2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-10 10:26:18

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ 9 ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠭᠤᠷᠪᠠᠳᠤᠭᠠᠷ ᠤᠳᠠᠭ᠎ᠠ᠎ᠶ᠋ᠢᠨ ᠬᠤᠷᠠᠯ ᠬᠢᠪᠡ᠃

ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ ᠬᠤᠷᠠᠯ᠎ᠢ ᠡᠷᠬᠢᠯᠡᠪᠡ᠃ ᠬᠤᠷᠠᠯ᠎ᠳᠤ ᠣᠷᠣᠯᠴᠠᠬᠤ ᠶᠣᠰᠣᠲᠠᠢ 192 ᠬᠥᠮᠦᠨ᠂ 189 ᠬᠥᠮᠦᠨ ᠣᠷᠣᠯᠴᠠᠵᠤ᠂ 3 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃

3 ᠰᠠᠷ᠎ᠠ᠎ᠶ᠋ᠢᠨ 8 ᠎ᠤ᠋ ᠦᠳᠡ᠎ᠶ᠋ᠢᠨ ᠬᠣᠢᠨ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠤᠨ ᠲᠥᠰᠦᠯ᠎ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ᠎ᠢ ᠦᠨᠳᠦᠰᠦᠯᠡᠵᠦ᠍᠂ ᠲᠣᠭ᠍ᠲᠠᠭᠠᠯ᠎ᠤᠨ ᠲᠥᠰᠦᠯ᠎ᠢ ᠬᠢᠨᠠᠨ ᠵᠥᠪᠯᠡᠵᠦ᠍᠂ ᠲᠣᠭ᠍ᠲᠠᠭᠠᠯ᠎ᠤᠨ ᠲᠥᠰᠦᠯ᠎ᠤᠨ ᠪᠠᠲᠤᠯᠠᠭᠤᠯᠬᠤ ᠨᠤᠤᠷᠠᠭ᠎ᠢ ᠳᠤᠷᠠᠳᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠱᠢᠨ ᠴᠦᠨ ᠶᠢᠩ᠎ᠦᠨ ᠬᠢᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠣᠭ᠍ᠲᠠᠭᠠᠯ᠎ᠤᠨ ᠲᠥᠰᠦᠯ᠎ᠳᠦ ᠵᠠᠰᠠᠪᠤᠷᠢ ᠣᠷᠣᠭᠤᠯᠬᠤ ᠰᠠᠨᠠᠯ᠎ᠤᠨ ᠲᠤᠬᠠᠢ ᠮᠡᠳᠡᠭᠦᠯᠦᠯᠲᠡ᠎ᠶ᠋ᠢ ᠰᠣᠨᠣᠰᠪᠠ᠃ ᠬᠤᠷᠠᠯ᠎ᠡᠴᠡ ᠪᠠᠲᠤᠯᠠᠬᠤ᠎ᠪᠡᠷ ᠲᠠᠮᠵᠢᠨ ᠳᠡᠭᠡᠷ᠎ᠡ ᠳᠤᠷᠠᠳᠤᠭ᠍ᠰᠠᠨ ᠮᠡᠳᠡᠭᠦᠯᠦᠯᠲᠡ ᠪᠣᠯᠤᠨ ᠲᠣᠭ᠍ᠲᠠᠭᠠᠯ᠎ᠤᠨ ᠲᠥᠰᠦᠯ ᠎ᠤᠨ ᠪᠠᠲᠤᠯᠠᠭᠤᠯᠬᠤ ᠨᠤᠤᠷᠠᠭ᠎ᠢ ᠪᠠᠲᠤᠯᠠᠵᠤ᠂ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠤᠨ ᠲᠥᠰᠦᠯ᠎ᠢ ᠶᠡᠬᠡ ᠬᠤᠷᠠᠯ᠎ᠤᠨ ᠪᠦᠬᠦᠳᠠ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ᠎ᠪᠠᠷ ᠲᠣᠭ᠍ᠲᠠᠪᠠ᠃

3 ᠰᠠᠷ᠎ᠠ᠎ᠶ᠋ᠢᠨ 8 ᠤ᠋ ᠦᠳᠡ᠎ᠶ᠋ᠢᠨ ᠬᠣᠢᠨ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠰᠦᠯ᠎ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠲᠥᠯᠥᠭᠡᠯᠡᠭ᠌ᠴᠢᠳ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠠᠢᠭᠤᠯᠤᠮᠵᠢ᠎ᠶ᠋ᠢᠨ ᠦᠭᠡᠷᠡᠴᠢᠯᠡᠯᠲᠡ᠎ᠵᠢᠨ ᠲᠥᠰᠦᠯ᠎ᠢ ᠵᠥᠪᠱᠢᠶᠡᠷᠡᠵᠦ᠍ ᠪᠠᠢᠬᠤ᠎ᠪᠠᠨ ᠢᠯᠡᠳᠭᠡᠵᠦ᠍᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠠᠢᠭᠤᠯᠤᠮᠵᠢ᠎ᠶ᠋ᠢᠨ ᠦᠭᠡᠷᠡᠴᠢᠯᠡᠯᠲᠡ᠎ᠵᠢᠨ᠌ ᠲᠥᠰᠦᠯ᠎ᠢ ᠰᠠᠨᠠᠯ ᠨᠢᠭᠡᠲᠡᠢ ᠵᠥᠪᠱᠢᠶᠡᠷᠡᠪᠡ᠃ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠡᠴᠡ ᠪᠠᠲᠤᠯᠠᠬᠤ᠎ᠪᠡᠷ ᠲᠠᠮᠵᠢᠨ ᠶᠡᠬᠡ ᠬᠤᠷᠠᠯ᠎ᠤᠨ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠰᠦᠯ᠎ᠦᠨ ᠲᠤᠬᠠᠢ ᠲᠣᠭ᠍ᠲᠠᠭᠠᠯ᠎ᠤᠨ ᠲᠦᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃

ᠨᠠᠮ᠎ᠤᠨ ᠲᠥᠪ ᠬᠣᠷᠢᠶ᠎ᠠ ᠵᠢᠨ ᠨᠠᠢᠳᠠᠯᠭ᠎ᠠ᠎ᠪᠠᠷ᠂ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠴᠧᠨ ᠰᠢ ᠨᠠᠮ᠎ᠤᠨ ᠲᠥᠪ ᠬᠣᠷᠢᠶ᠎ᠠ᠎ᠡᠴᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠳᠦ ᠲᠠᠨᠢᠯᠴᠠᠭᠤᠯᠤᠭ᠍ᠰᠠᠨ ᠱᠢᠨ᠎ᠡ ᠨᠢᠭᠡ ᠬᠤᠭᠤᠴᠠᠭᠠᠨ᠎ᠤ ᠲᠦᠷᠦ᠍᠎ᠶ᠋ᠢᠨ ᠪᠠᠢᠭᠤᠯᠤᠮᠵᠢ᠎ᠶ᠋ᠢᠨ ᠪᠦᠷᠢᠯᠳᠦᠬᠦᠨ ᠬᠥᠮᠦᠰ᠎ᠦᠨ ᠰᠠᠨᠠᠭᠤᠯᠭ᠎ᠠ᠎ᠶ᠋ᠢᠨ ᠨᠡᠷᠡᠰ᠎ᠦᠨ ᠲᠤᠬᠠᠢ ᠲᠣᠳᠣᠷᠬᠠᠢᠯᠠᠯᠲᠠ ᠬᠢᠪᠡ᠃

ᠴᠧᠨ ᠰᠢ᠂ ᠱᠢᠨ᠎ᠡ ᠨᠢᠭᠡ ᠬᠤᠭᠤᠴᠠᠭᠠᠨ᠎ᠤ ᠲᠥᠷᠦ᠍᠎ᠶ᠋ᠢᠨ ᠪᠠᠢᠭᠤᠯᠤᠮᠵᠢ᠎ᠶ᠋ᠢᠨ ᠪᠦᠷᠢᠯᠳᠦᠬᠦᠨ ᠬᠥᠮᠦᠰ ᠢᠯᠠᠩᠭᠤᠶ᠎ᠠ ᠲᠥᠷᠦ᠍᠎ᠶ᠋ᠢᠨ ᠪᠠᠢᠭᠤᠯᠤᠮᠵᠢ᠎ᠶ᠋ᠢᠨ ᠤᠳᠤᠷᠢᠳᠭᠤ ᠬᠥᠮᠦᠰ᠎ᠢ ᠰᠣᠩᠭᠣᠬᠤ ᠪᠠ ᠲᠤᠱᠢᠶᠠᠯ᠎ᠳᠤ ᠲᠣᠮᠢᠯᠠᠬᠤ᠎ᠪᠠᠷ ᠲᠣᠭ᠍ᠲᠠᠭᠠᠬᠤ ᠪᠣᠯ ᠡᠨᠡ ᠤᠳᠠᠭ᠎ᠠ ᠵᠢᠨ ᠶᠡᠬᠡ ᠬᠤᠷᠠᠯ᠎ᠤᠨ ᠭᠣᠣᠯ ᠡᠭᠦᠷᠭᠡ᠎ᠶ᠋ᠢᠨ ᠨᠢᠭᠡ ᠮᠥᠨ᠂ ᠪᠠᠰᠠ ᠴᠤ᠌ ᠪᠦᠬᠦ᠌ ᠲᠠᠯ᠎ᠠ᠎ᠳᠤ ᠬᠣᠯᠪᠣᠭ᠍ᠳᠠᠬᠤ ᠨᠢᠭᠡᠨ ᠶᠡᠬᠡ ᠶᠠᠪᠤᠳᠠᠯ ᠮᠥᠨ᠃ ᠶᠡᠷᠦᠩᠬᠡᠶ ᠱᠦᠵᠢ ᠰᠢ ᠵᠢᠨ ᠫᠢᠩ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠱᠢᠨ᠎ᠡ ᠨᠢᠭᠡ ᠬᠤᠭᠤᠴᠠᠭᠠᠨ᠎ᠤ ᠲᠥᠷᠥ᠎ᠶ᠋ᠢᠨ ᠪᠠᠢᠭᠤᠯᠤᠮᠵᠢ᠎ᠶ᠋ᠢᠨ ᠪᠦᠷᠢᠯᠳᠦᠬᠦᠨ ᠬᠥᠮᠦᠰ ᠢᠯᠠᠩᠭᠤᠶ᠎ᠠ ᠲᠥᠷᠥ᠎ᠶ᠋ᠢᠨ ᠪᠠᠢᠭᠤᠯᠤᠮᠵᠢ᠎ᠶ᠋ᠢᠨ ᠤᠳᠤᠷᠢᠳᠭᠤ ᠬᠥᠮᠦᠰ᠎ᠦᠨ ᠵᠢᠱ᠌ᠢᠭ᠌ᠳᠡᠭ᠌ᠰᠡᠳ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠵᠢᠯᠳᠠᠨ᠎ᠤ ᠶᠠᠪᠤᠳᠠᠯ᠎ᠤᠨ ᠲᠤᠬᠢᠷᠠᠭᠤᠯᠤᠯᠳᠠ᠎ᠶ᠋ᠢ ᠰᠤᠳᠤᠯᠬᠤ ᠦᠶ᠎ᠡ᠎ᠳᠦ ᠨᠢᠭᠡᠨᠲᠡ ᠪᠦᠬᠦ᠌ ᠲᠠᠯ᠎ᠠ᠎ᠪᠠᠷ ᠪᠣᠳᠣᠯᠬᠢᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠤᠳᠤᠷᠢᠳᠭᠤ ᠪᠠᠢᠭᠤᠯᠤᠮᠵᠢ᠎ᠶ᠋ᠢᠨ ᠵᠢᠱ᠌ᠢᠭ᠌ᠳᠡᠭ᠌ᠴᠢ᠎ᠲᠡᠶ ᠲᠤᠰᠭᠠᠶ ᠶᠠᠷᠢᠯᠴᠠᠵᠤ ᠪᠠᠢᠴᠠᠭᠠᠨ ᠰᠤᠳᠤᠯᠤᠯᠲᠠ ᠬᠢᠬᠦ᠌᠎ᠶ᠋ᠢᠨ ᠬᠠᠮᠲᠤ᠂ ᠱᠢᠨ᠎ᠡ ᠨᠢᠭᠡ ᠬᠤᠭᠤᠴᠠᠭᠠᠨ᠎ᠤ ᠲᠥᠷᠥ᠎ᠶ᠋ᠢᠨ ᠪᠠᠢᠭᠤᠯᠤᠮᠵᠢ᠎ᠶ᠋ᠢᠨ ᠤᠳᠤᠷᠢᠳᠭᠤ ᠬᠥᠮᠦᠰ᠎ᠦᠨ ᠬᠣᠯᠪᠣᠭ᠍ᠳᠠᠯ ᠪᠥᠬᠥᠶ ᠵᠢᠱ᠌ᠢᠭ᠌ᠳᠡᠭ᠌ᠴᠢ᠎ᠶ᠋ᠢᠨ ᠲᠤᠬᠠᠶ ᠨᠠᠮ ᠪᠣᠯᠤᠨ ᠤᠯᠤᠰ᠎ᠤᠨ ᠤᠳᠤᠷᠢᠳᠭᠤ ᠨᠥᠬᠥᠳ᠂ ᠮᠤᠵᠢ ᠶᠠᠮᠤᠨ᠎ᠤ ᠲᠠᠰ᠂ ᠴᠡᠷᠢᠭ ᠠᠩᠭᠢ᠎ᠶ᠋ᠢᠨ ᠪᠠᠢᠯᠳᠤᠭᠠᠨ᠎ᠤ ᠲᠣᠭᠣᠷᠢᠭ᠎ᠤᠨ ᠲᠠᠰ᠎ᠡᠴᠡ ᠳᠡᠭᠡᠭ᠌ᠰᠢᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ ᠭᠤᠤᠯ ᠬᠠᠷᠢᠭᠤᠴᠠᠯᠭᠠᠲᠠᠨ ᠨᠥᠬᠥᠳ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠪᠤᠰᠤᠳ ᠭᠡᠱᠢᠭᠦᠨ᠎ᠦ ᠲᠠᠨᠢᠯᠴᠠᠭᠤᠯᠤᠭ᠍ᠰᠠᠨ ᠰᠠᠨᠠᠯ ᠪᠣᠯᠤᠨ ᠬᠣᠯᠪᠣᠭ᠍ᠳᠠᠯ ᠪᠥᠬᠥᠶ ᠰᠠᠨᠠᠭᠤᠯᠭ᠎ᠠ᠎ᠶ᠋ᠢ ᠨᠢᠭᠤᠷᠲᠠᠨ ᠰᠣᠨᠣᠰᠪᠠ᠃ ᠨᠠᠮ᠎ᠤᠨ ᠲᠥᠪ ᠬᠣᠷᠢᠶ᠎ᠠ ᠵᠢᠨ ᠦᠵᠡᠬᠦ᠌᠎ᠪᠡᠷ᠂ ᠱᠢᠨ᠎ᠡ ᠨᠢᠭᠡ ᠬᠤᠭᠤᠴᠠᠭᠠᠨ᠎ᠤ ᠲᠦᠷᠦ᠍᠎ᠶ᠋ᠢᠨ ᠪᠠᠢᠭᠤᠯᠤᠮᠵᠢ᠎ᠶ᠋ᠢᠨ ᠤᠳᠤᠷᠢᠳᠭᠤ ᠬᠥᠮᠦᠰ᠎ᠦᠨ ᠵᠢᠱ᠌ᠢᠭ᠌ᠳᠡᠭ᠌ᠴᠢ᠎ᠶ᠋ᠢ ᠰᠣᠩᠭᠣᠨ ᠭᠠᠷᠭᠠᠬᠤ᠎ᠳᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠢᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》ᠵᠢᠡᠨ ᠴᠢᠩᠭᠠᠳᠭᠠᠵᠤ᠂《ᠲᠦᠷᠪᠡᠨ ᠢᠲᠡᠭᠡᠯ》ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ᠌ ᠬᠡᠷᠡᠭ᠌ᠲᠡᠢ;ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠭᠤᠢᠪᠢᠰᠢ ᠦᠭᠡᠢ ᠵᠠᠮᠨᠠᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠨ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠢ ᠴᠢᠩᠭᠠᠳᠭᠠᠵᠤ᠂ ᠡᠯ᠎ᠡ ᠲᠠᠯ᠎ᠠ᠎ᠶ᠋ᠢᠨ ᠬᠦᠴᠦᠨ᠎ᠢ ᠪᠦᠯᠬᠦᠮᠳᠡᠭᠦᠯᠦᠨ ᠨᠢᠭ᠍ᠲᠠᠷᠠᠭᠤᠯᠬᠤ ᠬᠡᠷᠡᠭ᠌ᠲᠡᠢ; ᠨᠠᠮ᠎ᠡᠴᠡ ᠺᠠᠳ᠋ᠷ᠎ᠢ ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠮᠣᠷᠠᠯ ᠴᠢᠳᠠᠪᠤᠷᠢ᠎ᠶ᠋ᠢ ᠬᠣᠣᠰᠯᠠᠭᠤᠯᠬᠤ᠂ ᠮᠣᠷᠠᠯ᠎ᠢ ᠲᠡᠷᠢᠭᠦᠨ᠎ᠳᠦ ᠲᠠᠯᠪᠢᠬᠤ᠂ ᠦᠷᠭᠡᠨ ᠬᠡᠪᠴᠢᠶ᠎ᠡ ᠪᠡᠷ ᠰᠢᠯᠢᠵᠦ᠂ ᠡᠷᠳᠡᠮᠲᠡᠨ ᠴᠢᠳᠠᠪᠤᠷᠢᠲᠠᠨ᠎ᠢ ᠬᠡᠷᠡᠭ᠌ᠯᠡᠬᠦ᠌᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠰᠠᠢ᠌ᠨ ᠺᠠᠳ᠋ᠷ᠎ᠤᠨ ᠪᠠᠷᠢᠮᠵᠢᠶ᠎ᠠ ᠪᠠ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠵᠢᠱ᠌ᠢᠭ᠌ᠳᠡᠭ᠌ᠴᠢ᠎ᠶ᠋ᠢᠨ ᠤᠯᠤᠰ ᠲᠦᠷᠦ᠍᠎ᠶ᠋ᠢᠨ ᠪᠣᠭᠣᠮᠲᠠ᠂ ᠠᠷᠢᠭᠤᠨ ᠴᠢᠬᠡᠴᠢ᠎ᠶ᠋ᠢᠨ ᠪᠣᠭᠣᠮᠲᠠ᠂ ᠲᠦᠷᠢ ᠲᠥᠷᠬᠦ᠌᠎ᠶ᠋ᠢᠨ ᠪᠣᠭᠣᠮᠲᠠ᠎ᠶ᠋ᠢ ᠴᠢᠩᠭ᠎ᠠ ᠰᠠᠬᠢᠬᠤ ᠬᠡᠷᠡᠭ᠌ᠲᠡᠢ; ᠤᠳᠤᠷᠢᠳᠭᠤ ᠪᠠᠭ᠎ᠤᠨ ᠪᠠᠢᠭᠤᠯᠤᠯᠲᠠ᠎ᠶ᠋ᠢ ᠢᠳᠡᠪᠬᠢᠲᠡᠢ ᠯᠠᠪᠳᠠᠭᠤᠨ᠎ᠢᠶᠠᠷ ᠠᠬᠢᠭᠤᠯᠵᠤ᠂ ᠱᠢᠨ᠎ᠡ᠎ᠪᠡᠷ ᠨᠡᠷ᠎ᠡ ᠳᠤᠷᠠᠳᠤᠭ᠍ᠰᠠᠨ ᠵᠢᠱ᠌ᠢᠭ᠌ᠳᠡᠭ᠌ᠰᠡᠳ᠎ᠢ ᠭᠣᠣᠯᠳᠠᠭᠤ ᠲᠤᠰ ᠬᠥᠮᠦᠨ᠎ᠦ ᠬᠡᠪ ᠪᠤᠯᠪᠠᠰᠤᠷᠠᠯ ᠪᠠ ᠨᠥᠬᠥᠴᠡᠯ᠎ᠢ ᠨᠢ ᠪᠣᠳᠣᠯᠬᠢᠯᠠᠵᠤ᠂ ᠵᠢᠱ᠌ᠢᠭ᠌ᠳᠡᠭ᠌ᠰᠡᠳ᠎ᠦᠨ ᠶᠣᠰᠣ ᠰᠤᠷᠲᠠᠬᠤᠨ ᠡᠷᠳᠡᠮ ᠴᠢᠳᠠᠪᠤᠷᠢ᠎ᠶ᠋ᠢᠨ ᠬᠡᠪ ᠴᠢᠨᠠᠷ᠂ ᠴᠢᠳᠠᠪᠤᠷᠢ ᠪᠠ ᠢᠮᠠᠭ᠍ᠲᠠ᠎ᠶ᠋ᠢᠨ ᠢᠯᠡᠷᠡᠯ᠎ᠢ ᠨᠢ ᠦᠵᠡᠬᠦ᠌ ᠮᠥᠷᠲᠡᠭᠡᠨ ᠪᠠᠰᠠ ᠵᠢᠱ᠌ᠢᠭ᠌ᠳᠡᠭ᠌ᠰᠡᠳ᠎ᠦᠨ ᠬᠢᠷᠢ ᠬᠡᠮ᠂ ᠥᠩᠭᠡᠷᠡᠯᠲᠡ ᠪᠠ ᠲᠥᠯᠥᠭᠡᠯᠡᠬᠦ᠌ ᠴᠢᠨᠠᠷ᠎ᠢ ᠨᠢ ᠦᠵᠡᠬᠦ᠌ ᠬᠡᠷᠡᠭ᠌ᠲᠡᠢ᠂ ᠡᠭᠦᠨ᠎ᠦ ᠬᠠᠮᠲᠤ ᠪᠠᠰᠠ ᠠᠵᠢᠯ᠎ᠤᠨ ᠬᠡᠷᠡᠭ᠌ᠴᠡᠭᠡ ᠪᠠ ᠪᠦᠲᠦᠴᠡ᠎ᠶ᠋ᠢᠨ ᠱᠠᠭᠠᠷᠳᠠᠯᠭ᠎ᠠ᠎ᠶ᠋ᠢ ᠨᠢ ᠪᠣᠳᠣᠯᠬᠢᠯᠠᠬᠤ ᠬᠡᠷᠡᠭ᠌ᠲᠡᠢ; ᠵᠢᠱ᠌ᠢᠭ᠌ᠳᠡᠭ᠌ᠰᠡᠳ᠎ᠦᠨ ᠳᠣᠲᠣᠷ᠎ᠠ ᠡᠯ᠎ᠡ ᠲᠠᠯ᠎ᠠ᠎ᠶ᠋ᠢᠨ ᠤᠳᠤᠷᠢᠳᠭᠤ ᠭᠣᠣᠯ ᠬᠦᠴᠦᠨ ᠪᠠᠢᠬᠤ ᠬᠡᠷᠡᠭ᠌ᠲᠡᠢ ᠪᠥᠭᠡᠳ ᠣᠨᠴᠠ ᠲᠣᠭ᠍ᠲᠠᠭ᠍ᠰᠠᠨ ᠲᠠᠯ᠎ᠠ᠎ᠶ᠋ᠢᠨ ᠲᠥᠯᠥᠭᠡᠯᠡᠬᠦ᠌ ᠴᠢᠨᠠᠷᠲᠠᠢ ᠬᠥᠮᠦᠰ ᠴᠦ᠍ ᠪᠠᠢᠬᠤ ᠬᠡᠷᠡᠭ᠌ᠲᠡᠢ᠂ ᠡᠮᠡᠭ᠌ᠲᠡᠢ ᠨᠥᠬᠥᠳ ᠪᠠ ᠴᠥᠭᠡᠨ ᠲᠣᠭᠠᠲᠤ ᠦᠨᠳᠦᠰᠦᠲᠡᠨ᠎ᠦ ᠨᠥᠬᠥᠳ ᠴᠦ᠍ ᠪᠠᠢᠬᠤ ᠬᠡᠷᠡᠭ᠌ᠲᠡᠢ ᠭᠡᠵᠠᠢ᠃

ᠴᠧᠨ ᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠬᠢᠨ ᠳᠡᠭᠡᠷ᠎ᠡ ᠳᠤᠷᠠᠳᠤᠭ᠍ᠰᠠᠨ ᠵᠠᠷᠴᠢᠮ ᠶᠣᠰᠣᠭᠠᠷ᠂ ᠠᠵᠢᠯ ᠪᠠ ᠪᠠᠭ᠎ᠤᠨ ᠪᠦᠲᠦᠴᠡ᠎ᠶ᠋ᠢᠨ ᠬᠡᠷᠡᠭ᠌ᠴᠡᠭᠡ ᠵᠢᠴᠢ ᠣᠨᠴᠠ ᠵᠠᠷᠢᠮ ᠶᠠᠷᠢᠯᠴᠠᠭ᠎ᠠ ᠪᠠᠢᠴᠠᠭᠠᠨ ᠰᠤᠳᠤᠯᠤᠯᠲᠠ ᠬᠢᠵᠦ᠍ ᠰᠤᠨᠤᠰᠤᠬᠰᠠᠨ ᠰᠠᠨᠠᠯ᠂ ᠵᠣᠬᠢᠶᠠᠨ ᠪᠠᠢᠭᠤᠯᠤᠯᠳᠠ ᠵᠢᠨ ᠡᠵᠡᠮᠱᠢᠭ᠌ᠰᠡᠨ ᠪᠠᠢᠳᠠᠯ᠎ᠢ ᠦᠨᠳᠦᠰᠦᠯᠡᠨ᠂ ᠳᠠᠬᠢᠨ ᠳᠠᠪᠲᠠᠨ ᠠᠳᠠᠯᠢᠳᠭᠠᠨ ᠰᠣᠩᠭᠣᠬᠤ᠂ ᠨᠢᠭᠡᠳᠦᠯᠲᠡᠶ ᠲᠥᠯᠥᠪᠵᠢᠬᠦᠯᠤᠨ ᠪᠣᠳᠣᠯᠬᠢᠯᠠᠬᠤ᠂ ᠭᠦᠶ᠋ᠴᠡᠳ ᠶᠠᠷᠢᠯᠴᠠᠬᠤ᠂ ᠣᠯᠠᠨ ᠤᠳᠠᠭ᠎ᠠ ᠰᠠᠨᠠᠯ ᠨᠡᠪᠲᠡᠷᠡᠯᠴᠡᠬᠦ᠌᠂ ᠡᠯ᠎ᠡ ᠲᠠᠯ᠎ᠠ᠎ᠶ᠋ᠢ ᠬᠠᠮᠲᠤ᠎ᠳᠤᠨᠢ ᠬᠠᠷᠠᠭᠠᠯᠵᠠᠬᠤ᠎ᠪᠠᠷ ᠳᠠᠮᠵᠢᠭᠤᠯᠵᠤ᠂ ᠱᠢᠨ᠎ᠡ ᠨᠢᠭᠡ ᠬᠤᠭᠤᠴᠠᠭᠠᠨ᠎ᠤ ᠲᠥᠷᠥ᠎ᠶ᠋ᠢᠨ ᠪᠠᠢᠭᠤᠯᠤᠮᠵᠢ᠎ᠶ᠋ᠢᠨ ᠤᠳᠤᠷᠢᠳᠭᠤ ᠬᠥᠮᠦᠰ᠎ᠦᠨ ᠵᠢᠱ᠌ᠢᠭ᠌ᠳᠡᠭ᠌ᠴᠢ᠎ᠶ᠋ᠢᠨ ᠨᠡᠷᠡᠰ᠎ᠢ ᠳᠤᠷᠠᠳᠤᠨ ᠭᠠᠷᠭᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠰᠤ ᠵᠢᠱ᠌ᠢᠭ᠌ᠳᠡᠭ᠌ᠴᠢ᠎ᠶ᠋ᠢᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠨᠢᠭᠡᠳᠦᠮᠡᠯ ᠹᠷᠣᠨᠲ ᠤ᠋ᠨ ᠬᠡᠯᠲᠡᠰ ᠪᠣᠯᠤᠨ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠢ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠠᠷᠢᠭᠤᠴᠠᠯᠭᠠᠲᠠᠨ᠎ᠤ ᠰᠠᠨᠠᠯ᠎ᠢ ᠲᠤᠰ ᠲᠤᠰ ᠰᠣᠨᠣᠰᠪᠠ᠃ ᠱᠢᠨ᠎ᠡ᠎ᠪᠡᠷ ᠨᠡᠷ᠎ᠡ ᠳᠤᠷᠠᠳᠭᠤ᠎ᠪᠠᠷ ᠪᠠᠢᠭ᠎ᠠ ᠵᠢᠱ᠌ᠢᠭ᠌ᠳᠡᠭ᠌ᠴᠢ᠎ᠵᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠢᠱ᠌ᠢᠭ᠌ᠳᠡᠭ᠌ᠴᠢ᠎ᠳᠦ ᠱᠢᠨᠵᠢᠯᠡᠨ ᠪᠠᠢᠴᠠᠭᠠᠯᠲᠠ ᠬᠢᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠰᠤ ᠵᠢᠱ᠌ᠢᠭ᠌ᠳᠡᠭ᠌ᠴᠢ᠎ᠳᠦ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠢ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠤᠭᠤᠴᠠᠭ᠎ᠠ ᠰᠣᠯᠢᠬᠤ ᠱᠢᠨᠵᠢᠯᠡᠨ ᠪᠠᠢᠴᠠᠭᠠᠯᠲᠠ᠎ᠶ᠋ᠢᠨ ᠰᠠᠭᠤᠷᠢᠨ ᠳᠡᠭᠡᠷ᠎ᠡ ᠪᠠᠰᠠ ᠲᠤᠰᠭᠠᠢ ᠱᠢᠨᠵᠢᠯᠡᠨ ᠪᠠᠢᠴᠠᠭᠠᠯᠲᠠ ᠬᠢᠵᠦ᠍᠂ ᠵᠠᠷᠢᠮ ᠢ᠋ ᠨᠢ ᠵᠣᠬᠢᠰᠲᠠᠢ ᠠᠷᠭ᠎ᠠ ᠬᠡᠯᠪᠡᠷᠢ᠎ᠪᠡᠷ ᠵᠣᠬᠢᠬᠤ ᠬᠡᠪᠴᠢᠶᠡᠨ᠎ᠳᠦ ᠰᠠᠨᠠᠯ ᠰᠣᠨᠣᠰᠤᠭ᠍ᠰᠠᠨ ᠪᠥᠭᠡᠳ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠳᠠᠯ᠎ᠤᠨ ᠲᠤᠬᠠᠢ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠢ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠰᠠᠨᠠᠯ᠎ᠢ ᠰᠣᠨᠣᠰᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠬᠤᠷᠠᠯ ᠪᠣᠯᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠬᠤᠷᠠᠯ᠎ᠡᠴᠡ ᠶᠠᠷᠢᠯᠴᠠᠵᠤ᠂ ᠱᠢᠨ᠎ᠡ ᠨᠢᠭᠡ ᠬᠤᠭᠤᠴᠠᠭᠠᠨ᠎ᠤ ᠲᠦᠷᠦ᠍᠎ᠶ᠋ᠢᠨ ᠪᠠᠢᠭᠤᠯᠤᠮᠵᠢ᠎ᠶ᠋ᠢᠨ ᠤᠳᠤᠷᠢᠳᠭᠤ ᠬᠥᠮᠦᠰ᠎ᠦᠨ ᠵᠢᠱ᠌ᠢᠭ᠌ᠳᠡᠭ᠌ᠴᠢ ᠵᠡᠷᠭᠡ ᠰᠠᠨᠠᠭᠤᠯᠭ᠎ᠠ᠎ᠶ᠋ᠢᠨ ᠨᠡᠷᠡᠰ᠎ᠢ ᠳᠤᠷᠠᠳᠪᠠ᠃ 2 ᠰᠠᠷ᠎ᠠ᠎ᠶ᠋ᠢᠨ 28 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠬᠢᠨ ᠠᠷᠠᠳᠴᠢᠯᠠᠯ᠎ᠢᠶᠠᠷ ᠵᠥᠪᠯᠡᠬᠦ᠌ ᠬᠤᠷᠠᠯ ᠬᠤᠷᠠᠯᠳᠤᠭᠤᠯᠵᠤ᠂ ᠵᠢᠱ᠌ᠢᠭ᠌ᠳᠡᠭ᠌ᠴᠢ᠎ᠶ᠋ᠢᠨ ᠰᠠᠨᠠᠭᠤᠯᠭ᠎ᠠ᠎ᠶ᠋ᠢᠨ ᠨᠡᠷᠡᠰ᠎ᠦᠨ ᠲᠤᠬᠠᠶ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠠᠷᠢᠭᠤᠴᠠᠯᠭᠠᠲᠠᠨ ᠪᠠ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢ᠎ᠲᠡᠶ ᠵᠥᠪᠳᠡᠯᠴᠡᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠬᠣᠶᠠᠳᠤᠭᠠᠷ ᠪᠥᠬᠥᠳᠡ ᠬᠤᠷᠠᠯ᠎ᠡᠴᠡ ᠵᠢᠱ᠌ᠢᠭ᠌ᠳᠡᠭ᠌ᠴᠢ ᠵᠢᠨ ᠰᠠᠨᠠᠭᠤᠯᠭ᠎ᠠ᠎ᠶ᠋ᠢᠨ ᠨᠡᠷᠡᠰ᠎ᠢ ᠬᠢᠨᠠᠨ ᠶᠠᠷᠢᠯᠴᠠᠵᠤ ᠪᠠᠲᠤᠯᠠᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠳᠦ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠦᠭ᠌ᠰᠡᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠭᠡᠱᠢᠭᠦᠨ᠎ᠦ ᠵᠢᠱ᠌ᠢᠭ᠌ᠳᠡᠭ᠌ᠴᠢ᠎ᠶ᠋ᠢᠨ ᠰᠠᠨᠠᠭᠤᠯᠭ᠎ᠠ᠎ᠶ᠋ᠢᠨ ᠨᠡᠷᠡᠰ᠎ᠢ ᠪᠣᠯ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠬᠡᠷᠡᠭ᠌ᠴᠡᠭᠡ ᠪᠣᠯᠤᠨ ᠪᠦᠲᠦᠴᠡ᠎ᠶ᠋ᠢᠨ ᠱᠠᠭᠠᠷᠳᠠᠯᠭ᠎ᠠ᠎ᠶ᠋ᠢ ᠦᠨᠳᠦᠰᠦᠯᠡᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠣᠯᠤᠨ ᠡᠯ᠎ᠡ ᠠᠷᠠᠳᠴᠢᠯᠠᠭ᠍ᠰᠠᠨ ᠨᠠᠮ ᠪᠦᠯᠦᠭ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠵᠢᠴᠢ ᠪᠤᠰᠤᠳ ᠬᠣᠯᠪᠣᠭ᠍ᠳᠠᠯ ᠪᠦᠬᠦᠢ ᠲᠠᠯ᠎ᠠ ᠡᠴᠨ᠎ᠲᠠᠨᠢᠯᠴᠠᠭᠤᠯᠤᠭ᠍ᠰᠠᠨ ᠰᠠᠭᠤᠷᠢᠨ ᠳᠡᠭᠡᠷ᠎ᠡ᠂ ᠨᠠᠮ᠎ᠤᠨ ᠳᠣᠲᠣᠨ᠎ᠠ ᠭᠠᠳᠠᠨ᠎ᠠ ᠳᠠᠬᠢᠨ ᠳᠠᠪᠲᠠᠨ ᠶᠠᠷᠢᠯᠴᠠᠵᠤ᠂ ᠵᠥᠪᠳᠡᠯᠴᠡᠵᠦ᠍᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠬᠤᠷᠠᠯ ᠪᠣᠯᠤᠨ ᠲᠥᠪ᠎ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠬᠤᠷᠠᠯ᠎ᠡᠴᠡ ᠰᠤᠳᠤᠯᠤᠨ ᠳᠤᠷᠠᠳᠤᠭ᠍ᠰᠠᠨ ᠶᠤᠮ᠃ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠨᠠᠷᠢᠨ ᠪᠢᠴᠢᠭ᠎ᠦᠨ ᠳᠠᠷᠤᠭ᠎ᠠ᠂ ᠡᠯ᠎ᠡ ᠶᠠᠮᠤᠨ᠎ᠤ ᠰᠠᠢᠳ᠂ ᠡᠯ᠎ᠡ ᠵᠦᠪᠯᠡᠯ᠎ᠤᠨ ᠡᠷᠬᠢᠯᠡᠭ᠌ᠴᠢ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠳᠠᠷᠤᠭ᠎ᠠ᠂ ᠬᠢᠨᠠᠨ ᠪᠤᠳᠤᠬᠤ ᠳᠠᠷᠤᠭ᠎ᠠ᠎ᠶ᠋ᠢᠨ ᠵᠢᠱ᠌ᠢᠭ᠌ᠳᠡᠭ᠌ᠴᠢ ᠵᠢᠨ ᠰᠠᠨᠠᠭᠤᠯᠭ᠎ᠠ᠎ᠶ᠋ᠢᠨ ᠨᠡᠷᠡᠰ᠎ᠢ ᠪᠣᠯ ᠡᠯ᠎ᠡ ᠲᠠᠯ᠎ᠠ᠎ᠶ᠋ᠢᠨ ᠬᠢᠨ᠎ᠦ ᠰᠠᠨᠠᠯ᠎ᠢ ᠪᠠᠢᠴᠠᠭᠠᠨ ᠰᠣᠨᠣᠰᠤᠭ᠍ᠰᠠᠨ ᠰᠠᠭᠤᠷᠢᠨ ᠳᠡᠭᠡᠷ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠢ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠬᠤᠷᠠᠯ ᠪᠠ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠬᠤᠷᠠᠯ᠎ᠡᠴᠡ ᠰᠤᠳᠤᠯᠵᠤ ᠳᠤᠷᠠᠳᠤᠭ᠍ᠰᠠᠨ ᠶᠤᠮ ᠬᠡᠪᠡ᠃

ᠴᠧᠨ ᠰᠢ᠂ ᠡᠨᠡ ᠤᠳᠠᠭ᠎ᠠ ᠵᠢᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭ᠎ᠠ ᠰᠣᠯᠢᠬᠤ ᠦᠶ᠎ᠡ᠎ᠳᠦ ᠵᠠᠷᠢᠮ ᠨᠥᠬᠥᠳ᠎ᠢ ᠨᠠᠰᠤ ᠪᠤᠶᠤ ᠠᠵᠢᠯ᠎ᠤᠨ ᠬᠤᠪᠢᠷᠠᠯᠲᠠ ᠵᠡᠷᠭᠡ ᠱᠢᠯᠲᠠᠭᠠᠨ᠎ᠡᠴᠡ ᠪᠣᠯᠣᠭᠠᠳ ᠦᠷᠭᠦᠯᠵᠢᠯᠡᠨ ᠨᠡᠷ᠎ᠡ ᠳᠤᠷᠠᠳᠤᠭ᠍ᠰᠠᠨ ᠦᠭᠡᠶ᠃ ᠤᠷᠲᠤ ᠬᠤᠭᠤᠴᠠᠭᠠᠨ᠎ᠤ ᠲᠤᠷᠰᠢ᠂ ᠲᠡᠳᠡ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠲᠥᠯᠥᠭᠡ ᠱᠢᠷᠭᠠᠭᠤ ᠬᠠᠲᠠᠭᠤᠵᠢᠯᠲᠠᠢ ᠠᠵᠢᠯᠯᠠᠵᠤ᠂ ᠳᠤᠮᠳᠠᠳᠤ ᠤᠯᠤᠰ᠎ᠤᠨ ᠣᠨᠴᠠᠯᠢᠭ ᠳᠠᠢ ᠨᠡᠢᠭᠡᠮ ᠵᠢᠷᠤᠮ᠎ᠤᠨ ᠦᠢᠯᠡᠰ᠎ᠦᠨ ᠪᠦᠲᠦᠭᠡᠨ ᠪᠠᠢᠭᠤᠯᠤᠯᠲᠠ ᠪᠠ ᠬᠥᠭ᠌ᠵᠢᠯᠲᠡ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠦᠭ᠌ᠰᠡᠨ ᠪᠥᠭᠡᠳ ᠡᠨᠡ ᠤᠳᠠᠭ᠎ᠠ ᠪᠠᠰᠠ ᠪᠣᠳᠠᠲᠤ ᠠᠵᠢᠯᠯᠠᠭ᠎ᠠ᠎ᠪᠠᠷ᠎ᠢᠶᠠᠨ ᠲᠦᠷᠦ᠍᠎ᠶ᠋ᠢᠨ ᠪᠠᠢᠭᠤᠯᠤᠮᠵᠢ᠎ᠶ᠋ᠢᠨ ᠪᠦᠷᠢᠯᠳᠦᠬᠦᠨ᠎ᠦ ᠱᠢᠨ᠎ᠡ ᠬᠠᠭᠤᠴᠢᠨ᠎ᠤ ᠬᠠᠯᠠᠭ᠎ᠠ ᠵᠠᠯᠭᠠᠮᠵᠢ᠎ᠶ᠋ᠢ ᠪᠡᠶᠡᠯᠡᠭᠦᠯᠬᠦ᠌᠎ᠳᠦ ᠱᠢᠨ᠎ᠡ ᠬᠤᠪᠢ ᠨᠡᠮᠡᠷᠢ ᠦᠵᠡᠭᠦᠯᠦᠭ᠌ᠰᠡᠨ ᠶᠤᠮ᠃ ᠪᠢᠳᠡ ᠲᠡᠳᠡᠨ᠎ᠳᠦ ᠡᠷᠬᠢᠮ ᠳᠡᠭᠡᠳᠦ ᠬᠦᠨᠳᠦᠳᠭᠡᠯ᠎ᠢᠶᠡᠨ ᠳᠡᠪᠱᠢᠭᠦᠯᠵᠤ ᠪᠠᠢᠨ᠎ᠠ ᠬᠡᠪᠡ᠃

ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠡᠴᠡ ᠪᠠᠲᠤᠯᠠᠬᠤ᠎ᠪᠡᠷ ᠲᠠᠮᠵᠢᠨ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭ᠌ᠴᠢ᠎ᠶ᠋ᠢᠨ ᠵᠢᠱ᠌ᠢᠭ᠌ᠳᠡᠭ᠌ᠴᠢ᠂ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ᠎ᠶ᠋ᠢᠨ ᠵᠢᠱ᠌ᠢᠭ᠌ᠳᠡᠭ᠌ᠴᠢ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠤᠷᠢᠶᠠᠨ ᠳᠠᠷᠤᠭ᠎ᠠ᠂ ᠳᠡᠳ᠋ ᠬᠤᠷᠢᠶᠠᠨ ᠳᠠᠷᠤᠭ᠎ᠠ᠂ ᠨᠠᠷᠢᠨ ᠪᠢᠴᠢᠭ᠎ᠦᠨ ᠳᠠᠷᠤᠭ᠎ᠠ᠎ᠶ᠋ᠢᠨ ᠵᠢᠱ᠌ᠢᠭ᠌ᠳᠡᠭ᠌ᠴᠢ᠂ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠡᠳ᠋ ᠲᠡᠷᠢᠭᠦᠯᠡᠭ᠌ᠴᠢ᠎ᠶ᠋ᠢᠨ ᠵᠢᠱ᠌ᠢᠭ᠌ᠳᠡᠭ᠌ᠴᠢ᠎ᠶ᠋ᠢ ᠲᠡᠷᠢᠭᠦᠯᠡᠭ᠌ᠴᠢᠳ᠎ᠦᠨ ᠪᠦᠯᠬᠦᠮ᠎ᠦᠨ ᠬᠤᠪᠢ᠎ᠪᠠᠷ ᠨᠡᠷ᠎ᠡ ᠳᠤᠷᠠᠳᠴᠤ᠌᠂ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠲᠡᠪᠰᠢᠬᠦᠯᠵᠤ ᠵᠥᠪᠳᠡᠯᠴᠡᠭᠦᠯᠬᠦ ᠪᠡᠷ ᠲᠤᠭᠳᠠᠪᠠ᠃

ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠭᠠᠨ ᠵᠢᠶ᠍ᠸ᠂ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ ᠬᠤᠷᠠᠯ᠎ᠳᠤ ᠣᠷᠣᠯᠴᠠᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 9 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面