2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-10 10:43:18

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠸᠠᠩ ᠬ᠍ᠣ ᠨᠢᠩ ᠬᠤᠷᠠᠯ ᠢ᠋ ᠡᠷᠬᠢᠯᠡᠵᠠᠢ

ᠬᠤᠷᠠᠯ ᠡᠴᠡ ᠤᠯᠤᠰ ᠲᠥᠷᠥ ᠵᠢᠨ ᠵᠥᠪᠯᠡᠯᠭᠡᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠬᠣᠷᠢᠶ᠎ᠠ ᠵᠢᠨ ᠲᠡᠷᠢᠭᠦᠯᠡᠭ᠌ᠴᠢ᠂ ᠳᠡᠳ᠋ ᠲᠡᠷᠢᠭᠦᠯᠡᠭ᠌ᠴᠢ᠂ ᠨᠠᠷᠢᠨ ᠪᠢᠴᠢᠭ ᠤ᠋ᠨ ᠳᠠᠷᠤᠭ᠎ᠠ ᠂ ᠪᠠᠢᠩᠭᠤ ᠵᠢᠨ ᠭᠡᠱᠢᠭᠦᠨ ᠤ᠋ ᠵᠢᠱ᠌ᠢᠭ᠌ᠳᠡᠭ᠌ᠰᠡᠳ ᠤ᠋ᠨ ᠨᠡᠷᠡᠰ ᠢ᠋ ᠪᠠᠲᠤᠯᠠᠵᠤ᠂ ᠤᠯᠤᠰ ᠲᠥᠷᠥ ᠵᠢᠨ ᠵᠥᠪᠯᠡᠯᠭᠡᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠬᠣᠷᠢᠶ᠎ᠠ ᠵᠢᠨ ᠠᠩᠬᠠᠳᠤᠭᠠᠷ ᠬᠤᠷᠠᠯ᠎ᠤᠨ ᠤᠯᠤᠰ ᠲᠥᠷᠥ ᠵᠢᠨ ᠱᠢᠶ᠋ᠳᠪᠦᠷᠢ (ᠲᠥᠰᠦᠯ ) ᠵᠢ ᠪᠠᠲᠤᠯᠠᠪᠠ

ᠪᠦᠬᠦ ᠤᠯᠤᠰ᠎ᠤᠨ ᠤᠯᠤᠰ ᠲᠦᠷᠦ᠍ ᠵᠢᠨ ᠵᠥᠪᠯᠡᠯᠭᠡᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠬᠣᠷᠢᠶ᠎ᠠ ᠵᠢᠨ ᠠᠩᠬᠠᠳᠤᠭᠠᠷ ᠬᠤᠷᠠᠯ ᠤ᠋ᠨ ᠲᠡᠷᠢᠭᠦᠯᠡᠭ᠌ᠴᠢᠳ ᠤ᠋ᠨ ᠪᠦᠯᠬᠦᠮ ᠤ᠋ᠨ ᠭᠤᠷᠪᠠᠳᠤᠭᠠᠷ ᠤᠳᠠᠭ᠎ᠠ ᠵᠢᠨ ᠬᠤᠷᠠᠯ 9 ᠤ᠋ ᠦᠳᠡ ᠵᠢᠨ ᠬᠣᠢᠨ᠎ᠠ ᠪᠡᠭᠡᠵᠢᠩ᠎ᠳᠦ ᠬᠤᠷᠠᠯᠳᠤᠪᠠ᠂ ᠨᠠᠮ᠎ᠤᠨ ᠲᠦᠪ ᠬᠣᠷᠢᠶ᠎ᠠ ᠵᠢᠨ ᠤᠯᠤᠰ ᠲᠦᠷᠦ᠎ᠵᠢᠨ ᠲᠤᠪᠴᠢᠶ᠎ᠠ ᠵᠢᠨ ᠪᠠᠢᠩᠭᠤ᠎ᠵᠢᠨ ᠭᠡᠰᠢᠬᠦᠨ᠂ ᠪᠦᠬᠦ ᠤᠯᠤᠰ᠎ᠤᠨ ᠤᠯᠤᠰ ᠲᠦᠷᠦ᠎ᠵᠢᠨ ᠵᠦᠪᠯᠡᠯᠭᠡᠨ᠎ᠤ ᠠᠷᠪᠠᠨ ᠳᠦᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠠᠩᠬᠠᠳᠤᠭᠠᠷ ᠬᠤᠷᠠᠯ ᠤ᠋ᠨ ᠲᠡᠷᠢᠭᠦᠯᠡᠭ᠌ᠴᠢᠳ ᠤ᠋ᠨ ᠪᠦᠯᠬᠦᠮ᠎ᠤᠨ ᠬᠤᠷᠠᠯ ᠎ᠢ ᠡᠷᠬᠢᠯᠡᠭᠴᠢ ᠸᠠᠩ ᠬ᠍ᠣ ᠨᠢᠩ ᠬᠤᠷᠠᠯ᠎ᠢ ᠡᠷᠬᠢᠯᠡᠪᠡ᠃

ᠬᠤᠷᠠᠯ᠎ᠠᠴᠠ ᠪᠥᠬᠥ᠌ ᠭᠡᠱᠢᠭᠦᠳ ᠤ᠋ᠨ ᠶᠠᠷᠢᠯᠴᠠᠨ ᠵᠥᠪᠳᠡᠯᠴᠡᠭ᠌ᠰᠡᠨ ᠤᠯᠤᠰ ᠲᠥᠷᠥ ᠵᠢᠨ ᠵᠥᠪᠯᠡᠯᠭᠡᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠬᠣᠷᠢᠶᠠᠨ ᠤ᠋ ᠲᠡᠷᠢᠭᠦᠯᠡᠭ᠌ᠴᠢ᠂ ᠳᠡᠳ᠋ ᠲᠡᠷᠢᠭᠦᠯᠡᠭ᠌ᠴᠢ᠂ ᠨᠠᠷᠢᠨ ᠪᠢᠴᠢᠭ ᠤ᠋ᠨ ᠳᠠᠷᠤᠭ᠎ᠠ᠂ ᠪᠠᠢᠩᠭᠤ᠎ᠶ᠋ᠢᠨ ᠭᠡᠱᠢᠭᠦᠨ ᠤ᠋ ᠵᠢᠱ᠌ᠢᠭ᠌ᠳᠡᠭ᠌ᠰᠡᠳ ᠤ᠋ᠨ ᠨᠡᠷᠡᠰ ᠢ᠋ ᠪᠠᠲᠤᠯᠠᠵᠤ᠂ ᠡᠨᠡ ᠬᠦ᠌ ᠵᠢᠱ᠌ᠢᠭ᠌ᠳᠡᠭ᠌ᠰᠡᠳ ᠤ᠋ᠨ ᠨᠡᠷᠡᠰ ᠢ᠋ 10 ᠤ᠋ ᠦᠳᠡ ᠵᠢᠨ ᠬᠣᠢᠨ᠎ᠠ ᠶᠠᠪᠤᠭ᠍ᠳᠠᠬᠤ ᠪᠥᠬᠥᠳᠡ ᠬᠤᠷᠠᠯ᠎ᠳᠤ ᠳᠡᠪᠱᠢᠭᠦᠯᠵᠦ᠍ ᠪᠢᠯᠧᠲ ᠥᠭ᠌ᠴᠦ ᠰᠣᠩᠭᠣᠭᠤᠯᠬᠤ᠎ᠪᠠᠷ ᠲᠣᠭ᠍ᠲᠠᠪᠠ᠃ ᠨᠠᠮ ᠤ᠋ᠨ ᠲᠥᠪ ᠬᠣᠷᠢᠶ᠎ᠠ ᠵᠢᠨ ᠤᠯᠤᠰ ᠲᠦᠷᠦ᠍ ᠵᠢᠨ ᠲᠣᠪᠴᠢᠶ᠎ᠠ ᠵᠢᠨ ᠭᠡᠱᠢᠭᠦᠨ᠂ ᠲᠥᠪ ᠤ᠋ᠨ ᠱᠦᠵᠢ᠎ᠨᠡᠷ ᠤ᠋ᠨ ᠭᠠᠵᠠᠷ ᠤ᠋ᠨ ᠱᠦᠵᠢ ᠱ᠌ᠢ᠎ᠲᠡᠶ ᠹᠸᠩ ᠵᠢᠱ᠌ᠢᠭ᠌ᠳᠡᠭ᠌ᠰᠡᠳ ᠤ᠋ᠨ ᠨᠡᠷᠡᠰ (ᠲᠥᠰᠦᠯ) ᠤ᠋ᠨ ᠲᠤᠬᠠᠢ ᠶᠠᠷᠢᠯᠴᠠᠭ᠍ᠰᠠᠨ ᠪᠠᠢᠳᠠᠯ᠎ᠳᠤ ᠲᠣᠳᠣᠷᠬᠠᠢᠯᠠᠯᠲᠠ ᠬᠢᠪᠡ᠃

ᠬᠤᠷᠠᠯ᠎ᠠᠴᠠ ᠬᠣᠯᠪᠣᠭ᠍ᠳᠠᠯ ᠪᠥᠬᠥᠶ ᠪᠢᠴᠢᠭ ᠮᠠᠲ᠋ᠧᠷᠢᠶᠠᠯ ᠤ᠋ᠨ ᠲᠥᠰᠦᠯ ᠢ᠋ ᠶᠠᠷᠢᠯᠴᠠᠭ᠍ᠰᠠᠨ ᠪᠠ ᠵᠠᠰᠠᠪᠤᠷᠢ ᠣᠷᠣᠭᠤᠯᠤᠭ᠍ᠰᠠᠨ ᠪᠠᠢᠳᠠᠯ ᠤ᠋ᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠴᠤ᠌᠂ ᠤᠯᠤᠰ ᠲᠥᠷᠥ ᠵᠢᠨ ᠵᠥᠪᠯᠡᠯᠭᠡᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠬᠣᠷᠢᠶ᠎ᠠ ᠵᠢᠨ ᠠᠩᠬᠠᠳᠤᠭᠠᠷ ᠬᠤᠷᠠᠯ ᠤ᠋ᠨ ᠰᠣᠩᠭᠣᠭᠤᠯᠢ ᠵᠢᠨ ᠠᠷᠭ᠎ᠠ ᠵᠢ ᠪᠠᠲᠤᠯᠠᠵᠤ᠂ ᠶᠡᠷᠦᠩᠬᠡᠶ ᠪᠢᠯᠧᠲ ᠬᠢᠨᠠᠭ᠍ᠴᠢ᠂ ᠪᠢᠯᠧᠲ ᠬᠢᠨᠠᠭ᠍ᠴᠢ ᠵᠢᠨ ᠨᠡᠷᠡᠰ ᠢ᠋ ᠬᠢᠨᠠᠨ ᠵᠥᠪᠯᠡᠵᠦ᠍ ᠪᠠᠲᠤᠯᠠᠪᠠ᠃

ᠬᠤᠷᠠᠯ᠎ᠠᠴᠠ ᠪᠠᠢᠩᠭᠤ ᠵᠢᠨ ᠬᠣᠷᠢᠶ᠎ᠠ ᠵᠢᠨ ᠠᠵᠢᠯ ᠤ᠋ᠨ ᠮᠡᠳᠡᠭᠦᠯᠦᠯᠲᠡ ᠵᠢᠨ ᠲᠤᠬᠠᠶ ᠤᠯᠤᠰ ᠲᠥᠷᠥ ᠵᠢᠨ ᠵᠥᠪᠯᠡᠯᠭᠡᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠬᠣᠷᠢᠶ᠎ᠠ ᠵᠢᠨ ᠠᠩᠬᠠᠳᠤᠭᠠᠷ ᠬᠤᠷᠠᠯ ᠤ᠋ᠨ ᠱᠢᠶ᠋ᠳᠪᠦᠷᠢ (ᠲᠥᠰᠦᠯ) ᠂ ᠰᠠᠨᠠᠯ ᠳᠤᠷᠠᠳᠤᠯᠭ᠎ᠠ ᠵᠢᠨ ᠠᠵᠢᠯ ᠤ᠋ᠨ ᠪᠠᠢᠳᠠᠯ ᠤ᠋ᠨ ᠮᠡᠳᠡᠭᠦᠯᠦᠯᠲᠡ ᠵᠢᠨ ᠲᠤᠬᠠᠢ ᠤᠯᠤᠰ ᠲᠦᠷᠦ᠍ ᠵᠢᠨ ᠵᠥᠪᠯᠡᠯᠭᠡᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠪᠦᠬᠦ᠌ ᠤᠯᠤᠰ ᠤ᠋ᠨ ᠬᠣᠷᠢᠶ᠎ᠠ ᠵᠢᠨ ᠠᠩᠬᠠᠳᠤᠭᠠᠷ ᠬᠤᠷᠠᠯ᠎ᠤᠨ ᠱᠢᠢᠳᠪᠦᠷᠢ (ᠲᠥᠰᠦᠯ)᠂ ᠳᠤᠮᠳᠠᠳᠤ ᠤᠯᠤᠰ ᠤ᠋ᠨ ᠠᠷᠠᠳ ᠤ᠋ᠨ ᠤᠯᠤᠰ ᠲᠦᠷᠦ᠍ ᠵᠢᠨ ᠵᠥᠪᠯᠡᠯᠭᠡᠨ ᠤ᠋ ᠲᠦᠷᠢᠮ᠎ᠳᠦ ᠵᠠᠰᠠᠪᠤᠷᠢ ᠣᠷᠣᠭᠤᠯᠬᠤ ᠲᠥᠰᠦᠯ ᠤ᠋ᠨ ᠲᠤᠬᠠᠢ ᠤᠯᠤᠰ ᠲᠦᠷᠦ᠍ ᠵᠢᠨ ᠵᠥᠪᠯᠡᠯᠭᠡᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠪᠦᠬᠦ᠌ ᠤᠯᠤᠰ ᠤ᠋ᠨ ᠬᠣᠷᠢᠶ᠎ᠠ ᠵᠢᠨ ᠠᠩᠬᠠᠳᠤᠭᠠᠷ ᠬᠤᠷᠠᠯ᠎ᠤᠨ ᠱᠢᠢᠳᠪᠦᠷᠢ (ᠲᠥᠰᠦᠯ)᠂ ᠤᠯᠤᠰ ᠲᠥᠷᠥ ᠵᠢᠨ ᠵᠥᠪᠯᠡᠯᠭᠡᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠬᠣᠷᠢᠶ᠎ᠠ ᠵᠢᠨ ᠠᠩᠬᠠᠳᠤᠭᠠᠷ ᠬᠤᠷᠠᠯ᠎ᠤᠨ ᠰᠠᠨᠠᠯ ᠳᠤᠷᠠᠳᠤᠯᠭ᠎ᠠ ᠵᠢ ᠬᠢᠨᠠᠨ ᠪᠠᠢᠴᠠᠭᠠᠭ᠍ᠰᠠᠨ ᠪᠠᠢᠳᠠᠯ ᠤ᠋ᠨ ᠲᠤᠬᠠᠶ ᠤᠯᠤᠰ ᠲᠥᠷᠥ ᠵᠢᠨ ᠵᠥᠪᠯᠡᠯᠭᠡᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠬᠣᠷᠢᠶ᠎ᠠ ᠵᠢᠨ ᠠᠩᠬᠠᠳᠤᠭᠠᠷ ᠬᠤᠷᠠᠯ᠎ᠤᠨ ᠰᠠᠨᠠᠯ ᠳᠤᠷᠠᠳᠤᠯᠭ᠎ᠠ ᠵᠢ ᠬᠢᠨᠠᠨ ᠪᠠᠢᠴᠠᠭᠠᠬᠤ ᠺᠣᠮᠢᠰ ᠤ᠋ᠨ ᠮᠡᠳᠡᠭᠦᠯᠦᠯᠲᠡ (ᠲᠥᠰᠦᠯ)᠂ ᠤᠯᠤᠰ ᠲᠥᠷᠥ ᠵᠢᠨ ᠵᠥᠪᠯᠡᠯᠭᠡᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠬᠣᠷᠢᠶ᠎ᠠ ᠵᠢᠨ ᠠᠩᠬᠠᠳᠤᠭᠠᠷ ᠬᠤᠷᠠᠯ᠎ᠤᠨ ᠤᠯᠤᠰ ᠲᠥᠷᠥ ᠵᠢᠨ ᠱᠢᠶ᠋ᠳᠪᠦᠷᠢ (ᠲᠥᠰᠦᠯ) ᠵᠢ ᠪᠠᠲᠤᠯᠠᠪᠠ᠂ ᠳᠡᠭᠡᠷ᠎ᠡ ᠳᠤᠷᠠᠳᠤᠭ᠍ᠰᠠᠨ ᠲᠥᠰᠦᠯ ᠢ᠋ ᠪᠦᠬᠦ᠌ ᠤᠯᠤᠰ ᠤ᠋ᠨ ᠤᠯᠤᠰ ᠲᠦᠷᠦ᠍ ᠵᠢᠨ ᠵᠥᠪᠯᠡᠯᠭᠡᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠬᠣᠷᠢᠶ᠎ᠠ ᠵᠢᠨ ᠠᠩᠬᠠᠳᠤᠭᠠᠷ ᠬᠤᠷᠠᠯ ᠤ᠋ᠨ ᠲᠡᠭᠦᠰᠭᠦ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ᠎ᠪᠠᠷ ᠲᠣᠭ᠍ᠲᠠᠪᠠ᠃

ᠪᠥᠬᠥ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠬᠣᠷᠢᠶ᠎ᠠ ᠵᠢᠨ ᠠᠩᠬᠠᠳᠤᠭᠠᠷ ᠬᠤᠷᠠᠯ ᠤ᠋ᠨ ᠲᠡᠷᠢᠭᠦᠯᠡᠭ᠌ᠴᠢᠳ ᠤ᠋ᠨ ᠪᠦᠯᠬᠦᠮ ᠤ᠋ᠨ ᠪᠠᠢᠩᠭᠤ ᠵᠢᠨ ᠲᠡᠷᠢᠭᠦᠯᠡᠭ᠌ᠴᠢ ᠬ᠍ᠣ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠸ᠋ ᠴᠢᠶᠠᠩ᠂ ᠫᠠᠪᠠᠯᠠ· ᠭᠧᠯᠢᠭ᠌ᠨᠡᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠦ᠍ ᠬᠣᠶ᠂ ᠱᠤᠤ ᠬᠣᠩ᠂ ᠭᠤᠤ ᠶᠦᠨ ᠯᠦᠩ ᠬᠤᠷᠠᠯ᠎ᠳᠤ ᠣᠷᠣᠯᠴᠠᠪᠠ᠃

(ᠱᠢᠨᠬᠤᠸᠠ ᠬᠣᠷᠢᠶ᠎ᠡ᠎ᠵᠢᠨ ᠪᠡᠭᠡᠵᠢᠩ ᠤ᠋ᠨ 3 ᠰᠠᠷ᠎ᠠ ᠵᠢᠨ 9 ᠤ᠋ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面