2023-03-11 12:35:41
ᠵᠤᠤ ᠯᠧ ᠵᠢᠢ
ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ ᠤᠨ ᠪᠠᠢᠩᠭᠤ ᠵᠢᠨ ᠬᠤᠷᠢᠶ᠎ᠠ ᠵᠢᠨ ᠬᠤᠷᠢᠶᠠᠨ ᠳᠠᠷᠤᠭ᠎ᠠ

ᠵᠤᠤ ᠯᠧ ᠵᠢᠢ᠂ ᠡᠷᠡᠭᠲᠡᠢ᠂ ᠬᠢᠲᠠᠳ ᠦᠨᠳᠦᠰᠦᠲᠡᠨ᠂ 1957 ᠣᠨ ᠤ 3 ᠰᠠᠷ᠎ᠠ᠎ᠳᠤ ᠲᠦᠷᠦᠵᠠᠢ᠂ ᠱᠠᠨᠰᠢ ᠮᠤᠵᠢ᠎ᠶᠢᠨ ᠰᠢ ᠠᠨ ᠤ ᠬᠥᠮᠥᠨ᠂ 1974 ᠣᠨ᠎ᠤ 9 ᠰᠠᠷ᠎ᠠ᠎ᠳᠤ ᠠᠵᠢᠯ᠎ᠳᠤ ᠣᠷᠣᠵᠤ᠂ 1975 ᠣᠨ᠎ᠤ 7 ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ ᠳᠤ ᠣᠷᠣᠵᠠᠢ᠂ ᠪᠡᠭᠡᠵᠢᠩ ᠶᠡᠬᠡ ᠰᠤᠷᠭᠠᠭᠤᠯᠢ ᠵᠢᠨ ᠭᠦᠨ ᠤᠬᠠᠭᠠᠨ᠎ᠤ ᠰᠠᠯᠪᠤᠷᠢ᠎ᠶᠢᠨ ᠭᠦᠨ ᠤᠬᠠᠭᠠᠨ ᠤ ᠲᠤᠰᠬᠠᠢ ᠮᠡᠷᠭᠡᠵᠢᠯ᠎ᠡᠴᠡ ᠲᠡᠭᠦᠰᠴᠡᠢ᠂ ᠲᠥᠪ᠎ᠦᠨ ᠨᠠᠮ᠎ᠤᠨ ᠰᠤᠷᠭᠠᠭᠤᠯᠢ᠎ᠶᠢᠨ ᠠᠰᠫᠢᠷᠠᠨᠲ ᠤᠨ ᠰᠤᠷᠤᠯᠭ᠎ᠠ᠎ᠶᠢᠨ ᠨᠠᠮᠲᠠᠷ᠎ᠲᠠᠢ᠃
ᠤᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠤᠪᠴᠢᠶ᠎ᠠ ᠵᠢᠨ ᠪᠠᠢᠩᠭᠤ᠎ᠶᠢᠨ ᠭᠡᠰᠢᠭᠦᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠪᠠᠢᠩᠭᠤ ᠵᠢᠨ ᠬᠤᠷᠢᠶ᠎ᠠ ᠵᠢᠨ ᠬᠤᠷᠢᠶᠠᠨ ᠳᠠᠷᠤᠭ᠎ᠠ ᠵᠢᠨ ᠳᠤᠰᠢᠶᠠᠯ ᠢ᠋ ᠡᠭᠦᠷᠭᠡᠯᠡᠵᠦ ᠪᠠᠢᠨ᠎ᠠ᠃
( ᠰᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶᠢᠨ 10 ᠤ᠋ ᠴᠠᠬᠢᠯᠭᠠᠨ ᠮᠡᠳᠡᠭᠡ )
ᠸᠠᠩ ᠬᠤ᠌ ᠨᠢᠩ
ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠲᠡᠷᠢᠭᠦᠯᠡᠭ᠌ᠴᠢ

ᠸᠠᠩ ᠬᠤ᠌ ᠨᠢᠩ᠂ ᠡᠷᠡᠭ᠌ᠲᠡᠢ᠂ ᠬᠢᠲᠠᠳ ᠦᠨᠳᠦᠰᠦᠲᠡᠨ᠂ 1955 ᠣᠨ᠎ᠤ 10 ᠰᠠᠷ᠎ᠠ᠎ᠳᠤ ᠲᠦᠷᠦᠪᠡ᠂ ᠱᠠᠨᠳᠦ᠋ᠩ᠎ᠤᠨ ᠯᠠᠢ᠌ᠵᠸᠤ ᠵᠢᠨ ᠬᠥᠮᠦᠨ᠃ 1977 ᠣᠨ᠎ᠤ 2 ᠰᠠᠷ᠎ᠠ᠎ᠳᠤ ᠠᠵᠢᠯ᠎ᠳᠤ ᠣᠷᠣᠵᠤ᠂ 1984 ᠣᠨ᠎ᠤ 4 ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠵᠠᠢ᠃ ᠹᠦᠳᠠᠨ ᠶᠡᠬᠡ ᠰᠤᠷᠭᠠᠭᠤᠯᠢ᠎ᠶ᠋ᠢᠨ ᠤᠯᠠᠨ ᠤᠯᠤᠰ ᠤᠨ ᠤᠯᠤᠰ ᠲᠦᠷᠦ᠍᠎ᠶ᠋ᠢᠨ ᠰᠠᠯᠪᠤᠷᠢ᠎ᠶ᠋ᠢᠨ ᠤᠯᠠᠨ ᠤᠯᠤᠰ᠎ᠤᠨ ᠤᠯᠤᠰ ᠲᠦᠷᠦ᠍᠎ᠶ᠋ᠢᠨ ᠲᠤᠰᠭᠠᠢ ᠮᠡᠷᠭᠡᠵᠢᠯ᠎ᠡᠴᠡ ᠲᠡᠭᠦᠰᠴᠡᠢ᠂ ᠠᠰᠫᠢᠷᠠᠨᠲ ᠤᠨ ᠰᠤᠷᠤᠯᠭ᠎ᠠ᠎ᠶ᠋ᠢᠨ ᠨᠠᠮᠲᠠᠷ ᠲᠠᠶ᠂ ᠬᠠᠤᠯᠢ᠎ᠶ᠋ᠢᠨ ᠤᠬᠠᠭᠠᠨ᠎ᠤ ᠮᠠᠰᠲ᠋ᠧᠷ ᠴᠣᠯᠠ᠎ᠲᠠᠶ᠂ ᠫᠷᠤᠹᠸᠰᠰᠤᠷ᠃
ᠤᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠤᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠲᠡᠷᠢᠭᠦᠯᠡᠭ᠌ᠴᠢ᠂ ᠲᠥᠪ᠎ᠦᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠬᠤᠷᠢᠶ᠎ᠠ ᠵᠢᠨ ᠠᠯᠪᠠᠨ ᠭᠡᠷ᠎ᠦᠨ ᠡᠷᠬᠢᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠦ ᠪᠠᠢᠨ᠎ᠠ᠃
(ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ᠎ᠶᠢᠨ10᠎ᠤ᠋ ᠴᠠᠬᠢᠯᠭᠠᠨ ᠮᠡᠳᠡᠭᠡ)
ᠬᠠᠨ ᠵᠧᠩ
ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠡᠳ᠋ ᠳᠡᠷᠢᠬᠦᠯᠡᠭᠴᠢ

ᠬᠠᠨ ᠵᠧᠩ᠂ ᠡᠷᠡᠭᠲᠡᠢ᠂ ᠬᠢᠲᠠᠳ ᠦᠨᠳᠦᠰᠦᠲᠡᠨ᠂ 1954 ᠣᠨ᠎ᠤ 4 ᠰᠠᠷ᠎ᠠ᠎ᠳᠤ ᠲᠦᠷᠦᠵᠠᠢ᠂ ᠵᠧᠵᠢᠶᠠᠩ ᠮᠤᠵᠢ᠎ᠶᠢᠨ ᠼᠢᠰᠢ ᠵᠢᠨ ᠬᠥᠮᠥᠨ᠃ 1975 ᠣᠨ᠎ᠤ 12 ᠰᠠᠷ᠎ᠠ᠎ᠳᠤ ᠠᠵᠢᠯ᠎ᠳᠤ ᠣᠷᠣᠵᠤ᠂ 1979 ᠣᠨ᠎ᠤ 5 ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠵᠠᠢ᠃ ᠬᠤᠸᠠᠳᠦ᠋ᠩ ᠤᠨ ᠪᠠᠭ᠍ᠰᠢ ᠵᠢᠨ ᠶᠡᠬᠡ ᠰᠤᠷᠭᠠᠭᠤᠯᠢ ᠶᠢᠨ ᠤᠯᠠᠨ ᠤᠯᠤᠰ ᠤᠨ ᠠᠰᠠᠭᠤᠳᠠᠯ ᠰᠤᠳᠤᠯᠬᠤ ᠭᠠᠵᠠᠷ᠎ᠤᠨ ᠤᠯᠠᠨ ᠤᠯᠤᠰ᠎ᠤᠨ ᠬᠠᠷᠢᠴᠠᠭ᠎ᠠ ᠬᠢᠭᠡᠳ ᠳᠡᠯᠡᠬᠡᠢ᠎ᠶᠢᠨ ᠠᠵᠤ ᠠᠬᠤᠢ᠎ᠶᠢᠨ ᠲᠤᠰᠬᠠᠢ ᠮᠡᠷᠭᠡᠵᠢᠯ᠎ᠡᠴᠡ ᠲᠡᠭᠦᠰᠴᠡᠢ᠂ ᠠᠵᠢᠯ᠎ᠤᠨ ᠪᠠᠢᠷᠢ ᠳᠡᠬᠡᠷ᠎ᠡ ᠪᠠᠨ ᠰᠤᠷᠤᠯᠴᠠᠭᠰᠠᠨ ᠠᠰᠫᠢᠷᠠᠨᠲ᠎ᠤᠨ ᠰᠤᠷᠤᠯᠭ᠎ᠠ ᠵᠢᠨ ᠨᠠᠮᠲᠠᠷ᠎ᠲᠠᠢ᠂ ᠠᠵᠤ ᠠᠬᠤᠢ᠎ᠶᠢᠨ ᠤᠬᠠᠭᠠᠨ᠎ᠤ ᠮᠠᠰᠲᠧᠷ ᠴᠣᠯᠠ᠎ᠲᠠᠢ᠂ ᠳᠡᠭᠡᠳᠦ ᠵᠡᠷᠭᠡ᠎ᠶᠢᠨ ᠠᠵᠤ ᠠᠬᠤᠢᠴᠢ᠃
ᠤᠳᠤ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠳᠡᠳ᠋ ᠲᠡᠷᠢᠭᠦᠯᠡᠭᠴᠢ᠎ᠶᠢᠨ ᠳᠤᠰᠢᠶᠠᠯ ᠢ᠋ ᠡᠭᠦᠷᠭᠡᠯᠡᠵᠦ ᠪᠠᠢᠨ᠎ᠠ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶᠢᠨ 10 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃