2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-10 10:45:58

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠸᠠᠩ ᠬᠤ᠌ ᠨᠢᠩ ᠬᠤᠷᠠᠯ᠎ᠳᠤ ᠣᠷᠣᠯᠴᠠᠵᠤ 13 ᠭᠡᠱᠢᠭᠦᠨ ᠶᠡᠬᠡ ᠬᠤᠷᠠᠯ ᠳᠡᠭᠡᠷ᠎ᠡ ᠦᠭᠡ ᠬᠡᠯᠡᠪᠡ

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ 9 ᠎ᠤ᠋ ᠦᠳᠡ᠎ᠶ᠋ᠢᠨ ᠬᠣᠢᠨ᠎ᠠ ᠸᠢᠳᠢᠣ᠋ ᠬᠤᠷᠠᠯ ᠬᠢᠪᠡ᠃ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠢ ᠡᠷᠬᠢᠯᠡᠭ᠌ᠴᠢ ᠸᠠᠩ ᠬᠤ᠌ ᠨᠢᠩ ᠬᠤᠷᠠᠯ᠎ᠳᠤ ᠣᠷᠣᠯᠴᠠᠪᠠ᠃ 13 ᠭᠡᠱᠢᠭᠦᠨ ᠶᠡᠬᠡ ᠬᠤᠷᠠᠯ ᠳᠡᠭᠡᠷ᠎ᠡ ᠦᠭᠡ ᠬᠡᠯᠡᠪᠡ᠃ ᠬᠤᠷᠠᠯ ᠨᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠭᠤᠯᠭ᠎ᠠ᠎ᠳᠤ ᠭᠣᠣᠯ ᠬᠤᠷᠠᠯ᠎ᠤᠨ ᠲᠠᠯᠠᠪᠠᠢ ᠭᠠᠷᠭᠠᠵᠤ᠂ ᠭᠡᠱᠢᠭᠦᠳ᠎ᠦᠨ ᠰᠠᠭᠤᠭ᠎ᠠ ᠭᠠᠵᠠᠷ᠎ᠲᠤ ᠬᠤᠪᠢᠶᠠᠷᠢ ᠬᠤᠷᠠᠯ᠎ᠤᠨ ᠲᠠᠯᠠᠪᠠᠢ ᠭᠠᠷᠭᠠᠪᠠ᠃

ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ ᠱ᠌ᠢ᠎ᠲᠡᠶ ᠹᠸᠩ ᠬᠤᠷᠠᠯ᠎ᠳᠤ ᠣᠷᠣᠯᠴᠠᠵᠤ ᠶᠠᠷᠢᠶ᠎ᠠ᠎ᠶ᠋ᠢ ᠰᠣᠨᠣᠰᠴᠠᠢ᠃ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠪᠠ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠥᠳ ᠤᠷᠢᠯᠭ᠎ᠠ᠎ᠪᠠᠷ ᠰᠦᠯᠵᠢᠶᠡᠨ᠎ᠦ ᠬᠡᠯᠪᠡᠷᠢ᠎ᠪᠡᠷ ᠰᠦᠯᠵᠢᠶᠡᠨ ᠳᠡᠭᠡᠷ᠎ᠡ ᠬᠤᠷᠠᠯ᠎ᠳᠤ ᠣᠷᠣᠯᠴᠠᠪᠠ᠃

ᠴᠢᠶᠠᠨ ᠺᠸ ᠮᠢᠩ ᠭᠡᠱᠢᠭᠦᠨ ᠦᠭᠡ ᠬᠡᠯᠡᠬᠦ᠌᠎ᠳᠡᠭᠡᠨ᠂ ᠡᠨᠡ ᠵᠢᠯ᠎ᠡᠴᠡ ᠨᠠᠭᠠᠰᠢ᠂ ᠬᠡᠷᠡᠭ᠌ᠯᠡᠭᠡ ᠵᠢᠨ ᠵᠠᠬ᠎ᠠ ᠳᠡᠯᠭᠡᠭᠦᠷ ᠶᠡᠷᠦᠩᠬᠡᠢ᠎ᠳᠡᠭᠡᠨ ᠲᠣᠭ᠍ᠲᠠᠭᠤᠨ᠎ᠢᠶᠠᠷ ᠰᠡᠷᠭᠦᠵᠦ᠍᠂ ᠦᠷᠭᠦᠯᠵᠢᠯᠡᠨ ᠰᠠᠢᠵᠢᠷᠠᠬᠤ ᠪᠠᠢᠳᠠᠯ ᠢᠯᠡᠷᠡᠪᠡ᠃ ᠠᠷᠠᠳ ᠲᠦᠮᠡᠨ᠎ᠢᠶᠡᠷ ᠭᠤᠤᠯ ᠪᠣᠯᠭᠠᠬᠤ᠎ᠶ᠋ᠢ ᠪᠠᠷᠢᠮᠲᠠᠯᠠᠵᠤ᠂ ᠣᠯᠠᠨ ᠠᠷᠭ᠎ᠠ ᠵᠠᠮ᠎ᠢᠶᠠᠷ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠳ᠋ ᠬᠥᠷᠥᠩᠭᠡ᠎ᠶ᠋ᠢᠨ ᠴᠢᠨᠠᠷᠲᠠᠶ ᠣᠷᠣᠯᠭ᠎ᠠ᠎ᠶ᠋ᠢ ᠨᠡᠮᠡᠭ᠌ᠳᠡᠭᠦᠯᠵᠦ᠍᠂ ᠵᠠᠬ᠎ᠠ ᠳᠡᠯᠭᠡᠭᠦᠷ᠎ᠦᠨ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠍᠂ ᠬᠡᠷᠡᠭ᠌ᠯᠡᠭᠡ ᠵᠢᠨ ᠣᠷᠴᠢᠨ ᠨᠥᠬᠥᠴᠡᠯ᠎ᠢ ᠰᠠᠢᠵᠢᠷᠠᠭᠤᠯᠵᠤ᠂ ᠬᠡᠷᠡᠭ᠌ᠯᠡᠭᠡ᠎ᠶ᠋ᠢᠨ ᠦᠷᠭᠦᠯᠵᠢᠯᠡᠨ ᠰᠡᠷᠭᠦᠬᠦ᠌᠂ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠬᠡᠷᠡᠭ᠌ᠯᠡᠭᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠳᠦ ᠦᠵᠡᠭᠦᠯᠬᠦ᠌ ᠬᠥᠲᠥᠯᠥᠨ ᠳᠠᠭᠠᠭᠤᠯᠬᠤ ᠦᠶ᠋ᠯᠡᠳᠦᠯ᠎ᠢ ᠴᠢᠩᠭᠠᠳᠭᠠᠵᠤ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠬᠤ ᠬᠡᠷᠡᠭ᠌ᠲᠡᠶ ᠭᠡᠪᠡ᠃

ᠯᠢᠨ ᠺᠸ ᠴᠢᠩ ᠭᠡᠱᠢᠭᠦᠨ ᠦᠭᠡ ᠬᠡᠯᠡᠬᠦ᠌᠎ᠳᠡᠭᠡᠨ᠂ ᠭᠤᠸᠠᠩᠳᠦ᠋ᠩ ᠱᠢᠶᠠᠩᠭᠠᠩ ᠣᠣᠮᠧᠨ᠎ᠦ ᠬᠠᠮᠲᠤᠷᠠᠯᠴᠠᠭᠠᠨ᠎ᠤ ᠴᠢᠨᠠᠷ ᠰᠠᠢᠲᠠᠢ ᠬᠥᠭ᠌ᠵᠢᠯᠲᠡ᠎ᠶ᠋ᠢᠨ ᠬᠠᠨᠳᠤᠰᠢ ᠰᠠᠢ᠌ᠨ ᠪᠠᠢᠵᠤ᠂ ᠭᠤᠸᠠᠩᠵᠧᠦ᠍᠎ᠶ᠋ᠢᠨ ᠨᠠᠨᠱᠠ ᠣᠷᠣᠨ ᠶᠡᠬᠡ ᠪᠤᠯᠤᠩ᠎ᠤᠨ ᠣᠷᠣᠨ᠎ᠤ ᠲᠥᠪ᠎ᠲᠦ ᠪᠠᠢᠷᠢᠯᠠᠵᠤ᠂ ᠤᠯᠤᠰ᠎ᠤᠨ ᠲᠡᠰ᠎ᠤᠨ ᠱᠢᠨ᠎ᠡ ᠲᠣᠭᠣᠷᠢᠭ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠂ ᠭᠤᠸᠠᠩᠳᠦ᠋ᠩ ᠱᠢᠶᠠᠩᠭᠠᠩ ᠣᠣᠮᠧᠨ᠎ᠦ ᠪᠦᠬᠦ᠌ ᠲᠠᠯ᠎ᠠ᠎ᠶ᠋ᠢᠨ ᠬᠠᠮᠲᠤᠷᠠᠯᠴᠠᠭᠠᠨ᠎ᠤ ᠵᠢᠱ᠌ᠢᠢ᠎ᠡ ᠦᠵᠡᠭᠦᠯᠬᠦ᠌ ᠣᠷᠣᠨ ᠵᠡᠷᠭᠡ ᠤᠯᠠᠨ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠨ᠎ᠠ᠃ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠨ᠎ᠦ ᠲᠤᠯᠭᠠᠭᠤᠷᠢᠯᠠᠯ᠎ᠢ ᠴᠢᠩᠭᠠᠳᠭᠠᠵᠤ᠂ ᠱᠢᠶᠠᠩᠭᠠᠩ ᠣᠣᠮᠧᠨ᠎ᠦ ᠲᠦᠷᠢᠮ ᠲᠣᠭ᠍ᠲᠠᠴᠠ᠎ᠲᠠᠶ ᠭᠦᠨᠵᠡᠭᠡᠶ ᠵᠣᠯᠭᠠᠭᠤᠯᠬᠤ᠎ᠶ᠋ᠢ ᠠᠬᠢᠭᠤᠯᠵᠤ᠂ ᠨᠠᠩ ᠣᠯᠠᠨ ᠱᠢᠶᠠᠩᠭᠠᠩ ᠣᠣᠮᠧᠨ᠎ᠦ ᠠᠵᠤ ᠠᠬᠤᠢᠯᠠᠯ᠂ ᠲᠤᠰᠭᠠᠶ ᠮᠡᠷᠭᠡᠵᠢᠯ᠎ᠦᠨ ᠬᠥᠮᠦᠰ᠎ᠢ ᠲᠠᠲᠠᠵᠤ ᠨᠠᠨᠱᠠ᠎ᠶ᠋ᠢ ᠨᠡᠭᠡᠭᠡᠨ ᠬᠥᠭ᠌ᠵᠢᠭᠦᠯᠬᠦ᠌ ᠪᠥᠲᠥᠭᠡᠨ ᠪᠠᠢᠭᠤᠯᠤᠯᠲᠠ᠎ᠳᠤ ᠣᠷᠣᠯᠴᠠᠭᠤᠯᠵᠤ᠂ ᠭᠤᠸᠠᠩᠳᠦ᠋ᠩ ᠱᠢᠶᠠᠩᠭᠠᠩ ᠣᠣᠮᠧᠨ᠎ᠦ ᠪᠥᠬᠥ᠌ ᠲᠠᠯ᠎ᠠ᠎ᠶ᠋ᠢᠨ ᠬᠠᠮᠲᠤᠷᠠᠯᠴᠠᠭᠠᠨ᠎ᠤ ᠪᠠᠢᠯᠳᠤᠬᠤ ᠪᠣᠳᠣᠯᠭ᠎ᠠ᠎ᠶ᠋ᠢᠨ ᠲᠠᠪᠴᠠᠩ᠎ᠢ ᠴᠢᠨᠠᠷ ᠰᠠᠢᠲᠠᠶ ᠪᠠᠢᠭᠤᠯᠬᠤ ᠬᠡᠷᠡᠭ᠌ᠲᠡᠶ ᠭᠡᠪᠡ᠃

ᠯᠢ ᠱ᠌ᠢ ᠵᠢᠶ᠍ᠸ ᠭᠡᠱᠢᠭᠦᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠲᠤᠰᠭᠠᠢᠵᠢᠭᠰᠠᠨ ᠨᠠᠷᠢᠯᠢᠭᠵᠢᠭᠰᠠᠨ ᠣᠨᠴᠠᠯᠢᠬᠵᠢᠭᠰᠠᠨ ᠱᠢᠨ᠎ᠡ ᠠᠵᠤ ᠠᠬᠤᠢᠯᠠᠯ ᠨᠢ ᠳᠤᠮᠳᠠ ᠪᠠᠭ᠎ᠠ ᠵᠢᠵᠢᠭ ᠠᠵᠤ ᠠᠬᠤᠢᠯᠠᠯ᠎ᠤᠨ ᠳᠤᠮᠳᠠ ᠵᠠᠬ᠎ᠠ ᠳᠡᠯᠭᠡᠭᠦᠷ᠎ᠦᠨ ᠦᠷᠢᠰᠦᠯᠳᠦᠬᠦ᠌ ᠬᠦᠴᠦᠨ ᠪᠠ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢᠶᠡᠷ ᠬᠠᠮᠤᠭ᠎ᠤᠨ ᠴᠢᠩᠭ᠎ᠠ ᠪᠠᠢᠳᠠᠭ᠃ ᠱᠢᠰᠲ᠋ᠧᠮ᠎ᠦᠨ ᠵᠢᠷᠤᠭ ᠲᠥᠯᠥᠪᠯᠡᠭᠡ ᠪᠠ ᠤᠷᠳᠤ ᠬᠤᠭᠤᠴᠠᠭᠠᠨ᠎ᠤ ᠪᠦᠲᠦᠮᠵᠢᠲᠡᠢ ᠳᠡᠮᠵᠢᠯᠭᠡ᠎ᠶ᠋ᠢ ᠲᠡᠭᠦᠯᠳᠡᠷᠵᠢᠭᠦᠯᠵᠦ᠍᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠳᠤᠮᠳᠠ《ᠡᠮᠦᠨ᠎ᠡ ᠡᠩᠨᠡᠭᠡᠨ᠎ᠳᠦ ᠵᠣᠭ᠍ᠰᠣᠵᠤ᠂ ᠭᠣᠣᠯ ᠡᠭᠦᠷᠭᠡ᠎ᠶ᠋ᠢ ᠡᠭᠦᠷᠭᠡᠯᠡᠵᠦ᠍᠂ ᠭᠣᠣᠯ ᠲᠦᠷᠢ᠎ᠶ᠋ᠢ ᠲᠣᠭ᠍ᠯᠠᠬᠤ》 ᠭᠣᠣᠯ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠲᠤᠰᠭᠠᠢᠵᠢᠭᠰᠠᠨ ᠨᠠᠷᠢᠯᠢᠭᠵᠢᠭᠰᠠᠨ ᠣᠨᠴᠠᠯᠢᠬᠵᠢᠭᠰᠠᠨ ᠱᠢᠨ᠎ᠡ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠣᠷᠴᠢᠨ ᠨᠦᠬᠦᠴᠡᠯ᠎ᠢ ᠱᠢᠯᠢᠳᠡᠭ᠌ᠵᠢᠭᠦᠯᠵᠦ᠍᠂ ᠲᠤᠰᠭᠠᠢᠵᠢᠭᠰᠠᠨ ᠨᠠᠷᠢᠯᠢᠭᠵᠢᠭᠰᠠᠨ ᠣᠨᠴᠠᠯᠢᠬᠵᠢᠭᠰᠠᠨ ᠱᠢᠨ᠎ᠡ ᠠᠵᠤ ᠠᠬᠤᠢᠯᠠᠯ᠎ᠤᠨ ᠰᠲ᠋ᠤᠺ᠎ᠤᠨ ᠵᠠᠬ᠎ᠠ ᠳᠡᠯᠭᠡᠭᠦᠷ᠎ᠲᠦ ᠭᠠᠷᠬᠤ ᠵᠢ ᠪᠣᠢᠵᠢᠭᠤᠯᠬᠤ ᠬᠥᠮᠥᠷᠭᠡ᠎ᠶ᠋ᠢ ᠪᠠᠢᠭᠤᠯᠬᠤ ᠬᠡᠷᠡᠭ᠌ᠲᠡᠢ ᠭᠡᠪᠡ᠃

ᠹᠦ᠋ ᠷᠦᠸᠸ ᠴᠢᠩ ᠭᠡᠱᠢᠭᠦᠨ ᠦᠭᠡ ᠬᠡᠯᠡᠬᠦ᠌᠎ᠳᠡᠭᠡᠨ᠂ ᠡᠨᠡ ᠵᠢᠯ᠎ᠦᠨ ᠴᠠᠭᠠᠨ ᠰᠠᠷ᠎ᠠ᠎ᠳᠤ᠂ ᠬᠥᠬᠡᠮᠥ᠋ᠷᠡᠨ᠎ᠦ ᠡᠮᠦᠨ᠎ᠡ ᠤᠮᠠᠷ᠎ᠠ᠎ᠶ᠋ᠢᠨ ᠺᠢᠨᠣ᠋᠎ᠶ᠋ᠢᠨ ᠣᠷᠳᠣᠨ᠎ᠳᠤ ᠬᠥᠮᠦᠨ ᠬᠠᠷ᠎ᠠ ᠣᠯᠠᠱᠢᠷᠠᠵᠤ᠂ ᠪᠢᠯᠧᠲ᠎ᠦᠨ ᠣᠷᠣᠯᠭ᠎ᠠ ᠨᠢ ᠴᠠᠭᠠᠨ ᠰᠠᠷ᠎ᠠ᠎ᠶ᠋ᠢᠨ ᠺᠢᠨᠣ᠋᠎ᠭᠠᠷᠭᠠᠬᠰᠠᠨ ᠲᠡᠦᠬᠡ᠎ᠶ᠋ᠢᠨ ᠬᠣᠶᠠᠳᠤᠭᠠᠷ᠎ᠲᠤ ᠣᠷᠣᠪᠠ᠃ ᠱᠢᠨ᠎ᠡ ᠴᠠᠭ ᠦᠶ᠎ᠡ᠎ᠳᠦ᠂ ᠦᠵᠡᠭ᠌ᠴᠢᠳ ᠬᠦᠴᠦᠯᠡᠨ ᠴᠢᠷᠮᠠᠢᠬᠤ ᠵᠣᠷᠢᠭ᠂ ᠡᠭᠦᠳᠦᠨ ᠪᠦᠲᠦᠭᠡᠬᠦ᠌ ᠬᠦᠴᠦᠨ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠪᠢᠴᠢᠭ᠌ᠯᠡᠭ᠌ᠰᠡᠨ ᠰᠠᠢ᠌ᠨ ᠪᠦᠲᠦᠭᠡᠯ᠎ᠢ ᠣᠯᠵᠤ ᠬᠠᠷᠠᠬᠤ᠎ᠶ᠋ᠢ ᠬᠦᠰᠡᠵᠦ᠍ ᠪᠠᠢᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠰᠣᠶᠣᠯ᠎ᠤᠨ ᠠᠭᠤᠯᠤᠭ᠍ᠳᠠᠬᠤᠨ᠎ᠢ ᠭᠦᠨᠵᠡᠭᠡᠢ ᠡᠵᠡᠮᠱᠢᠵᠦ᠍᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠵᠢᠷᠤᠭ ᠰᠡᠭᠦᠳᠡᠷ᠎ᠢᠶᠡᠷ ᠦᠶ᠎ᠡ ᠤᠯᠠᠷᠢᠨ ᠣᠷᠣᠱᠢᠨ ᠲᠣᠭ᠍ᠲᠠᠨᠢᠬᠤ ᠠᠷᠠᠳ᠎ᠤᠨ ᠲᠤᠤᠯᠢᠰ᠎ᠢ ᠪᠢᠴᠢᠭ᠌ᠯᠡᠬᠦ᠌ ᠬᠡᠷᠡᠭ᠌ᠲᠡᠢ ᠭᠡᠪᠡ᠃

ᠯᠢᠦ ᠵᠦᠩ ᠹᠠᠨ ᠭᠡᠱᠢᠭᠦᠨ︽9·3︾᠎ᠤ ᠡᠷᠳᠡᠮ ᠰᠢᠨᠵᠢᠯᠡᠭᠡᠨ ᠤ᠋ ᠨᠡᠢᠭᠡᠮᠯᠢᠭ᠎ᠦᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠦᠢᠯᠡᠳᠬᠦ᠌ ᠦᠢᠯᠡᠰ᠎ᠦᠨ ᠬᠦᠴᠦᠷᠬᠡᠭ ᠤᠯᠤᠰ ᠱᠢᠨ᠎ᠡ ᠴᠠᠭ ᠦᠶ᠎ᠡ᠎ᠶ᠋ᠢᠨ ᠭᠠᠷᠮᠠᠭᠠᠢ ᠢᠨᠵᠧᠨᠧᠷ᠎ᠢ ᠬᠡᠷᠡᠭ᠌ᠰᠡᠨ᠎ᠡ᠂ ᠢᠷᠡᠭᠡᠳᠦᠢ᠎ᠶ᠋ᠢᠨ ᠪᠠᠢᠯᠳᠤᠬᠤ ᠪᠤᠳᠤᠯᠭ᠎ᠠ᠎ᠳᠦ ᠬᠡᠷᠡᠭ᠌ᠰᠡᠬᠦ᠌ ᠢᠨᠵᠧᠨᠧᠷᠢᠩ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠰᠠᠨᠠᠭᠠᠴᠢᠯᠠᠭ᠎ᠠ᠎ᠠᠴᠠ᠎ᠪᠠᠨ ᠪᠠᠢᠷᠢᠱᠢᠭᠤᠯᠵᠤ᠂ ᠭᠠᠷᠮᠠᠭᠠᠢ ᠢᠨᠵᠧᠨᠧᠷᠢᠩ᠎ᠦᠨ ᠴᠢᠳᠠᠪᠤᠷᠢᠲᠠᠨ᠎ᠢ ᠬᠥᠮᠦᠵᠢᠭᠦᠯᠬᠦ᠌ 《ᠬᠠᠮᠲᠤ᠎ᠶ᠋ᠢᠨ ᠴᠣᠭ᠍ᠴᠠ》 ᠵᠢ ᠪᠠᠢᠭᠤᠯᠵᠤ᠂ ᠭᠠᠷᠮᠠᠭᠠᠢ ᠢᠨᠵᠧᠨᠧᠷᠢᠩ᠎ᠦᠨ ᠴᠢᠳᠠᠪᠤᠷᠢᠲᠠᠨ᠎ᠢ ᠬᠥᠮᠦᠵᠢᠭᠦᠯᠬᠦ᠌ ᠲᠡᠷᠢᠭᠦᠨ ᠵᠡᠷᠭᠡ᠎ᠶ᠋ᠢᠨ ᠪᠠᠭ᠍ᠰᠢ᠎ᠶ᠋ᠢᠨ ᠡᠩᠨᠡᠭᠡ᠎ᠶ᠋ᠢ ᠪᠠᠢᠭᠤᠯᠵᠤ᠂ ᠱᠢᠨᠵᠢᠯᠡᠭᠡᠨ ᠠᠯᠤᠰᠯᠠᠭ᠍ᠰᠠᠨ ᠬᠠᠮ ᠢᠨᠵᠧᠨᠧᠷᠢᠩ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌ ᠬᠡᠷᠡᠭ᠌ᠲᠡᠢ ᠭᠡᠪᠡ᠃

ᠱᠢᠤᠢ ᠲᠤᠤ ᠭᠡᠱᠢᠭᠦᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠡᠷᠡᠭᠦᠯ ᠮᠡᠨᠳᠦ᠍᠎ᠶ᠋ᠢᠨ ᠠᠵᠤ ᠦᠶ᠋ᠯᠡᠰ᠎ᠦᠨ ᠠᠵᠤ ᠦᠶ᠋ᠯᠡᠰ᠎ᠦᠨ ᠬᠡᠯᠬᠢᠶ᠎ᠡ ᠣᠷᠳᠣ᠂ ᠳᠠᠢᠴᠢᠯᠠᠬᠤ ᠴᠢᠨᠠᠷ᠎ᠢᠶᠠᠷ ᠴᠢᠩᠭ᠎ᠠ᠂ ᠣᠷᠣᠨ ᠵᠠᠶ ᠪᠠ ᠳᠠᠯᠳᠠ ᠬᠦᠴᠦᠨ᠎ᠢ ᠪᠠᠳᠠᠷᠠᠭᠤᠯᠬᠤ ᠲᠠᠯ᠎ᠠ᠎ᠪᠠᠷ ᠨᠦᠭᠡᠴᠡ ᠯᠤᠲᠤ ᠶᠡᠬᠡ ᠪᠠᠢᠨ᠎ᠠ᠃ ᠮᠠᠨ᠎ᠤ ᠤᠯᠤᠰ᠎ᠤᠨ ᠬᠡᠲᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠎ᠢ ᠭᠦᠶ᠋ᠴᠡᠳ ᠪᠠᠳᠠᠷᠠᠭᠤᠯᠵᠤ᠂ ᠨᠢᠭᠡ ᠪᠦᠯᠦᠭ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠷ ᠴᠢᠩᠭ᠎ᠠ᠂ ᠨᠠᠷᠠᠲᠤ ᠲᠥᠷᠥᠯ ᠲᠡᠮᠳᠡᠭ᠌ᠲᠦ ᠦᠶ᠋ᠯᠡᠳᠬᠦᠨ᠎ᠢᠶᠡᠷ ᠱᠢᠯᠢᠳᠡᠭ᠂ ᠬᠥᠭ᠌ᠵᠢᠯᠲᠡ᠎ᠶ᠋ᠢᠨ ᠨᠥᠭᠡᠴᠡ ᠬᠦᠴᠦᠨ᠎ᠢᠶᠡᠷ ᠭᠦᠶ᠋ᠴᠡᠳ ᠬᠡᠪᠴᠢᠶᠡᠵᠢᠭ᠌ᠰᠡᠨ ᠠᠵᠤ ᠠᠬᠤᠢᠯᠠᠯ᠎ᠢ ᠴᠣᠭ᠍ᠴᠠᠯᠠᠵᠤ᠂ ᠣᠳᠣᠬᠢᠴᠢᠯᠠᠭ᠍ᠰᠠᠨ ᠡᠷᠡᠭᠦᠯ ᠮᠡᠨᠳᠦ᠍᠎ᠶ᠋ᠢᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠵᠤ᠂ ᠴᠢᠨᠠᠷ ᠰᠠᠢᠲᠠᠶ ᠦᠶ᠋ᠯᠡᠳᠬᠦᠨ ᠪᠠ ᠦᠶ᠋ᠯᠡᠴᠢᠯᠡᠭᠡ ᠬᠠᠩᠭᠠᠬᠤ ᠬᠡᠷᠡᠭ᠌ᠲᠡᠶ ᠭᠡᠪᠡ᠃

ᠭᠤᠤ ᠬᠣᠩ ᠵᠢᠶᠦ᠋ᠨ ᠭᠡᠱᠢᠭᠦᠨ ᠨᠠᠮ ᠪᠦᠯᠦᠭ᠎ᠦᠨ ᠪᠤᠰᠤ ᠬᠥᠮᠦᠰ᠎ᠦᠨ ᠡᠲᠡᠭᠡᠳ᠎ᠢ ᠲᠥᠯᠥᠭᠡᠯᠡᠨ ᠦᠭᠡ ᠬᠡᠯᠡᠬᠦ᠌᠎ᠳᠡᠭᠡᠨ᠂ ᠣᠳᠣᠬᠠᠨ᠎ᠳᠤ ᠨᠡᠢᠭᠡᠮᠴᠢᠯᠡᠯᠲᠡ᠂ ᠲᠤᠰᠭᠠᠢᠵᠢᠯᠲᠠ᠂ ᠮᠡᠳᠡᠭᠡ ᠵᠠᠩᠭᠢᠵᠢᠯᠲᠠ ᠪᠣᠯᠤᠨ ᠳᠡᠯᠡᠬᠡᠢᠴᠢᠯᠡᠯᠲᠡ᠎ᠶ᠋ᠢᠨ ᠣᠳᠣᠬᠢᠴᠢᠯᠠᠭ᠍ᠰᠠᠨ《ᠱᠢᠨᠵᠢᠯᠡᠬᠦ᠌ ᠤᠬᠠᠭᠠᠨ ᠤ᠋ ᠶᠡᠬᠡ ᠲᠦᠭᠡᠮᠡᠯᠵᠢᠭᠦᠯᠦᠯᠲᠡ》᠎ᠵᠢᠨ ᠱᠢᠨ᠎ᠡ ᠪᠠᠢᠷᠢᠱᠢᠯ᠎ᠢ ᠲᠡᠭᠦᠯᠳᠡᠷᠵᠢᠭᠦᠯᠵᠦ᠍᠂ ᠪᠦᠬᠦ᠌ ᠠᠷᠠᠳ᠎ᠤᠨ ᠱᠢᠨᠵᠢᠯᠡᠬᠦ᠌ ᠤᠬᠠᠭᠠᠨ᠎ᠤ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌᠎ᠶ᠋ᠢ ᠲᠤᠯᠭᠠᠮ ᠱᠠᠭᠠᠷᠳᠠᠵᠤ ᠪᠠᠢᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠠᠵᠢᠯ᠎ᠢ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠳᠦ ᠣᠷᠣᠭᠤᠯᠵᠤ᠂ ᠤᠯᠠᠨ ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠰᠣᠯᠢᠯᠴᠠᠭᠠᠨ᠎ᠤ ᠲᠠᠪᠴᠠᠩ᠎ᠢ ᠪᠠᠢᠭᠤᠯᠵᠤ᠂ ᠳᠡᠭᠡᠳᠦ ᠲᠡᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠬᠢ ᠪᠠᠶᠠᠯᠢᠭ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌᠎ᠶ᠋ᠢ ᠠᠬᠢᠭᠤᠯᠵᠤ᠂ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠠᠭᠤᠷᠢ ᠲᠥᠬᠥᠭᠡᠷᠦᠮᠵᠢ᠂ ᠶᠡᠷᠦᠩᠬᠡᠢᠯᠡᠭ᠌ᠰᠡᠨ ᠠᠵᠢᠭ᠍ᠯᠠᠨ ᠬᠡᠮᠵᠢᠬᠦ᠌ ᠦᠷᠳᠡᠭᠡ ᠵᠡᠷᠭᠡ᠎ᠪᠡᠷ ᠥᠷᠭᠡᠨ ᠤᠯᠠᠨ ᠠᠷᠠᠳ ᠲᠦᠮᠡᠨ᠎ᠳᠦ ᠠᠱᠢᠭ ᠬᠦᠷᠲᠡᠭᠡᠬᠦ᠌ ᠬᠡᠷᠡᠭ᠌ᠲᠡᠢ ᠭᠡᠪᠡ᠃

ᠭᠦ᠋ ᠱᠤ᠌ ᠵᠦᠩ ᠭᠡᠱᠢᠭᠦᠨ ᠦᠭᠡ ᠬᠡᠯᠡᠬᠦ᠌᠎ᠳᠡᠭᠡᠨ᠂ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠷᠤᠮᠯᠠᠯ ᠪᠣᠯᠭᠠᠵᠤ᠂ ᠡᠬᠢ ᠪᠠᠶᠠᠯᠢᠭ᠎ᠤᠨ ᠦᠷ᠎ᠡ ᠪᠦᠲᠦᠮᠵᠢ ᠪᠣᠯᠤᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠠᠮᠢ ᠠᠬᠤᠢ᠎ᠶ᠋ᠢ ᠦᠷᠭᠦᠯᠵᠢᠯᠡᠨ ᠬᠠᠮᠠᠭᠠᠯᠠᠨ ᠰᠡᠷᠭᠦᠭᠡᠵᠦ᠍᠂ ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠠᠵᠤ ᠦᠢᠯᠡᠰ᠎ᠦᠨ ᠠᠮᠢ ᠠᠬᠤᠢ᠌ᠵᠢᠯᠳᠠ ᠪᠣᠯᠤᠨ ᠠᠮᠢ ᠠᠬᠤᠢ᠎ᠶ᠋ᠢᠨ ᠠᠵᠤ ᠦᠢᠯᠡᠰᠵᠢᠯᠲᠡ᠎ᠶ᠋ᠢ ᠦᠷᠭᠦᠯᠵᠢᠯᠡᠨ ᠠᠬᠢᠭᠤᠯᠵᠤ᠂ ᠠᠮᠢ ᠠᠬᠤᠢ ᠪᠣᠯᠤᠨ ᠠᠵᠤ ᠠᠬᠤᠢ᠎ᠶ᠋ᠢᠨ ᠬᠠᠷᠢᠯᠴᠠᠨ ᠬᠠᠮᠵᠢᠯᠴᠠᠭ᠍ᠰᠠᠨ ᠴᠢᠨᠠᠷ ᠰᠠᠢᠲᠠᠢ ᠬᠥᠭ᠌ᠵᠢᠯᠲᠡ᠎ᠳᠦ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠵᠦ᠍᠂ ᠱᠢᠨ᠎ᠡ ᠬᠥᠳᠡᠯᠭᠡᠬᠦ᠌ ᠡᠨᠧᠷᠭᠢ ᠬᠠᠩᠭᠠᠬᠤ ᠬᠡᠷᠡᠭ᠌ᠲᠡᠢ ᠬᠡᠵᠤ ᠬᠡᠯᠡᠪᠡ᠃

ᠸᠧᠶ ᠴᠢᠩ ᠰᠥᠩ ᠭᠡᠰᠢᠭᠦᠨ ᠦᠭᠡ ᠬᠡᠯᠡᠬᠦ᠌᠎ᠳᠡᠭᠡᠨ᠂ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠬᠠᠤᠯᠢ ᠲᠣᠭ᠍ᠲᠠᠭᠠᠯᠲᠠ᠎ᠶ᠋ᠢ ᠴᠢᠩᠭᠠᠳᠭᠠᠵᠤ᠂ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠡᠩᠨᠡᠭᠡ᠎ᠶ᠋ᠢ ᠪᠤᠵᠠᠭᠠᠢᠷᠠᠭᠤᠯᠵᠤ᠂ ᠬᠣᠲᠠ ᠬᠥᠳᠡᠭᠡ᠎ᠶ᠋ᠢᠨ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠲᠣᠬᠢᠷᠠᠭᠤᠯᠤᠯᠲᠠ᠎ᠶ᠋ᠢ ᠲᠡᠩᠴᠡᠭᠦᠷᠢᠲᠡᠶ ᠪᠣᠯᠭᠠᠵᠤ᠂ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠪᠣᠳᠠᠲᠤ ᠴᠣᠭ᠍ᠴᠠ᠂ ᠬᠠᠯᠠᠮᠱᠢᠯ ᠤᠲᠠᠰᠤ᠂ ᠰᠦᠯᠵᠢᠶ᠎ᠡ ᠵᠡᠷᠭᠡ ᠲᠠᠪᠴᠠᠩ᠎ᠤᠨ ᠰᠠᠭᠤᠷᠢ ᠲᠥᠬᠥᠭᠡᠷᠦᠮᠵᠢ᠎ᠶ᠋ᠢ ᠪᠠᠢᠭᠤᠯᠵᠤ᠂ ᠵᠠᠰᠠᠭ᠎ᠤᠨ ᠣᠷᠳᠣᠨ᠎ᠤ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡ ᠬᠤᠳᠠᠯᠳᠤᠨ ᠠᠪᠬᠤ ᠡᠷᠴᠢᠮ᠎ᠢ ᠴᠢᠩᠭᠠᠷᠠᠭᠤᠯᠵᠤ᠂ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠬᠠᠤᠯᠢᠵᠢᠯ᠎ᠤᠨ ᠨᠡᠢᠭᠡᠮ᠎ᠦᠨ ᠪᠠᠢᠭᠤᠯᠤᠯᠲᠠ᠎ᠶ᠋ᠢ ᠲᠦᠷᠭᠡᠳᠭᠡᠬᠦ᠌ ᠬᠡᠷᠡᠭ᠌ᠲᠡᠶ ᠬᠡᠵᠤ ᠭᠡᠯᠡᠪᠡ᠃

ᠵᠢᠶᠠᠩ ᠭᠤᠸᠠᠩ ᠫᠢᠩ ᠭᠡᠱᠢᠭᠦᠨ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠢ ᠲᠥᠯᠥᠭᠡᠯᠡᠨ ᠦᠭᠡ ᠬᠡᠯᠡᠬᠦ᠌᠎ᠳᠡᠭᠡᠨ᠂ ᠬᠥᠳᠡᠯᠮᠦᠷᠢᠴᠢᠳ᠎ᠦᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌᠎ᠶ᠋ᠢ ᠠᠵᠢᠯ ᠣᠯᠭᠣᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠴᠢᠬᠤᠯᠠ ᠠᠷᠭ᠎ᠠ ᠪᠠᠷᠢᠯ ᠪᠣᠯᠭᠠᠵᠤ᠂ ᠨᠠᠰᠤᠨ ᠲᠤᠷᠱᠢᠳᠠ᠎ᠶ᠋ᠢᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠤᠨ ᠲᠦᠷᠢᠮ᠎ᠢ ᠪᠦᠷᠢᠨᠱᠢᠬᠦᠯᠬᠦ᠌ ᠬᠡᠷᠡᠭ᠌ᠲᠡᠢ; ᠬᠥᠳᠡᠯᠮᠦᠷᠢ᠎ᠶ᠋ᠢᠨ ᠡᠯᠧᠮᠧᠨ᠋ᠲ᠎ᠦᠨ ᠠᠴᠢ ᠬᠠᠷᠢᠭᠤᠯᠲᠠ᠎ᠶ᠋ᠢ ᠳᠡᠭᠡᠭ᠌ᠰᠢᠯᠡᠭᠦᠯᠬᠦ᠌᠎ᠶ᠋ᠢ ᠬᠥᠳᠡᠯᠮᠦᠷᠢ ᠦᠢᠯᠡᠳᠪᠦᠷᠢᠯᠡᠯ᠎ᠦᠨ ᠨᠤᠷᠮ᠎ᠠ᠎ᠶ᠋ᠢ ᠳᠡᠭᠡᠭ᠌ᠰᠢᠯᠡᠭᠦᠯᠬᠦ᠌᠎ᠲᠡᠶ ᠣᠷᠭᠠᠨᠢᠭ᠎ᠢᠶᠠᠷ ᠤᠶᠠᠯᠳᠤᠭᠤᠯᠵᠤ᠂ ᠬᠥᠳᠡᠯᠮᠦᠷᠢᠴᠢᠳ᠎ᠢ ᠬᠥᠳᠡᠯᠮᠦᠷᠢᠯᠡᠪᠡᠯ ᠣᠷᠣᠯᠭ᠎ᠠ᠎ᠲᠠᠶ᠂ ᠢᠯᠡᠭᠦᠦ ᠬᠥᠳᠡᠯᠮᠦᠷᠢᠯᠡᠪᠡᠯ ᠢᠯᠡᠭᠦᠦ ᠣᠷᠣᠯᠭ᠎ᠠ᠎ᠲᠠᠶ ᠪᠣᠯᠭᠠᠬᠤ ᠬᠡᠷᠡᠭ᠌ᠲᠡᠢ; ᠬᠠᠤᠯᠢᠵᠢᠯ ᠤ᠋ᠨ ᠠᠷᠭ᠎ᠠ ᠪᠡᠷ ᠲᠤᠰᠭᠠᠢᠵᠢᠭ᠍ᠰᠠᠨ ᠱᠢᠭᠦᠨ ᠲᠠᠰᠣᠯᠣᠯᠳᠠ᠎ᠪᠠᠷ ᠬᠥᠳᠡᠯᠮᠦᠷᠢ᠎ᠶ᠋ᠢᠨ ᠬᠠᠷᠢᠴᠠᠭ᠎ᠠ᠎ᠶ᠋ᠢᠨ ᠵᠥᠷᠢᠴᠡᠯ᠎ᠢ ᠡᠶᠡᠳᠡᠭᠦᠯᠦᠨ ᠱᠢᠢᠳᠪᠦᠷᠢᠯᠡᠬᠦ᠌᠎ᠶ᠋ᠢ ᠪᠠᠷᠢᠮᠲᠠᠯᠠᠵᠤ᠂ ᠠᠵᠢᠯᠳᠠᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠬᠤ ᠬᠡᠷᠡᠭ᠌ᠲᠡᠢ ᠬᠡᠵᠡᠢ᠃

ᠵᠶ᠋ᠢ ᠬᠣᠩ ᠵᠦᠩ ᠦᠭᠡ ᠬᠡᠯᠡᠬᠦ᠌᠎ᠳᠡᠭᠡᠨ᠂ ᠳᠤᠮᠳᠠᠳᠤ ᠤᠯᠤᠰ᠎ᠤᠨ ᠮᠠᠶᠢᠬ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠲᠡᠦᠬᠡᠨ ᠠᠬᠢᠴᠠ᠎ᠲᠠᠶ ᠤᠶᠠᠯᠳᠤᠭᠤᠯᠵᠤ᠂ ᠱᠢᠨ᠎ᠡ ᠴᠠᠭ ᠦᠶ᠎ᠡ᠎ᠶ᠋ᠢᠨ ᠱᠠᠱᠢᠨ ᠰᠤᠷᠲᠠᠬᠤᠨ᠎ᠤ ᠨᠣᠮᠯᠠᠯ ᠶᠣᠰᠣ᠎ᠶ᠋ᠢ ᠲᠣᠳᠣᠷᠬᠠᠢᠯᠠᠨ ᠲᠠᠢᠯᠪᠤᠷᠢᠯᠠᠬᠤ᠎ᠶ᠋ᠢ ᠠᠬᠢᠭᠤᠯᠵᠤ᠂ ᠱᠠᠱᠢᠨ ᠱᠢᠲᠦᠭᠴᠢᠳ ᠤ᠋ᠨ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢᠨ ᠲᠤᠬᠠᠢ ᠣᠢᠯᠠᠭᠠᠯᠲᠠ᠎ᠶ᠋ᠢ ᠳᠡᠭᠡᠭ᠌ᠰᠢᠯᠡᠭᠦᠯᠵᠦ᠍᠂ ᠥᠷᠭᠡᠨ ᠤᠯᠠᠨ ᠱᠠᠱᠢᠨ ᠱᠢᠲᠦᠭᠴᠢᠳ ᠢ᠋ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ᠎ᠤᠨ ᠮᠠᠶᠢᠬ᠎ᠤᠨ ᠣᠳᠣᠬᠢᠴᠢᠯᠠᠯᠲᠠ᠎ᠶ᠋ᠢᠨ ᠠᠭᠤᠤ ᠶᠡᠬᠡ ᠦᠢᠯᠡᠳᠦᠯᠭᠡ᠎ᠳᠦ ᠢᠳᠡᠪᠬᠢᠲᠡᠢ ᠰᠠᠨᠠᠭᠠᠴᠢᠯᠠᠭ᠎ᠠ᠎ᠡᠴᠡ᠎ᠪᠠᠨ ᠣᠷᠣᠯᠴᠠᠭᠤᠯᠬᠤ ᠬᠡᠷᠡᠭ᠌ᠲᠡᠢ ᠬᠡᠵᠤ ᠬᠡᠯᠡᠪᠡ᠃

ᠼᠦᠢ ᠱ᠌ᠢ ᠴᠠᠩ ᠭᠡᠱᠢᠭᠦᠨ ᠦᠭᠡ ᠬᠡᠯᠡᠬᠦ᠌᠎ᠳᠡᠭᠡᠨ᠂ ᠪᠠᠢᠯᠳᠤᠬᠤ ᠪᠤᠳᠤᠯᠭ᠎ᠠ᠎ᠶ᠋ᠢᠨ ᠰᠡᠳᠭᠢᠬᠦᠢ ᠪᠣᠯᠤᠨ ᠱᠢᠰᠲ᠋ᠧᠮᠲᠦ ᠰᠡᠳᠭᠢᠬᠦᠢ᠎ᠶ᠋ᠢ ᠪᠠᠷᠢᠮᠲᠠᠯᠠᠵᠤ᠂ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠵᠦ᠍᠂ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠵᠤ᠂ ᠠᠮᠤᠷ ᠲᠦᠪᠱᠢᠨ ᠪᠠᠢᠬᠤ ᠦᠶ᠎ᠡ᠎ᠳᠡᠭᠡᠨ ᠠᠶᠤᠯ ᠲᠦᠭ᠌ᠰᠢᠭᠦᠷᠢ᠎ᠶ᠋ᠢ ᠪᠣᠳᠣᠯᠬᠢᠯᠠᠵᠤ᠂ ᠨᠡᠩ ᠥᠨᠳᠥᠷ ᠵᠣᠭ᠍ᠰᠣᠴᠠ᠂ ᠨᠡᠩ ᠥᠷᠭᠡᠨ ᠠᠭᠤᠳᠠᠮ ᠰᠡᠳᠭᠢᠬᠦᠢ ᠪᠣᠯᠤᠨ ᠬᠠᠷᠠᠭᠠᠰᠤ ᠡᠴᠡ ᠦᠨᠳᠦᠰᠦᠨ ᠬᠠᠤᠯᠢ᠂ ᠦᠨᠳᠦᠰᠦ ᠪᠣᠯᠬᠤ ᠬᠠᠤᠯᠢ᠂ ᠤᠯᠤᠰ᠎ᠤᠨ ᠠᠮᠤᠷ ᠲᠦᠪᠱᠢᠨ᠎ᠦ ᠬᠠᠤᠯᠢ᠎ᠶ᠋ᠢ ᠤᠬᠠᠭᠤᠯᠤᠨ ᠳᠡᠯᠭᠡᠷᠡᠭᠦᠯᠬᠦ᠌ ᠠᠵᠢᠯ᠎ᠢ ᠰᠠᠢᠲᠤᠷ ᠬᠢᠵᠦ᠍᠂ 《ᠤᠯᠤᠰ᠎ᠢᠶᠠᠨ ᠬᠠᠢᠷᠠᠯᠠᠭ᠍ᠴᠢ ᠣᠣᠮᠧᠨ᠎ᠢᠶᠡᠨ ᠵᠠᠰᠠᠬᠤ》ᠵᠠᠷᠴᠢᠮ᠎ᠢ ᠲᠤᠭᠤᠱᠢᠯᠠᠭᠤᠯᠵᠤ᠂ ᠤᠯᠤᠰ ᠪᠣᠯᠤᠨ ᠣᠣᠮᠧᠨ᠎ᠦ ᠨᠡᠢᠭᠡᠮ᠎ᠦᠨ ᠲᠣᠭ᠍ᠲᠠᠭᠤᠨ᠎ᠢ ᠪᠦᠬᠦ᠌ ᠬᠦᠴᠦ᠍᠎ᠪᠡᠷ᠎ᠢᠶᠡᠨ ᠬᠠᠮᠠᠭᠠᠯᠠᠵᠤ᠂ ᠣᠣᠮᠧᠨ᠎ᠦ ᠬᠥᠭ᠌ᠵᠢᠯ ᠴᠡᠴᠡᠭ᠌ᠯᠡᠯ᠎ᠦᠨ ᠰᠠᠭᠤᠷᠢ᠎ᠶ᠋ᠢ ᠪᠡᠬᠢᠵᠢᠭᠦᠯᠬᠦ᠌ ᠬᠡᠷᠡᠭ᠌ᠲᠡᠢ ᠭᠡᠵᠦ᠍ ᠬᠡᠯᠡᠪᠡ᠃

ᠺᠦᠩ ᠯᠢᠩ ᡁᠢ ᠭᠡᠱᠢᠭᠦᠨ ᠲᠠᠢᠸᠠᠨ᠎ᠤ ᠠᠷᠠᠳᠴᠢᠯᠠᠯ᠎ᠢᠶᠠᠷ ᠥᠪᠡᠷᠲᠡᠭᠡᠨ ᠵᠠᠰᠠᠬᠤ ᠬᠣᠯᠪᠣᠭ᠎ᠠ᠎ᠶ᠋ᠢᠨ ᠲᠥᠪ ᠬᠣᠷᠢᠢ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠠᠷᠠᠯ ᠳᠣᠲᠣᠷᠠᠬᠢ ᠨᠡᠩ ᠤᠯᠠᠨ ᠨᠤᠲᠤᠭ᠎ᠤᠨ ᠠᠬ᠎ᠠ ᠳᠡᠭᠦᠦ᠍᠎ᠨᠡᠷ ᠲᠤ᠌ 《ᠨᠢᠭᠡᠳᠭᠡᠬᠦ᠌ ᠨᠢ ᠠᠱᠢᠭ᠍ᠲᠠᠢ᠂ 〈 ᠲᠠᠢᠸᠠᠨ᠎ᠢ ᠲᠤᠰᠠᠭᠠᠷ ᠲᠣᠭ᠍ᠲᠠᠨᠢᠭᠤᠯᠬᠤ 〉 ᠪᠣᠯ ᠮᠥᠬᠥᠯ᠎ᠦᠨ ᠵᠠᠮ᠂ ᠭᠠᠳᠠᠨᠠᠬᠢ ᠬᠥᠮᠦᠨ ᠨᠠᠢᠳᠠᠪᠤᠷᠢ ᠦᠭᠡᠢ》ᠭᠡᠳᠡᠭ᠎ᠢ ᠲᠣᠳᠣᠷᠬᠠᠢ ᠲᠠᠨᠢᠭᠤᠯᠵᠤ᠂ ᠮᠠᠰᠢ ᠤᠯᠠᠨ ᠡᠷᠳᠡᠮᠲᠡᠨ ᠮᠡᠷᠭᠡᠳ ᠵᠥᠪ ᠲᠡᠦᠬᠡ᠎ᠶ᠋ᠢᠨ ᠦᠵᠡᠯᠲᠡ᠂ ᠤᠯᠤᠰ᠎ᠤᠨ ᠦᠵᠡᠯᠲᠡ᠎ᠶ᠋ᠢ ᠢᠳᠡᠪᠬᠢᠲᠡᠢ ᠤᠬᠠᠭᠤᠯᠵᠤ᠂ ᠮᠠᠰᠢ ᠤᠯᠠᠨ ᠨᠤᠲᠤᠭ᠎ᠤᠨ ᠠᠬ᠎ᠠ ᠳᠡᠭᠦᠦ᠍᠎ᠨᠡᠷ ᠡᠷᠡᠭᠡᠯᠵᠡᠯ ᠦᠭᠡᠢ᠎ᠪᠡᠷ ᠡᠬᠡ ᠤᠯᠤᠰ᠎ᠤᠨ ᠨᠢᠭᠡᠳᠦᠯ᠎ᠦᠨ ᠲᠥᠯᠥᠭᠡ ᠦᠭᠡ ᠬᠡᠯᠡᠵᠤ ᠪᠠᠢᠨ᠎ᠠ᠃ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠠᠢᠸᠠᠨ᠎ᠤ ᠠᠰᠠᠭᠤᠳᠠᠯ᠎ᠢ ᠱᠢᠢᠳᠪᠦᠷᠢᠯᠡᠬᠦ᠌ ᠶᠡᠷᠦᠩᠬᠡᠢ ᠠᠷᠭ᠎ᠠ ᠪᠤᠳᠤᠯᠭ᠎ᠠ᠎ᠶ᠋ᠢ ᠪᠠᠷᠢᠮᠲᠠᠯᠠᠵᠤ᠂ ᠥᠷᠭᠡᠨ ᠤᠯᠠᠨ ᠲᠠᠢᠸᠠᠨ᠎ᠤ ᠠᠬ᠎ᠠ ᠳᠡᠭᠦᠦ᠍᠎ᠨᠡᠷ᠎ᠲᠡᠶ ᠪᠦᠯᠬᠦᠮᠳᠡᠨ ᠭᠠᠷ ᠬᠣᠯᠪᠣᠯᠴᠠᠨ ᠡᠷᠡᠯᠬᠡᠭ᠌ᠯᠡᠨ ᠤᠷᠤᠭ᠍ᠰᠢᠯᠠᠵᠤ᠂ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠶᠠᠮᠠᠷᠪᠠ ᠭᠣᠷᠢᠳᠠᠯᠭ᠎ᠠ᠎ᠶ᠋ᠢ ᠡᠷᠡᠰ ᠪᠤᠲᠠ ᠨᠢᠷᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠬᠠᠮᠲᠤ᠎ᠪᠠᠷ ᠴᠣᠭ᠍ᠴᠠᠯᠠᠬᠤ ᠬᠡᠷᠡᠭ᠌ᠲᠡᠢ ᠬᠡᠪᠡ᠃

ᠬᠤᠷᠠᠯ᠎ᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠾᠧ ᠾᠧᠦ ᠬᠤᠸᠠ ᠡᠷᠬᠢᠯᠡᠪᠡ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠬ᠍ᠤ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠯᠢᠶᠠᠩ ᠵᠧᠨ ᠶᠢᠩ᠂ ᠪᠠᠭᠠᠲᠤᠷ᠂ ᠰᠤ᠌ ᠬᠤᠢ᠂ ᠱᠤᠤ ᠬᠣᠩ᠂ ᠭᠤᠤ ᠶᠦᠨ ᠯᠦᠩ ᠬᠤᠷᠠᠯ᠎ᠳᠤ ᠣᠷᠣᠯᠴᠠᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 9᠎ᠤ᠋ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面