2023-03-10 10:29:38
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ 9 ᠤ᠋ ᠦᠳᠡ᠎ᠶ᠋ᠢᠨ ᠬᠣᠢᠨ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠥᠷᠪᠡᠳᠦᠭᠡᠷ ᠤᠳᠠᠭ᠎ᠠ ᠵᠢᠨ ᠬᠤᠷᠠᠯ ᠬᠢᠪᠡ᠃
ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ ᠬᠤᠷᠠᠯ᠎ᠢ ᠡᠷᠬᠢᠯᠡᠪᠡ᠃ ᠬᠤᠷᠠᠯ᠎ᠳᠤ ᠣᠷᠣᠯᠴᠠᠬᠤ ᠶᠣᠰᠣᠲᠠᠢ 192 ᠬᠥᠮᠦᠨ᠂ 191 ᠬᠥᠮᠦᠨ ᠣᠷᠣᠯᠴᠠᠵᠤ᠂ 1 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠠ᠃
ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠡᠴᠡ ᠪᠠᠲᠤᠯᠠᠬᠤ᠎ᠪᠡᠷ ᠲᠠᠮᠵᠢᠨ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠰᠦᠯ᠎ᠦᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠣᠭ᠍ᠲᠠᠭᠠᠯ᠎ᠤᠨ ᠲᠥᠰᠦᠯ᠎ᠢ ᠶᠡᠬᠡ ᠬᠤᠷᠠᠯ᠎ᠤᠨ ᠪᠦᠬᠦᠳᠠ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ᠎ᠪᠡᠷ ᠲᠣᠭ᠍ᠲᠠᠪᠠ᠃
3 ᠰᠠᠷ᠎ᠠ᠎ᠶ᠋ᠢᠨ 8 ᠤ᠋ ᠦᠳᠡ᠎ᠶ᠋ᠢᠨ ᠬᠣᠢᠨ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠰᠣᠩᠭᠣᠭᠤᠯᠢ ᠬᠢᠬᠦ᠌ ᠪᠠ ᠲᠤᠱᠢᠶᠠᠯ᠎ᠳᠤ ᠲᠣᠮᠢᠯᠠᠬᠤ᠎ᠪᠠᠷ ᠲᠣᠭ᠍ᠲᠠᠭᠠᠬᠤ ᠠᠷᠭ᠎ᠠ᠎ᠶ᠋ᠢᠨ ᠲᠥᠰᠦᠯ᠎ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ᠎ᠢ ᠦᠨᠳᠦᠰᠦᠯᠡᠵᠦ᠍᠂ ᠡᠨᠡ ᠬᠦ᠌ ᠠᠷᠭ᠎ᠠ᠎ᠶ᠋ᠢᠨ ᠲᠥᠰᠦᠯ᠎ᠢ ᠶᠡᠬᠡ ᠬᠤᠷᠠᠯ᠎ᠤᠨ ᠪᠦᠬᠦᠳᠡ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ᠎ᠪᠠᠷ ᠰᠠᠨᠠᠭᠤᠯᠪᠠ᠃ ᠬᠤᠷᠠᠯ᠎ᠡᠴᠡ ᠪᠠᠲᠤᠯᠠᠬᠤ᠎ᠪᠡᠷ ᠲᠠᠮᠵᠢᠨ᠂ ᠠᠷᠭ᠎ᠠ᠎ᠶ᠋ᠢᠨ ᠲᠥᠰᠦᠯ᠎ᠢ ᠶᠡᠬᠡ ᠬᠤᠷᠠᠯ᠎ᠤᠨ ᠪᠦᠬᠦᠳᠠ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ᠎ᠪᠡᠷ ᠲᠣᠭ᠍ᠲᠠᠪᠠ᠃
3 ᠰᠠᠷ᠎ᠠ᠎ᠶ᠋ᠢᠨ 8 ᠤ᠋ ᠦᠳᠡ᠎ᠶ᠋ᠢᠨ ᠬᠣᠢᠨ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠲᠣᠰᠪᠣᠷᠢ 1 ᠪᠢᠯᠧᠲ ᠬᠢᠨᠠᠭ᠍ᠤ ᠵᠢᠱ᠌ᠢᠭᠳᠡᠭᠴᠢ ᠵᠢ ᠲᠡᠪᠰᠢᠬᠦᠯᠦᠨ ᠰᠤᠨᠭᠭᠤᠵᠤ᠂ ᠨᠡᠢ᠌ᠳᠡ 35 ᠪᠢᠯᠧᠲ ᠬᠢᠨᠠᠬᠤ ᠵᠢᠱ᠌ᠢᠭᠳᠡᠭᠴᠢ ᠵᠢ ᠰᠣᠩᠭᠣᠨ ᠭᠠᠷᠭᠠᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠰᠤᠳᠤᠯᠤᠭᠠᠳ ᠶᠡᠷᠦᠩᠬᠡᠢ ᠪᠢᠯᠧᠲ ᠬᠢᠨᠠᠭ᠍ᠴᠢ᠎ᠵᠢᠨ ᠰᠠᠨᠠᠭᠤᠯᠭ᠎ᠠ ᠵᠢᠨ ᠵᠢᠱ᠌ᠢᠭ᠌ᠳᠡᠭ᠌ᠴᠢ ᠵᠢ ᠳᠤᠷᠠᠳᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠡᠴᠡ ᠶᠡᠷᠦᠩᠬᠡᠢ ᠪᠢᠯᠧᠲ ᠬᠢᠨᠠᠭ᠍ᠴᠢ᠂ ᠪᠢᠯᠧᠲ ᠬᠢᠨᠠᠭ᠍ᠴᠢ᠎ᠶ᠋ᠢᠨ ᠨᠡᠷᠡᠰ᠎ᠦᠨ ᠲᠥᠰᠦᠯ᠎ᠢ ᠪᠠᠲᠤᠯᠠᠵᠤ᠂ ᠶᠡᠬᠡ ᠬᠤᠷᠠᠯ᠎ᠤᠨ ᠪᠦᠬᠦᠳᠡ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ᠎ᠪᠠᠷ ᠲᠣᠭ᠍ᠲᠠᠪᠠ᠃ ᠶᠡᠷᠦᠩᠬᠡᠢ ᠪᠢᠯᠧᠲ ᠬᠢᠨᠠᠭ᠍ᠴᠢ ᠪᠣᠯᠤᠨ ᠪᠢᠯᠧᠲ ᠬᠢᠨᠠᠭ᠍ᠴᠢ ᠨᠢ ᠲᠡᠷᠢᠭᠦᠯᠡᠭ᠌ᠴᠢᠳ᠎ᠦᠨ ᠪᠦᠯᠬᠦᠮ᠎ᠦᠨ ᠤᠳᠤᠷᠢᠳᠤᠯᠭ᠎ᠠ ᠳᠣᠣᠷ᠎ᠠ᠂ ᠲᠦᠷᠤ᠎ᠶ᠋ᠢᠨ ᠪᠠᠢᠭᠤᠯᠤᠮᠵᠢ᠎ᠶ᠋ᠢᠨ ᠪᠦᠷᠢᠯᠳᠦᠬᠦᠨ᠎ᠳᠤ ᠪᠢᠯᠧᠲ ᠥᠭ᠌ᠴᠦ ᠰᠣᠩᠭᠣᠭᠤᠯᠢ ᠬᠢᠬᠦ ᠪᠠ ᠲᠤᠱᠢᠶᠠᠯ᠎ᠳᠤ ᠲᠣᠮᠢᠯᠠᠬᠤ᠎ᠶ᠋ᠢ ᠲᠣᠭ᠍ᠲᠠᠭᠠᠬᠤ ᠪᠢᠯᠧᠲ ᠬᠤᠪᠢᠶᠠᠬᠤ᠂ ᠪᠢᠯᠧᠲ ᠥᠭ᠌ᠬᠦ ᠂ ᠪᠢᠯᠧᠲ ᠪᠦᠷᠢᠳᠭᠡᠬᠦ᠌ ᠠᠵᠢᠯ᠎ᠳᠤ ᠬᠢᠨᠠᠯᠲᠠ ᠲᠠᠯᠪᠢᠬᠤ ᠪᠤᠯᠤᠨ᠎ᠠ᠃
ᠬᠤᠷᠠᠯ᠎ᠡᠴᠡ ᠪᠠᠲᠤᠯᠠᠬᠤ᠎ᠪᠡᠷ ᠲᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠦᠨᠳᠦᠰᠦᠨ ᠬᠠᠤᠯᠢ᠎ᠳᠤ ᠲᠠᠩᠭᠠᠷᠢᠭ᠍ᠯᠠᠬᠤ ᠵᠢ ᠵᠣᠬᠢᠶᠠᠨ ᠪᠠᠢᠭᠤᠯᠬᠤ ᠠᠷᠭ᠎ᠠ᠎ᠶ᠋ᠢ ᠪᠠᠲᠤᠯᠠᠪᠠ᠃
ᠬᠤᠷᠠᠯ᠎ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ ᠯᠢᠦ ᠵᠢᠶᠦ᠋ᠨ ᠴᠧᠨ᠎ᠦ ᠬᠢᠭ᠌ᠰᠡᠨ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠱᠢᠶ᠋ᠳᠪᠦᠷᠢᠯᠡᠬᠦ᠌ ᠰᠠᠨᠠᠯ᠎ᠤᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠮᠡᠳᠡᠭᠦᠯᠦᠯᠲᠡ᠎ᠶ᠋ᠢ ᠰᠣᠨᠣᠰᠪᠠ᠃ ᠯᠢᠦ ᠵᠢᠶᠦ᠋ᠨ ᠴᠧᠨ᠂ 3 ᠰᠠᠷ᠎ᠠ᠎ᠶ᠋ᠢᠨ 7 ᠤ᠋ ᠡᠳᠦᠷ᠎ᠦᠨ 12 ᠴᠠᠭ ᠪᠣᠯᠲᠠᠯ᠎ᠠ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠨᠡᠢᠲᠡ 271 ᠬᠤᠪᠢ ᠬᠣᠷᠢᠶᠠᠨ ᠣᠯᠵᠠᠶ᠂ ᠡᠭᠦᠨ᠎ᠳᠦ᠂ ᠲᠥᠯᠥᠭᠡᠯᠡᠭ᠌ᠴᠢᠳ᠎ᠦᠨ ᠪᠦᠯᠬᠦᠮ᠎ᠦᠨ ᠳᠤᠷᠠᠳᠤᠭ᠍ᠰᠠᠨ ᠰᠠᠨᠠᠯ ᠵᠥᠪᠯᠡᠯᠭᠡ 19 ᠬᠤᠪᠢ᠂ 30 ᠡᠴᠡ ᠳᠡᠭᠡᠭ᠌ᠰᠢᠬᠢ ᠲᠥᠯᠥᠭᠡᠯᠡᠭ᠌ᠴᠢ ᠵᠢᠨ ᠨᠡᠷ᠎ᠡ ᠬᠣᠯᠪᠣᠭᠠᠯᠠᠨ ᠳᠤᠷᠠᠳᠤᠭ᠍ᠰᠠᠨ ᠰᠠᠨᠠᠯ ᠵᠥᠪᠯᠡᠯᠭᠡ 252 ᠬᠤᠪᠢ ᠪᠠᠢᠨ᠎ᠠ᠃ ᠡᠳᠡᠭᠡᠷ ᠰᠠᠨᠠᠯ ᠵᠥᠪᠯᠡᠯᠭᠡ᠎ᠶ᠋ᠢᠨ ᠳᠣᠲᠣᠷ᠎ᠠ᠂ 265 ᠬᠤᠪᠢ ᠬᠠᠤᠯᠢ ᠴᠠᠭᠠᠵᠠ ᠵᠢᠨ ᠬᠡᠷᠡᠭ᠂ 3 ᠬᠤᠪᠢ ᠬᠤᠯᠪᠤᠭᠳᠠᠯ ᠪᠦᠬᠦᠢ ᠲᠣᠭ᠍ᠲᠠᠭᠠᠯ ᠭᠠᠷᠭᠠᠬᠤ ᠤᠴᠢᠷ ᠶᠠᠪᠤᠳᠠᠯ᠎ᠢ ᠪᠠᠭ᠍ᠲᠠᠭᠠᠭ᠍ᠰᠠᠨ ᠬᠤᠯᠪᠤᠭᠳᠠᠯ ᠪᠦᠬᠦᠢ ᠬᠠᠤᠯᠢ ᠲᠣᠭ᠍ᠲᠠᠭᠠᠬᠤ ᠲᠠᠯ᠎ᠠ᠎ᠶ᠋ᠢᠨ ᠰᠠᠨᠠᠯ ᠵᠥᠪᠯᠡᠯᠭᠡ 268 ᠬᠤᠪᠢ ᠪᠠᠢᠨ᠎ᠠ; ᠬᠤᠯᠪᠤᠭᠳᠠᠯ ᠪᠦᠬᠦᠢ ᠬᠢᠨᠠᠯᠲᠠ ᠲᠠᠯᠪᠢᠬᠤ ᠲᠠᠯ᠎ᠠ᠎ᠶ᠋ᠢᠨ ᠰᠠᠨᠠᠯ ᠵᠥᠪᠯᠡᠯᠭᠡ 3 ᠬᠤᠪᠢ ᠪᠠᠢᠨ᠎ᠠ᠃ ᠠᠭᠤᠯᠭ᠎ᠠ ᠨᠢ ᠭᠣᠣᠯᠳᠠᠭᠤ᠄ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠮᠵᠢ᠎ᠶ᠋ᠢ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ; ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠠᠷᠠᠳ ᠲᠦᠮᠡᠨ᠎ᠦ ᠡᠵᠡᠨ ᠰᠠᠭᠤᠵᠤ ᠡᠷᠬᠡ ᠮᠡᠳᠡᠬᠦ᠌᠎ᠶ᠋ᠢ ᠪᠠᠲᠤᠯᠠᠬᠤ; ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ; ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠵᠤ᠂ ᠬᠥᠮᠦᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ᠎ᠶ᠋ᠢ ᠠᠬᠢᠭᠤᠯᠬᠤ; ᠰᠣᠶᠣᠯ᠎ᠤᠨ ᠢᠲᠡᠭᠡᠯ᠎ᠢᠶᠡᠨ ᠨᠡᠮᠡᠭ᠌ᠳᠡᠭᠦᠯᠵᠦ᠍᠂ ᠨᠡᠢᠭᠡᠮ ᠵᠢᠷᠤᠮᠳᠤ ᠰᠣᠶᠣᠯ᠎ᠤᠨ ᠬᠦᠴᠦᠷᠬᠡᠭ ᠤᠯᠤᠰ᠎ᠢ ᠪᠠᠢᠭᠤᠯᠬᠤ ; ᠨᠡᠢᠭᠡᠮ᠎ᠦᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠤᠯᠤᠰ᠎ᠤᠨ ᠠᠮᠤᠷ ᠲᠦᠪᠱᠢᠨ ᠪᠠ ᠨᠡᠢᠭᠡᠮ᠎ᠦᠨ ᠲᠣᠭ᠍ᠲᠠᠭᠤᠨ ᠪᠠᠢᠳᠠᠯ᠎ᠢ ᠬᠠᠮᠠᠭᠠᠯᠠᠬᠤ; ᠨᠥᠬᠥᠴᠡᠯ ᠪᠦᠷᠢᠳᠦᠭ᠌ᠰᠡᠨ ᠬᠠᠤᠯᠢ ᠲᠣᠭ᠍ᠲᠠᠭᠠᠬᠤ ᠬᠦᠷᠢᠶᠡᠨ᠎ᠳᠡᠬᠢ ᠬᠠᠤᠯᠢ᠎ᠶ᠋ᠢᠨ ᠪᠢᠴᠢᠭ᠎ᠢ ᠨᠠᠢᠷᠠᠭᠤᠯᠬᠤ ᠠᠵᠢᠯ᠎ᠢ ᠴᠠᠭᠲᠤᠨᠢ ᠲᠤᠬᠢᠷᠠᠭᠤᠯᠤᠨ ᠡᠬᠢᠯᠡᠭᠦᠯᠬᠦ ᠵᠡᠷᠭᠡ᠎ᠳᠤ ᠲᠥᠪᠯᠡᠷᠡᠵᠡᠢ᠃ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠡᠴᠡ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠨᠢᠭᠡᠳ ᠨᠢᠭᠡ᠎ᠪᠡᠷ ᠨᠠᠷᠢᠨ ᠬᠢᠨᠠᠮᠠᠭᠠᠢ ᠵᠠᠳᠠᠯᠤᠨ ᠰᠤᠳᠤᠯᠤᠭᠠᠳ᠂ ᠲᠤᠰ ᠤᠳᠠᠭ᠎ᠠ ᠵᠢᠨ ᠬᠤᠷᠠᠯ ᠤ᠋ᠨ ᠬᠢᠨᠠᠨ ᠵᠦᠪᠯᠡᠬᠦ᠎ᠳᠦ ᠣᠷᠣᠭᠤᠯᠬᠤ ᠴᠢᠬᠤᠯᠠᠲᠠᠢ ᠰᠠᠨᠠᠯ ᠵᠥᠪᠯᠡᠯᠭᠡ ᠪᠠᠢᠬᠤ ᠦᠭᠡᠢ ᠭᠡᠵᠦ᠍ ᠦᠵᠡᠪᠡ᠃ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠡᠴᠡ᠂ ᠲᠥᠯᠥᠭᠡᠯᠡᠭ᠌ᠴᠢᠳ᠎ᠦᠨ ᠳᠤᠷᠠᠳᠤᠭ᠍ᠰᠠᠨ ᠵᠥᠪᠯᠡᠯᠭᠡ᠎ᠶ᠋ᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠯᠪᠣᠭ᠍ᠳᠠᠯ ᠪᠦᠬᠦᠢ ᠲᠤᠰᠭᠠᠢ ᠵᠦᠪᠯᠡᠯ᠎ᠳᠤ ᠲᠤᠰ ᠲᠤᠰ ᠲᠤᠱᠢᠶᠠᠨ ᠥᠭ᠌ᠴᠦ ᠬᠢᠨᠠᠨ ᠶᠠᠷᠢᠯᠴᠠᠭᠤᠯᠬᠤ᠎ᠪᠠᠷ ᠰᠠᠨᠠᠭᠤᠯᠪᠠ᠃ ᠬᠣᠯᠪᠣᠭ᠍ᠳᠠᠯ ᠪᠥᠬᠥᠶ ᠲᠤᠰᠭᠠᠶ ᠵᠥᠪᠯᠡᠯ᠎ᠡᠴᠡ ᠳᠡᠭᠡᠷ᠎ᠡ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠬᠢᠨᠠᠨ ᠵᠥᠪᠯᠡᠭ᠌ᠰᠡᠨᠦ ᠳᠠᠷᠠᠭ᠎ᠠ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠳᠤ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠮᠡᠳᠡᠭᠦᠯᠦᠯᠲᠡ ᠳᠤᠷᠠᠳᠴᠤ᠌᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠬᠢᠨᠠᠨ ᠵᠥᠪᠯᠡᠵᠦ᠍ ᠪᠠᠲᠤᠯᠠᠭ᠍ᠰᠠᠨ᠎ᠤ ᠳᠠᠷᠠᠭ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠳᠤ ᠳᠠᠷᠤᠮᠠᠯᠯᠠᠨ ᠲᠠᠷᠬᠠᠭᠠᠨ᠎ᠠ᠃ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠡᠴᠡ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ᠎ᠶ᠋ᠢ ᠬᠢᠨᠠᠨ ᠶᠠᠷᠢᠯᠴᠠᠬᠤ ᠪᠠ ᠬᠣᠯᠪᠣᠭ᠍ᠳᠠᠯ ᠪᠦᠬᠦᠢ ᠠᠵᠢᠯ᠎ᠤᠨ ᠲᠤᠬᠠᠢ ᠰᠠᠨᠠᠭᠤᠯᠭ᠎ᠠ ᠳᠤᠷᠠᠳᠪᠠ᠄ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠬᠠᠤᠯᠢᠵᠢᠯ ᠤ᠋ᠨ ᠱᠢᠰᠲ᠋ᠧᠮ᠎ᠢ ᠪᠠᠢᠭᠤᠯᠬᠤ᠂ ᠨᠡᠢᠭᠡᠮ ᠵᠢᠷᠤᠮᠳᠤ ᠬᠠᠤᠯᠢᠵᠢᠯ ᠤ᠋ᠨ ᠤᠯᠤᠰ᠎ᠢ ᠪᠦᠲᠦᠭᠡᠨ ᠪᠠᠢᠭᠤᠯᠬᠤ ᠶᠡᠷᠦᠩᠬᠡᠢ ᠬᠠᠷᠠᠯᠲᠠ᠎ᠲᠠᠶ ᠤᠶᠠᠯᠳᠤᠭᠤᠯᠤᠨ᠂ ᠬᠠᠤᠯᠢᠵᠢᠯ ᠤ᠋ᠨ ᠦᠨᠳᠦᠰᠦ᠎ᠶ᠋ᠢ ᠪᠡᠬᠢᠵᠢᠭᠦᠯᠬᠦ᠌᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠠᠯᠤᠰ ᠬᠡᠳᠦ᠍᠎ᠳᠦ ᠠᠱᠢᠭ᠍ᠲᠠᠢ ᠪᠠᠲᠤᠯᠠᠭ᠎ᠠ᠎ᠶ᠋ᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠤᠨ᠎ᠠ; ᠬᠠᠤᠯᠢ ᠲᠣᠭ᠍ᠲᠠᠭᠠᠬᠤ ᠠᠵᠢᠯ᠎ᠳᠠᠬᠢ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠬᠠᠤᠯᠢ ᠲᠣᠭ᠍ᠲᠠᠭᠠᠬᠤ ᠠᠵᠢᠯ᠎ᠳᠠᠬᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠣᠣᠯᠯᠠᠬᠤ ᠦᠢᠯᠡᠳᠦᠯ᠎ᠢ ᠪᠠᠳᠠᠷᠠᠭᠤᠯᠤᠨ᠎ᠠ; ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠠᠷᠢᠮᠲᠠᠯᠠᠨ ᠬᠥᠭ᠌ᠵᠢᠭᠦᠯᠵᠦ᠍᠂ ᠬᠠᠤᠯᠢ ᠲᠣᠭ᠍ᠲᠠᠭᠠᠬᠤ ᠠᠵᠢᠯ᠎ᠳᠠᠬᠢ ᠲᠦᠯᠦᠭᠡᠯᠡᠭᠴᠢᠳ ᠤ᠋ᠨ ᠴᠢᠬᠤᠯᠠ ᠦᠢᠯᠡᠳᠦᠯ᠎ᠢ ᠨᠡᠩ ᠰᠠᠢᠲᠤᠷ ᠪᠠᠳᠠᠷᠠᠭᠤᠯᠤᠨ᠎ᠠ᠃
ᠬᠤᠷᠠᠯ᠎ᠡᠴᠡ ᠪᠠᠲᠤᠯᠠᠬᠤ᠎ᠪᠡᠷ ᠲᠠᠮᠵᠢᠨ᠂ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠱᠢᠢᠳᠪᠦᠷᠢᠯᠡᠬᠦ᠌ ᠰᠠᠨᠠᠯ᠎ᠤᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠮᠡᠳᠡᠭᠦᠯᠦᠯᠲᠡ᠎ᠶ᠋ᠢ ᠪᠠᠲᠤᠯᠠᠪᠠ᠃
3 ᠰᠠᠷ᠎ᠠ᠎ᠶ᠋ᠢᠨ 9 ᠤ᠋ ᠦᠳᠡ᠎ᠶ᠋ᠢᠨ ᠡᠮᠦᠨ᠎ᠡ᠂ ᠲᠡᠷᠢᠭᠦᠯᠡᠭ᠌ᠴᠢᠳ᠎ᠦᠨ ᠪᠦᠯᠬᠦᠮ᠎ᠦᠨ ᠭᠤᠷᠪᠠᠳᠤᠭᠠᠷ ᠬᠤᠷᠠᠯ᠎ᠡᠴᠡ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭ᠌ᠴᠢ᠂ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠶᠠᠨ ᠳᠠᠷᠤᠭ᠎ᠠ᠂ ᠳᠡᠳ᠋ ᠬᠣᠷᠢᠶᠠᠨ ᠳᠠᠷᠤᠭ᠎ᠠ᠂ ᠨᠠᠷᠢᠨ ᠪᠢᠴᠢᠭ᠎ᠦᠨ ᠳᠠᠷᠤᠭ᠎ᠠ᠂ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠡᠳ᠋ ᠲᠡᠷᠢᠭᠦᠯᠡᠭ᠌ᠴᠢ ᠵᠢᠨ ᠵᠢᠱ᠌ᠢᠭ᠌ᠳᠡᠭ᠌ᠴᠢ᠎ᠶ᠋ᠢᠨ ᠨᠡᠷᠡᠰ᠎ᠢ ᠳᠤᠷᠠᠳᠤᠭ᠍ᠰᠠᠨ᠎ᠤ ᠳᠠᠷᠠᠭ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠶᠠᠷᠢᠯᠴᠠᠨ ᠵᠥᠪᠳᠡᠯᠴᠡᠪᠡ᠃ ᠲᠥᠯᠥᠭᠡᠯᠡᠭ᠌ᠴᠢᠳ ᠡᠯ᠎ᠡ ᠲᠦᠷᠦᠯ᠎ᠤᠨ ᠵᠢᠱ᠌ᠢᠭ᠌ᠳᠡᠭ᠌ᠰᠡᠳ᠎ᠢ ᠰᠠᠨᠠᠯ ᠨᠢᠭᠡᠲᠡᠢ ᠬᠦᠷᠢᠶᠡᠯᠡᠨ ᠵᠥᠪᠱᠢᠶᠡᠷᠡᠵᠦ᠍ ᠪᠠᠢᠬᠤ᠎ᠪᠠᠨ ᠢᠯᠡᠳᠭᠡᠪᠡ᠃
ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠡᠴᠡ ᠪᠠᠲᠤᠯᠠᠬᠤ᠎ᠪᠡᠷ ᠲᠠᠮᠵᠢᠨ᠂ ᠳᠡᠭᠡᠷ᠎ᠡ ᠳᠤᠷᠠᠳᠤᠭ᠍ᠰᠠᠨ ᠵᠢᠱ᠌ᠢᠭ᠌ᠳᠡᠭ᠌ᠰᠡᠳ᠎ᠢ ᠵᠢᠩᠬᠢᠨᠢ ᠵᠢᠱ᠌ᠢᠭ᠌ᠳᠡᠭ᠌ᠰᠡᠳ ᠵᠢᠡᠷ ᠲᠣᠭ᠍ᠲᠠᠭᠠᠵᠤ᠂ ᠶᠡᠬᠡ ᠬᠤᠷᠠᠯ᠎ᠤᠨ ᠪᠦᠬᠦᠳᠠ ᠬᠤᠷᠠᠯ᠎ᠳᠤ ᠳᠡᠪᠱᠢᠭᠦᠯᠵᠦ᠍ ᠰᠣᠩᠭᠣᠭᠤᠯᠬᠤ ᠪᠡᠷ ᠲᠤᠬᠳᠠᠪᠠ᠃
ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠭᠠᠨ ᠵᠢᠶ᠍ᠸ᠂ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ ᠬᠤᠷᠠᠯ᠎ᠳᠤ ᠣᠷᠣᠯᠴᠠᠪᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 9 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃