2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-10 10:47:44

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ ᠸᠠᠩ ᠬᠤ᠌ ᠨᠢᠩ 9 ᠤ᠋ ᠦᠳᠡ᠎ᠶ᠋ᠢᠨ ᠡᠮᠦᠨ᠎ᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠠᠢᠸᠠᠨ᠎ᠤ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃

ᠶᠠᠨ ᠺᠸ᠂ ᠽᠸᠤ ᠵᠧᠨ ᠴᠢᠦ᠂ ᠴᠧᠨ ᠶᠦᠨ ᠶᠢᠩ ᠵᠡᠷᠭᠡ ᠲᠥᠯᠥᠭᠡᠯᠡᠭ᠌ᠴᠢ᠎ᠶ᠋ᠢᠨ ᠬᠡᠯᠡᠭᠰᠡᠨ ᠢ᠋ ᠰᠣᠨᠣᠰᠤᠭ᠍ᠰᠠᠨ᠎ᠤ ᠳᠠᠷᠠᠭ᠎ᠠ᠂ ᠸᠠᠩ ᠬᠤ᠌ ᠨᠢᠩ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠲᠠᠢᠸᠠᠨ᠎ᠤ ᠠᠵᠢᠯ᠎ᠤᠨ ᠲᠤᠬᠠᠢ ᠠᠯᠢ ᠤᠯᠠᠨ ᠴᠢᠬᠤᠯᠠ ᠤᠢ᠍ᠢᠯᠠᠭᠠᠭ᠍ᠳᠠᠬᠤᠨ᠂ ᠴᠢᠬᠤᠯᠠ ᠶᠡᠬᠡ ᠲᠦᠷᠦ᠍᠎ᠶ᠋ᠢᠨ ᠪᠤᠳᠤᠯᠭ᠎ᠠ᠎ᠶ᠋ᠢᠨ ᠵᠣᠷᠢᠯᠲᠠ᠎ᠶ᠋ᠢ ᠳᠤᠷᠠᠳᠴᠤ᠌᠂ ᠱᠢᠨ᠎ᠡ ᠴᠠᠭ ᠦᠶ᠎ᠡ᠎ᠶ᠋ᠢᠨ ᠨᠠᠮ᠎ᠤᠨ ᠲᠠᠢᠸᠠᠨ᠎ᠤ ᠠᠰᠠᠭᠤᠳᠠᠯ᠎ᠢ ᠱᠢᠢᠳᠪᠦᠷᠢᠯᠡᠬᠦ᠌ ᠶᠡᠷᠦᠩᠬᠡᠢ ᠠᠷᠭ᠎ᠠ ᠪᠤᠳᠤᠯᠭ᠎ᠠ ᠪᠤᠯᠤᠨ ᠪᠦᠷᠢᠯᠳᠦᠵᠤ᠂ ᠪᠢᠳᠡ ᠡᠬᠡ ᠤᠯᠤᠰ᠎ᠤᠨ ᠪᠦᠷᠢᠨ ᠨᠢᠭᠡᠳᠦᠯ᠎ᠢ ᠪᠡᠶᠡᠯᠡᠭᠦᠯᠬᠦ᠌ ᠪᠠᠢᠯᠳᠤᠬᠤ ᠪᠤᠳᠤᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠴᠢᠨᠠᠭ᠍ᠰᠢᠳᠠ ᠡᠵᠡᠮᠰᠢᠪᠡ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠲᠠᠢᠸᠠᠨ᠎ᠤ ᠠᠰᠠᠭᠤᠳᠠᠯ᠎ᠢ ᠱᠢᠢᠳᠪᠦᠷᠢᠯᠡᠬᠦ᠌ ᠶᠡᠷᠦᠩᠬᠡᠢ ᠠᠷᠭ᠎ᠠ ᠪᠤᠳᠤᠯᠭ᠎ᠠ᠎ᠶ᠋ᠢ ᠪᠠᠷᠢᠮᠲᠠᠯᠠᠨ ᠲᠤᠭᠤᠱᠢᠯᠠᠭᠤᠯᠵᠤ᠂ ᠨᠢᠭᠡ ᠳᠤᠮᠳᠠᠳᠤ ᠤᠯᠤᠰ ᠪᠠᠢᠬᠤ ᠵᠠᠷᠴᠢᠮ ᠪᠠ 《 ᠶᠡᠷᠡᠨ ᠬᠣᠶᠠᠷ ᠣᠨ᠎ᠤ ᠬᠠᠮᠲᠤ᠎ᠶ᠋ᠢᠨ ᠲᠠᠨᠢᠯᠲᠠ》 ᠎ᠶ᠋ᠢ ᠪᠠᠷᠢᠮᠲᠠᠯᠠᠵᠤ᠂ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡ᠎ᠶ᠋ᠢᠨ ᠬᠠᠷᠢᠯᠴᠠᠭ᠎ᠠ᠎ᠶ᠋ᠢ ᠵᠥᠪ ᠴᠢᠭ᠌ᠯᠡᠯ᠎ᠢᠶᠡᠷ ᠬᠥᠭ᠌ᠵᠢᠭᠦᠯᠬᠦ᠌᠎ᠶ᠋ᠢ ᠠᠬᠢᠭᠤᠯᠬᠤ ᠬᠡᠷᠡᠭ᠌ᠲᠡᠢ᠃ ᠨᠠᠢᠷᠠᠮᠳᠠᠯ᠎ᠢᠶᠠᠷ ᠨᠢᠭᠡᠳᠭᠡᠬᠦ᠌ ᠰᠠᠢᠨ ᠰᠠᠢᠬᠠᠨ ᠢᠷᠡᠭᠡᠳᠦᠢ᠎ᠶ᠋ᠢ ᠡᠷᠡᠰ ᠭᠤᠢᠪᠢᠰᠢ ᠦᠭᠡᠢ ᠲᠡᠮᠡᠴᠡᠨ ᠣᠯᠵᠤ᠂ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠂ ᠠᠭᠤᠰᠤᠯᠴᠠᠨ ᠬᠥᠭ᠌ᠵᠢᠬᠦ᠌᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ᠎ᠶ᠋ᠢᠨ ᠭᠠᠷ ᠲᠦᠷᠦᠭᠦ᠎ᠶ᠋ᠢ ᠡᠷᠡᠰ ᠭᠤᠢᠪᠢᠰᠢ ᠦᠭᠡᠢ ᠡᠰᠡᠷᠭᠦᠴᠡᠵᠦ᠍᠂ ᠡᠷᠡᠰ ᠭᠤᠢᠪᠢᠰᠢ ᠦᠭᠡᠢ᠎ᠪᠡᠷ ᠲᠠᠢᠸᠠᠨ᠎ᠤ ᠠᠬ᠎ᠠ ᠳᠡᠭᠦᠦ᠍᠎ᠨᠡᠷ᠎ᠲᠡᠶ ᠪᠦᠯᠬᠦᠮᠳᠡᠵᠤ ᠭᠠᠷ ᠬᠣᠯᠪᠣᠯᠴᠠᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠲᠥᠯᠥᠭᠡ ᠴᠢᠷᠮᠠᠢᠵᠤ᠂ ᠡᠬᠡ ᠤᠯᠤᠰ ᠤ᠋ᠨ ᠪᠦᠷᠢᠨ ᠨᠢᠭᠡᠳᠦᠯ᠂ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠢᠷᠠᠭᠤ ᠠᠯᠳᠠᠷᠲᠤ ᠠᠭᠤᠤ ᠦᠢᠯᠡᠰ᠎ᠢ ᠬᠠᠮᠲᠤ᠎ᠪᠠᠷ ᠡᠭᠦᠳᠦᠨ ᠪᠦᠲᠦᠭᠡᠬᠦ᠌ ᠬᠡᠷᠡᠭ᠌ᠲᠡᠢ ᠭᠡᠵᠤ ᠢᠯᠡᠳᠭᠡᠪᠡ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 9 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面