᠤᠨ᠎ᠢ ᠪᠠᠶᠠᠯᠢᠭ᠍ᠵᠢᠭᠤᠯᠤᠨ ᠥᠷᠭᠡᠳᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠢ ᠪᠠᠢᠭᠤᠯᠬᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠪᠠ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠳᠥᠷᠪᠡᠨ ᠠᠵᠢᠯ᠎ᠢ ᠭᠤᠤᠯᠳᠠᠯᠭ᠎ᠠ᠎ᠲᠠᠶ ᠰᠠᠢᠲᠤᠷ ᠠᠳᠭᠤᠵᠤ᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠵᠤ᠂ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠨᠠᠩ ᠣᠯᠠᠨ ᠥᠪᠥᠷ ᠮᠣᠩᠭᠣᠯ᠎ᠤᠨ ᠬᠦᠴᠦᠨ ᠴᠢᠳᠠᠯ᠎ᠢ ᠡᠷᠭᠦᠵᠦ᠍᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠬᠠᠷᠢᠭᠤᠴᠠᠯᠭ᠎ᠠ ᠡᠭᠦᠷᠭᠡᠯᠡᠯ ᠪᠠ ᠴᠣᠭ ᠵᠢᠪᠬᠤᠭ᠎ᠠ᠎ᠶ᠋ᠢ ᠪᠥᠬᠥ᠌ ᠲᠠᠯ᠎ᠠ᠎ᠪᠠᠷ ᠢᠯᠡᠷᠡᠭᠦᠯᠦᠨ᠎ᠡ ᠬᠡᠵᠤ ᠲᠠᠨᠢᠯᠴᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面