2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-11 12:51:27

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

QQ截图20230311124710.png


ᠯᠢ ᠬᠣᠩ ᠵᠦᠩ᠂ ᠡᠷᠡᠭ᠌ᠲᠡᠢ ᠂ ᠬᠢᠲᠠᠳ ᠦᠨᠳᠦᠰᠦᠲᠡᠨ᠂ 1956 ᠣᠨ᠎ᠤ 8 ᠰᠠᠷ᠎ᠠ᠎ᠳᠤ ᠲᠦᠷᠦᠪᠡ᠂ ᠱᠠᠨᠳᠦ᠋ᠩ᠎ᠦᠨ ᠴᠠᠩᠯᠸ ᠵᠢᠨ ᠬᠥᠮᠦᠨ᠂ 1975 ᠣᠨ᠎ᠤ 8 ᠰᠠᠷ᠎ᠠ᠎ᠳᠤ ᠠᠵᠢᠯ᠎ᠳᠤ ᠣᠷᠣᠵᠤ᠂ 1976 ᠣᠨ᠎ᠤ 12 ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠪᠠ᠂ ᠭᠢᠷᠢᠨ ᠶᠡᠬᠡ ᠰᠤᠷᠭᠠᠭᠤᠯᠢ᠎ᠶ᠋ᠢᠨ ᠲᠡᠦᠬᠡ᠎ᠶ᠋ᠢᠨ ᠰᠠᠯᠪᠤᠷᠢ᠎ᠶ᠋ᠢᠨ ᠲᠡᠦᠬᠡ᠎ᠶ᠋ᠢᠨ ᠤᠬᠠᠭᠠᠨ᠎ᠤ ᠲᠤᠰᠭᠠᠢ ᠮᠡᠷᠭᠡᠵᠢᠯ᠎ᠡᠴᠡ ᠲᠡᠭᠦᠰᠪᠡ᠂ ᠶᠡᠬᠡ ᠰᠤᠷᠭᠠᠭᠤᠯᠢ᠎ᠶ᠋ᠢᠨ ᠰᠤᠷᠤᠯᠭ᠎ᠠ᠎ᠶ᠋ᠢᠨ ᠨᠠᠮᠲᠠᠷ᠎ᠲᠠᠶ᠂ ᠠᠵᠤ ᠠᠬᠤᠢᠴᠢ᠃

ᠤᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠠᠷᠪᠠᠨ ᠳᠥᠷᠪᠡᠳᠦᠭᠡᠷ ᠬᠤᠭᠤᠴᠠᠭᠠᠨ ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ ᠪᠠᠢᠨ᠎ᠠ᠃


wang.png


ᠸᠠᠩ ᠳ᠋ᠦᠩ ᠮᠢᠩ᠂ ᠡᠷᠡᠭ᠌ᠲᠡᠢ ᠂ ᠬᠢᠲᠠᠳ ᠦᠨᠳᠦᠰᠦᠲᠡᠨ᠂ 1956 ᠣᠨ᠎ᠤ 7 ᠰᠠᠷ᠎ᠠ᠎ᠳᠤ ᠲᠦᠷᠦᠪᠡ᠂ ᠯᠢᠶᠣᠤᠨᠢᠩ᠎ᠤᠨ ᠺᠤᠸᠠᠨ ᠳ᠋ᠢᠶᠠᠨ ᠤ᠋ ᠬᠥᠮᠦᠨ᠂ 1975 ᠣᠨ᠎ᠤ 8 ᠰᠠᠷ᠎ᠠ᠎ᠳᠤ ᠠᠵᠢᠯ᠎ᠳᠤ ᠣᠷᠣᠵᠤ᠂ 1975 ᠣᠨ᠎ᠤ 6 ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠵᠠᠢ᠂ ᠲᠥᠪ ᠎ᠤᠨ ᠨᠠᠮ ᠎ᠤᠨ ᠰᠤᠷᠭᠠᠭᠤᠯᠢ᠎ᠶ᠋ᠢᠨ ᠠᠰᠫᠢᠷᠠᠨᠲ᠎ᠤᠨ ᠰᠤᠷᠤᠯᠭ᠎ᠠ᠎ᠶ᠋ᠢᠨ ᠨᠠᠮᠲᠠᠷ᠎ᠲᠠᠶ᠃

ᠤᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠡᠱᠢᠭᠦᠨ ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ᠂ ᠳᠤᠮᠳᠠᠳᠤ᠎ᠶ᠋ᠢᠨ ᠪᠦᠬᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠦᠨ ᠲᠡᠷᠢᠭᠦᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠦ ᠪᠠᠢᠨ᠎ᠠ᠃


xiao.png


ᠱᠢᠶᠤᠤ ᠵᠢᠶᠸ᠂ ᠡᠷᠡᠭ᠌ᠲᠡᠢ ᠂ ᠬᠢᠲᠠᠳ ᠦᠨᠳᠦᠰᠦᠲᠡᠨ ᠂ 1957 ᠣᠨ ᠎ᠤ 6 ᠰᠠᠷ᠎ᠠ᠎ᠳᠤ ᠲᠦᠷᠦᠪᠡ᠂ ᠯᠢᠶᠣᠤᠨᠢᠩ᠎ᠤᠨ ᠺᠠᠢᠶᠤᠸᠠᠨ᠎ᠤ ᠬᠥᠮᠦᠨ᠂ 1976 ᠣᠨ᠎ᠤ 3 ᠰᠠᠷ᠎ᠠ᠎ᠳᠤ ᠠᠵᠢᠯ᠎ᠳᠤ ᠣᠷᠣᠵᠤ ᠂ 1985 ᠣᠨ ᠎ᠤ 8 ᠰᠠᠷ᠎ᠠ᠎ᠳᠤ ᠳᠤᠮᠳᠠᠳᠤ ᠤᠯᠤᠰ ᠎ᠤᠨ ᠡᠪ ᠬᠠᠮᠲᠤ ᠨᠠᠮ᠎ᠳᠤ ᠣᠷᠣᠵᠠᠢ᠂ ᠡᠳ᠋᠎ᠦᠨ ᠵᠠᠰᠠᠭ᠎ᠤᠨ ᠶᠠᠮᠤᠨ᠎ᠤ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ᠎ᠤ ᠰᠤᠳᠤᠯᠬᠤ ᠭᠠᠵᠠᠷ᠎ᠤᠨ ᠡᠳ᠋ ᠎ᠤᠨ ᠵᠠᠰᠠᠭ ᠎ᠤᠨ ᠲᠤᠰᠭᠠᠢ ᠮᠡᠷᠭᠡᠵᠢᠯ᠎ᠡᠴᠡ ᠲᠡᠭᠦᠰᠴᠡᠢ᠂ ᠠᠵᠢᠯ ᠎ᠤᠨ ᠪᠠᠢᠷᠢ ᠳᠡᠬᠡᠷ᠎ᠡ ᠪᠠᠨ ᠰᠤᠷᠤᠯᠴᠠᠬᠰᠠᠨ ᠠᠰᠫᠢᠷᠠᠨᠲ᠎ᠤᠨ ᠰᠤᠷᠤᠯᠭ᠎ᠠ᠎ᠶ᠋ᠢᠨ ᠨᠠᠮᠲᠠᠷ᠎ᠲᠠᠶ᠂ ᠠᠵᠤ ᠠᠬᠤᠢ᠎ᠶ᠋ᠢᠨ ᠤᠬᠠᠭᠠᠨ᠎ᠤ ᠳ᠋ᠣᠺᠲ᠋ᠤᠷ ᠴᠣᠯᠠ᠎ᠲᠠᠶ᠂ ᠠᠵᠤ ᠠᠬᠤᠢᠴᠢ᠃

ᠤᠳᠤ ᠳᠤᠮᠳᠠᠳᠤ ᠤᠯᠤᠰ ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ ᠎ᠤ ᠲᠥᠪ ᠬᠣᠷᠢᠶ᠎ᠠ ᠵᠢᠨ ᠭᠡᠱᠢᠭᠦᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ ᠪᠠᠢᠨ᠎ᠠ᠃


zheng.png


ᠵᠧᠩ ᠵᠢᠶᠠᠨ ᠪᠠᠩ᠂ ᠡᠷᠡᠭ᠌ᠲᠡᠢ᠂ ᠬᠢᠲᠠᠳ ᠦᠨᠳᠦᠰᠦᠲᠡᠨ ᠂ 1957 ᠣᠨ᠎ᠤ 1 ᠰᠠᠷ᠎ᠠ᠎ᠳᠤ ᠲᠦᠷᠦᠪᠡ᠂ ᠬᠤᠨᠠᠨ ᠤ᠋ ᠱ᠌ᠢᠮᠸᠨ᠎ᠤ ᠬᠥᠮᠦᠨ᠂ ᠭᠣᠮᠢᠨᠳᠠᠩ᠎ᠤᠨ ᠬᠤᠪᠢᠰᠭᠠᠯᠲᠤ ᠬᠣᠷᠢᠶ᠎ᠠ ᠵᠢᠨ ᠪᠦᠷᠢᠯᠳᠦᠬᠦᠨ᠂ 1976 ᠣᠨ ᠎ᠤ 8 ᠰᠠᠷ᠎ᠠ᠎ᠳᠤ ᠠᠵᠢᠯ᠎ᠳᠤ ᠣᠷᠣᠵᠠᠢ᠂ ᠵᠡᠭᠦᠨ ᠬᠣᠢᠲᠤ᠎ᠶ᠋ᠢᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠤᠯᠤᠰ ᠲᠦᠷᠦ᠍᠎ᠶ᠋ᠢᠨ ᠰᠤᠷᠭᠠᠨ ᠬᠥᠮᠦᠵᠢᠯ᠎ᠦᠨ ᠰᠠᠯᠪᠤᠷᠢ᠎ᠶ᠋ᠢᠨ ᠠᠵᠤ ᠠᠬᠤᠢ᠎ᠶ᠋ᠢᠨ ᠤᠬᠠᠭᠠᠨ᠎ᠤ ᠲᠤᠰᠭᠠᠢ ᠮᠡᠷᠭᠡᠵᠢᠯ᠎ᠡᠴᠡ ᠲᠡᠭᠦᠰᠴᠡᠢ᠂ ᠶᠡᠬᠡ ᠰᠤᠷᠭᠠᠭᠤᠯᠢ᠎ᠶ᠋ᠢᠨ ᠰᠤᠷᠤᠯᠭ᠎ᠠ᠎ᠶ᠋ᠢᠨ ᠨᠠᠮᠲᠠᠷ᠎ᠲᠠᠶ᠃

ᠤᠳᠤ ᠠᠷᠪᠠᠨ ᠳᠥᠷᠪᠡᠳᠦᠭᠡᠷ ᠬᠤᠭᠤᠴᠠᠭᠠᠨ ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ᠂ ᠭᠣᠮᠢᠨᠳᠠᠩ᠎ᠤᠨ ᠬᠤᠪᠢᠰᠭᠠᠯᠲᠤ ᠬᠣᠷᠢᠶ᠎ᠠ ᠵᠢᠨ ᠲᠥᠪ ᠬᠣᠷᠢᠶ᠎ᠠ ᠵᠢᠨ ᠲᠡᠷᠢᠭᠦᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠦ ᠪᠠᠢᠨ᠎ᠠ᠃


ding.png


ᠳ᠋ᠢᠩ ᠵᠦᠡᠭ ᠯᠢ ᠂ ᠡᠷᠡᠭ᠌ᠲᠡᠢ ᠂ ᠬᠢᠲᠠᠳ ᠦᠨᠳᠦᠰᠦᠲᠡᠨ ᠂ 1957 ᠣᠨ ᠎ᠤ 1 ᠰᠠᠷ᠎ᠠ᠎ᠳᠤ ᠳᠦᠷᠦᠪᠡ᠂ ᠵᠧᠵᠢᠶᠠᠩ ᠮᠤᠵᠢ᠎ᠶ᠋ᠢᠨ ᠱᠧᠩᠵᠧᠦ ᠵᠢᠨ ᠬᠥᠮᠦᠨ᠂ ᠳᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ ᠵᠢᠨ ᠪᠦᠷᠢᠯᠳᠦᠬᠦᠨ᠂ 1988 ᠣᠨ᠎ᠤ 8 ᠰᠠᠷ᠎ᠠ᠎ᠳᠤ ᠠᠵᠢᠯ᠎ᠳᠤ ᠣᠷᠣᠵᠠᠢ᠂ ᠳᠤᠮᠳᠠᠳᠤ ᠤᠯᠤᠰ ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ ᠎ᠦᠨ ᠭᠠᠵᠠᠷ ᠱᠢᠨᠵᠢᠯᠡᠭᠡᠨ᠎ᠦ ᠰᠤᠳᠤᠯᠬᠤ ᠭᠠᠵᠠᠷ ᠎ᠤᠨ ᠡᠷᠲᠡᠨ᠎ᠦ ᠠᠮᠢᠳᠤ ᠪᠣᠳᠠᠰ᠎ᠤᠨ ᠤᠬᠠᠭᠠᠨ ᠵᠢᠴᠢ ᠭᠠᠵᠠᠷ ᠎ᠤᠨ ᠳᠠᠪᠬᠤᠷᠭ᠎ᠠ᠎ᠶ᠋ᠢᠨ ᠰᠤᠳᠤᠯᠤᠯ᠎ᠤᠨ ᠲᠤᠰᠭᠠᠢ ᠮᠡᠷᠭᠡᠵᠢᠯ᠎ᠡᠴᠡ ᠲᠡᠭᠦᠰᠴᠡᠢ᠂ ᠠᠰᠫᠢᠷᠠᠨᠲ᠎ᠤᠨ ᠰᠤᠷᠤᠯᠭ᠎ᠠ᠎ᠶ᠋ᠢᠨ ᠨᠠᠮᠲᠠᠷ᠎ᠲᠠᠶ᠂ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠳ᠋ᠣᠺᠲ᠋ᠣᠷ ᠴᠣᠯᠠ᠎ᠲᠠᠶ᠂ ᠰᠤᠳᠤᠯᠤᠭ᠍ᠴᠢ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ᠃

ᠤᠳᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ᠂ ᠳᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠲᠥᠪ ᠬᠣᠷᠢᠶ᠎ᠠ ᠵᠢᠨ ᠲᠡᠷᠢᠭᠦᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠦ ᠪᠠᠢᠨ᠎ᠠ᠃


hao.png


ᠬᠤᠤ ᠮᠢᠩ ᠵᠢᠨ᠂ ᠡᠷᠡᠭ᠌ᠲᠡᠢ ᠂ ᠬᠢᠲᠠᠳ ᠦᠨᠳᠦᠰᠦᠲᠡᠨ ᠂ 1956 ᠣᠨ᠎ᠤ 12 ᠰᠠᠷ᠎ᠠ᠎ᠳᠤ ᠲᠦᠷᠦᠪᠡ ᠂ ᠱᠠᠨᠳᠦ᠋ᠩ᠎ᠦᠨ ᠵᠢᠶᠠ ᠱᠢᠶᠠᠩ᠎ᠤᠨ ᠬᠥᠮᠦᠨ ᠂ ᠠᠷᠠᠳᠴᠢᠯᠠᠯ ᠵᠢᠡᠷ ᠤᠯᠤᠰ᠎ᠢᠶᠠᠨ ᠪᠠᠢᠭᠤᠯᠬᠤ ᠬᠤᠷᠠᠯ᠎ᠦᠨ ᠪᠦᠷᠢᠯᠳᠦᠬᠦᠨ᠂ 1971 ᠣᠨ᠎ᠤ 12 ᠰᠠᠷ᠎ᠠ᠎ᠳᠤ ᠠᠵᠢᠯ᠎ᠳᠤ ᠣᠷᠣᠵᠠᠢ ᠂ ᠳᠤᠮᠳᠠᠳᠤ ᠤᠯᠤᠰ᠎ᠤᠨ ᠤᠯᠤᠰ ᠲᠦᠷᠦ᠍ ᠬᠠᠤᠯᠢ ᠴᠠᠭᠠᠵᠠ᠎ᠶ᠋ᠢᠨ ᠶᠡᠬᠡ ᠰᠤᠷᠭᠠᠭᠤᠯᠢ᠎ᠶ᠋ᠢᠨ ᠬᠠᠤᠯᠢ᠎ᠶ᠋ᠢᠨ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠵᠠᠷᠭᠤ᠎ᠶ᠋ᠢᠨ ᠬᠠᠤᠯᠢ᠎ᠶ᠋ᠢᠨ ᠤᠬᠠᠭᠠᠨ᠎ᠤ ᠲᠤᠰᠭᠠᠢ ᠮᠡᠷᠭᠡᠵᠢᠯ ᠎ᠡᠴᠡ ᠲᠡᠭᠦᠰᠴᠡᠢ᠂ ᠠᠰᠫᠢᠷᠠᠨᠲ᠎ᠤᠨ ᠰᠤᠷᠤᠯᠭ᠎ᠠ᠎ᠶ᠋ᠢᠨ ᠨᠠᠮᠲᠠᠷ᠎ᠲᠠᠶ᠂ ᠬᠠᠤᠯᠢ᠎ᠶ᠋ᠢᠨ ᠤᠬᠠᠭᠠᠨ᠎ᠤ ᠳ᠋ᠣᠺᠲ᠋ᠣᠷ ᠴᠣᠯᠠ᠎ᠲᠠᠶ᠂ ᠫᠷᠤᠹᠸᠰᠰᠤᠷ᠃

ᠤᠳᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ᠂ ᠠᠷᠠᠳᠴᠢᠯᠠᠯ ᠵᠢᠡᠷ ᠤᠯᠤᠰ᠎ᠢᠶᠠᠨ ᠪᠠᠢᠭᠤᠯᠬᠤ ᠬᠤᠷᠠᠯ᠎ᠦᠨ ᠲᠥᠪ ᠬᠣᠷᠢᠶ᠎ᠠ᠎ᠶᠢᠨ ᠲᠡᠷᠢᠭᠦᠯᠡᠭ᠌ᠴᠢ᠂ ᠲᠥᠪ᠎ᠦᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠵᠠᠬᠢᠷᠤᠯ᠎ᠤᠨ ᠲᠤᠱᠢᠶᠠᠯ᠎ᠢ ᠡᠭᠦᠷᠭᠡᠯᠡᠵᠥ ᠪᠠᠢᠨ᠎ᠠ᠃


cai.png


ᠼᠠᠢ ᠳ᠋ᠠ ᠹᠸᠩ᠂ ᠡᠷᠡᠭ᠌ᠲᠡᠢ᠂ ᠬᠢᠲᠠᠳ ᠦᠨᠳᠦᠰᠦᠲᠡᠨ᠂ 1960 ᠣᠨ᠎ᠤ 6 ᠰᠠᠷ᠎ᠠ᠎ᠳᠤ ᠲᠦᠷᠦᠵᠠᠢ᠂ ᠵᠧᠵᠢᠶᠠᠩ ᠤ᠋ᠨ ᠨᠢᠩᠪᠦ᠋ᠸᠧ᠎ᠶ᠋ᠢᠨ ᠬᠥᠮᠦᠨ᠂ ᠲᠤᠮᠳᠠᠳᠤ ᠤᠯᠤᠰ ᠤ᠋ᠨ ᠠᠷᠠᠳᠴᠢᠯᠠᠯ᠎ᠢᠶᠠᠷ ᠠᠬᠢᠭᠤᠯᠬᠤ ᠬᠤᠷᠠᠯ ᠤ᠋ᠨ ᠪᠦᠷᠢᠯᠳᠦᠬᠦᠨ᠂ 1985 ᠣᠨ᠎ᠤ 7 ᠰᠠᠷ᠎ᠠ᠎ᠳᠤ ᠠᠵᠢᠯ᠎ᠳᠤ ᠣᠷᠣᠪᠠ᠂ ᠲᠦᠩ ᠵᠶ᠋ᠢ ᠶᠡᠬᠡ ᠰᠤᠷᠭᠠᠭᠤᠯᠢ᠎ᠶ᠋ᠢᠨ ᠪᠠᠷᠢᠯᠭ᠎ᠠ᠎ᠶ᠋ᠢᠨ ᠰᠠᠯᠪᠤᠷᠢ᠎ᠶ᠋ᠢᠨ ᠪᠠᠷᠢᠯᠭ᠎ᠠ᠎ᠶ᠋ᠢᠨ ᠲᠡᠦᠬᠡ ᠬᠢᠭᠡᠳ ᠤᠨᠤᠯ᠎ᠤᠨ ᠲᠤᠰᠭᠠᠢ ᠮᠡᠷᠭᠡᠵᠢᠯ᠎ᠡᠴᠡ ᠲᠡᠭᠦᠰᠴᠡᠢ᠂ ᠠᠰᠫᠢᠷᠠᠨᠲ᠎ᠤᠨ ᠰᠤᠷᠤᠯᠭ᠎ᠠ᠎ᠶ᠋ᠢᠨ ᠨᠠᠮᠲᠠᠷ᠎ᠲᠠᠶ᠂ ᠢᠨᠵᠸᠨ᠋ᠸᠷᠢᠨᠭ ᠤ᠋ᠨ ᠤᠬᠠᠭᠠᠨ᠎ᠤ ᠳ᠋ᠣᠺᠲ᠋ᠣᠷ᠎ᠤᠨ ᠴᠤᠯᠠ ᠲᠠᠢ᠂ ᠫᠷᠤᠹᠸᠰᠰᠤᠷ᠃

ᠤᠳᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ᠂ ᠲᠤᠮᠳᠠᠳᠤ ᠤᠯᠤᠰ ᠤ᠋ᠨ ᠠᠷᠠᠳᠴᠢᠯᠠᠯ᠎ᠢᠶᠠᠷ ᠠᠬᠢᠭᠤᠯᠬᠤ ᠬᠤᠷᠠᠯ ᠤ᠋ᠨ ᠲᠥᠪ ᠬᠣᠷᠢᠶ᠎ᠠ ᠵᠢᠨ ᠲᠡᠷᠢᠭᠦᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠥ ᠪᠠᠢᠨ᠎ᠠ᠃


he.png


ᠾᠧ ᠸᠧᠢ᠂ ᠡᠷᠡᠭ᠌ᠲᠡᠢ᠂ ᠬᠢᠲᠠᠳ ᠦᠨᠳᠦᠰᠦᠲᠡᠨ᠂ 1955 ᠣᠨ᠎ᠤ 12 ᠰᠠᠷ᠎ᠠ᠎ᠳᠤ ᠲᠦᠷᠦᠵᠠᠢ᠂ ᠬᠠᠷᠠᠮᠥ᠋ᠷᠡᠨ ᠤ᠋ ᠬᠠᠷᠪᠢᠨ᠎ᠤ ᠬᠥᠮᠦᠨ᠂ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠪᠦᠷᠢᠯᠳᠦᠬᠦᠨ᠂ 1975 ᠣᠨ᠎ᠤ 12 ᠰᠠᠷ᠎ᠠ᠎ᠳᠤ ᠠᠵᠢᠯ᠎ᠳᠤ ᠣᠷᠣᠪᠠ᠂ ᠭᠧᠷᠮᠠᠨ᠎ᠤ ᠬᠠᠢ᠌ᠳ᠋ᠸ᠋ᠪᠦ᠋ᠷᠡᠭ ᠶᠡᠬᠡ ᠰᠤᠷᠭᠠᠭᠤᠯᠢ᠎ᠶ᠋ᠢᠨ ᠤᠨᠤᠯ᠎ᠤᠨ ᠠᠨᠠᠭᠠᠬᠤ ᠤᠬᠠᠭᠠᠨ᠎ᠤ ᠰᠠᠯᠪᠤᠷᠢ᠎ᠶ᠋ᠢᠨ ᠡᠭᠡᠯᠢᠯᠡᠭᠡ᠎ᠶ᠋ᠢᠨ ᠤᠬᠠᠭᠠᠨ᠎ᠤ ᠲᠤᠰᠭᠠᠢ ᠮᠡᠷᠭᠡᠵᠢᠯ᠎ᠡᠴᠡ ᠲᠡᠭᠦᠰᠴᠡᠢ᠂ ᠠᠰᠫᠢᠷᠠᠨᠲ᠎ᠤᠨ ᠰᠤᠷᠤᠯᠭ᠎ᠠ᠎ᠶ᠋ᠢᠨ ᠨᠠᠮᠲᠠᠷ᠎ᠲᠠᠶ᠂ ᠠᠨᠠᠭᠠᠬᠤ ᠤᠬᠠᠭᠠᠨ᠎ᠤ ᠳ᠋ᠣᠺᠲ᠋ᠣᠷ ᠎ᠤᠨ ᠴᠤᠯᠠ ᠲᠠᠢ᠂ ᠫᠷᠤᠹᠸᠰᠰᠤᠷ᠃

ᠤᠳᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ᠂ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠡᠷᠢᠭᠦᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠥ ᠪᠠᠢᠨ᠎ᠠ᠃


wu.png


ᠡᠦ ᠸᠧᠢ ᠬᠤᠸᠠ᠂ ᠡᠷᠡᠭ᠌ᠲᠡᠢ᠂ ᠬᠢᠲᠠᠳ ᠦᠨᠳᠦᠰᠦᠲᠡᠨ᠂ 1956 ᠣᠨ᠎ᠤ 9 ᠰᠠᠷ᠎ᠠ᠎ᠳᠤ ᠲᠦᠷᠦᠵᠠᠢ᠂ ᠱᠠᠨ ᠰᠢ᠎ᠶ᠋ᠢᠨ ᠱᠢᠶᠤᠤ ᠢ᠎ᠶ᠋ᠢᠨ ᠬᠥᠮᠦᠨ᠂ 《9·3》 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠭᠡᠰᠢᠬᠦᠨ᠂ 1974 ᠣᠨ᠎ᠤ 12 ᠰᠠᠷ᠎ᠠ᠎ᠳᠤ ᠠᠵᠢᠯ᠎ᠳᠤ ᠣᠷᠣᠪᠠ᠂ ᠠᠮᠧᠷᠢᠺᠠ᠎ᠶ᠋ᠢᠨ ᠱᠢᠨ᠎ᠡ ᠵᠸᠷᠰᠢ ᠵᠧᠦ᠍᠎ᠶ᠋ᠢᠨ ᠶᠡᠬᠡ ᠰᠤᠷᠭᠠᠭᠤᠯᠢ᠎ᠶ᠋ᠢᠨ ᠤᠷᠭᠤᠮᠠᠯ᠎ᠤᠨ ᠱᠢᠨᠵᠢᠯᠡᠬᠦ᠌ ᠤᠬᠠᠭᠠᠨ᠎ᠤ ᠰᠠᠯᠪᠤᠷᠢ᠎ᠶ᠋ᠢᠨ ᠤᠷᠭᠤᠮᠠᠯ᠎ᠤᠨ ᠱᠢᠨᠵᠢᠯᠡᠬᠦ᠌ ᠤᠬᠠᠭᠠᠨ᠎ᠤ ᠲᠤᠰᠭᠠᠢ ᠮᠡᠷᠭᠡᠵᠢᠯ᠎ᠡᠴᠡ ᠲᠡᠭᠦᠰᠪᠠ᠂ ᠠᠰᠫᠢᠷᠠᠨᠲ᠎ᠤᠨ ᠰᠤᠷᠤᠯᠭ᠎ᠠ᠎ᠶ᠋ᠢᠨ ᠨᠠᠮᠲᠠᠷ᠎ᠲᠠᠶ᠂ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠳ᠋ᠣᠺᠲ᠋ᠣᠷ᠂ ᠫᠷᠤᠹᠸᠰᠰᠤᠷ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ᠃

ᠤᠳᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ᠂《9·3》ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠲᠥᠪ ᠬᠣᠷᠢᠶ᠎ᠠ ᠵᠢᠨ ᠲᠡᠷᠢᠭᠦᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠥ ᠪᠠᠢᠨ᠎ᠠ᠃


tie.png


ᠲᠢᠶᠸ ᠨᠢᠩ᠂ ᠡᠮᠡᠭ᠌ᠲᠡᠢ᠂ ᠬᠢᠲᠠᠳ ᠦᠨᠳᠦᠰᠦᠲᠡᠨ᠂ 1957 ᠣᠨ᠎ᠤ 9 ᠰᠠᠷ᠎ᠠ᠎ᠳᠤ ᠲᠦᠷᠦᠵᠠᠢ᠂ ᠾᠸᠪᠸᠢ ᠵᠢᠨ ᠵᠤᠤ ᠱᠢᠶᠠᠨ᠎ᠤ ᠬᠥᠮᠦᠨ᠂ 1975 ᠣᠨ᠎ᠤ 7 ᠰᠠᠷ᠎ᠠ ᠎ᠳᠤ ᠠᠵᠢᠯ᠎ᠳᠤ ᠣᠷᠣᠪᠠ᠂ 1975 ᠣᠨ᠎ᠤ 11 ᠰᠠᠷ᠎ᠠ ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠪᠠ᠂ ᠥᠨᠳᠥᠷ ᠵᠡᠷᠭᠡ ᠶ᠋ᠢᠨ ᠳᠤᠮᠳᠠᠳᠤ ᠰᠤᠷᠭᠠᠭᠤᠯᠢ ᠎ᠶ᠋ᠢᠨ ᠰᠤᠷᠤᠯᠭ᠎ᠠ᠎ᠶ᠋ᠢᠨ ᠨᠠᠮᠲᠠᠷ᠎ᠲᠠᠶ᠂ ᠤᠳᠭ᠎ᠠ ᠵᠣᠬᠢᠶᠠᠯ᠎ᠤᠨ ᠵᠣᠬᠢᠶᠠᠨ ᠪᠦᠲᠦᠭᠡᠯᠭᠡ᠎ᠶ᠋ᠢᠨ ᠨᠢᠭᠡᠳᠦᠭᠡᠷ ᠳᠡᠰ᠃

ᠤᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠡᠱᠢᠭᠦᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ᠂ ᠳᠤᠮᠳᠠᠳᠤ ᠤᠯᠤᠰ᠎ᠤᠨ ᠤᠳᠭ᠎ᠠ ᠤᠷᠠᠯᠢᠭ ᠎ᠤᠨ ᠬᠢᠨ᠎ᠦ ᠬᠣᠯᠪᠣᠭ᠎ᠠ ᠵᠢᠨ᠎ᠲᠡᠷᠢᠭᠦᠯᠡᠭ᠌ᠴᠢ᠂ ᠳᠤᠮᠳᠠᠳᠤ ᠤᠯᠤᠰ᠎ᠤᠨ ᠵᠣᠬᠢᠶᠠᠯᠴᠢᠳ᠎ᠤᠨ ᠡᠪᠯᠡᠯ ᠎ᠦᠨ ᠲᠡᠷᠢᠭᠦᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠥ ᠪᠠᠢᠨ᠎ᠠ᠃


peng.png


ᠫᠸᠩ ᠴᠢᠩ ᠬᠤᠸᠠ᠂ ᠡᠷᠡᠭ᠌ᠲᠡᠢ᠂ ᠬᠢᠲᠠᠳ ᠦᠨᠳᠦᠰᠦᠲᠡᠨ᠂ 1957 ᠣᠨ᠎ᠤ 4 ᠰᠠᠷ᠎ᠠ᠎ᠳᠤ ᠲᠦᠷᠦᠵᠠᠢ᠂ ᠬᠤᠪᠸᠢ᠎ᠶ᠋ᠢᠨ ᠳ᠋ᠠ ᠶᠧ᠎ᠶ᠋ᠢᠨ ᠬᠥᠮᠦᠨ᠂ 1974 ᠣᠨ᠎ᠤ 8 ᠰᠠᠷ᠎ᠠ᠎ᠳᠤ ᠠᠵᠢᠯ᠎ᠳᠤ ᠣᠷᠣᠪᠠ᠂ 1976 ᠣᠨ᠎ᠤ 6 ᠰᠠᠷ᠎ᠠ᠎ᠳᠤ ᠳᠤᠮᠳᠠᠳᠤ ᠤᠯᠤᠰ ᠎ᠤᠨ ᠡᠪ ᠬᠠᠮᠲᠤ ᠨᠠᠮ᠎ᠳᠤ ᠣᠷᠣᠪᠠ᠂ ᠵᠦᠩᠱᠠᠨ ᠶᠡᠬᠡ ᠰᠤᠷᠭᠠᠭᠤᠯᠢ ᠎ᠶ᠋ᠢᠨ ᠠᠵᠤ ᠠᠬᠤᠢᠯᠠᠯ᠎ᠤᠨ ᠬᠠᠮᠢᠶᠠᠷᠤᠯᠲᠠ᠎ᠶ᠋ᠢᠨ ᠲᠤᠰᠭᠠᠢ ᠮᠡᠷᠭᠡᠵᠢᠯ᠎ᠡᠴᠡ ᠲᠡᠭᠦᠰᠴᠡᠢ᠂ ᠠᠵᠢᠯ᠎ᠤᠨ ᠪᠠᠢᠷᠢ ᠲᠡᠭᠡᠷ᠎ᠠ ᠪᠡᠨ ᠰᠤᠷᠤᠯᠴᠠᠬᠰᠡᠨ ᠠᠰᠫᠢᠷᠠᠨᠲ᠎ᠤᠨ ᠰᠤᠷᠤᠯᠭ᠎ᠠ᠎ᠶ᠋ᠢᠨ ᠨᠠᠮᠲᠠᠷ᠎ᠲᠠᠶ᠂ ᠬᠠᠮᠢᠶᠠᠷᠤᠯᠲᠠ᠎ᠶ᠋ᠢᠨ ᠤᠬᠠᠭᠠᠨ᠎ᠤ ᠳ᠋ᠣᠺᠲ᠋ᠣᠷ᠎ᠤᠨ ᠴᠤᠯᠠ ᠲᠠᠢ᠂ ᠰᠤᠳᠤᠯᠤᠭ᠍ᠴᠢ᠃

ᠤᠳᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠥ ᠪᠠᠢᠨ᠎ᠠ᠃


zhang2.png


ᠵᠠᠩ ᠴᠢᠩ ᠸᠧᠢ᠂ ᠡᠷᠡᠭ᠌ᠲᠡᠢ᠂ ᠬᠢᠲᠠᠳ ᠦᠨᠳᠦᠰᠦᠲᠡᠨ᠂ 1961 ᠣᠨ᠎ᠤ 11 ᠰᠠᠷ᠎ᠠ᠎ᠳᠤ ᠲᠦᠷᠦᠵᠠᠢ᠂ ᠾᠸᠪᠸᠢ ᠵᠢᠨ ᠯᠸ ᠲᠢᠩ᠎ᠦᠨ ᠬᠥᠮᠦᠨ᠂ 1982 ᠣᠨ᠎ᠤ 8 ᠰᠠᠷ᠎ᠠ᠎ᠳᠤ ᠠᠵᠢᠯ᠎ᠳᠤ ᠣᠷᠣᠪᠠ᠂ 1992 ᠣᠨ᠎ᠤ 12 ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠪᠠ᠂ ᠪᠠᠷᠠᠭᠤᠨ ᠬᠣᠢᠲᠤ ᠎ᠶ᠋ᠢᠨ ᠠᠵᠤ ᠦᠢᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠨᠢᠰᠭᠡᠯ᠎ᠦᠨ ᠰᠠᠯᠪᠤᠷᠢ᠎ᠶ᠋ᠢᠨ ᠨᠢᠰᠭᠡᠯ ᠵᠢᠷᠤᠵᠤ ᠲᠥᠯᠥᠪᠯᠡᠬᠦ᠌ ᠲᠤᠰᠭᠠᠢ ᠮᠡᠷᠭᠡᠵᠢᠯ᠎ᠡᠴᠡ ᠲᠡᠭᠦᠰᠴᠡᠢ᠂ ᠠᠰᠫᠢᠷᠠᠨᠲ᠎ᠤᠨ ᠰᠤᠷᠤᠯᠭ᠎ᠠ᠎ᠶ᠋ᠢᠨ ᠨᠠᠮᠲᠠᠷ᠎ᠲᠠᠶ᠂ ᠬᠠᠮᠢᠶᠠᠷᠤᠯᠲᠠ᠎ᠶ᠋ᠢᠨ ᠤᠬᠠᠭᠠᠨ᠎ᠤ ᠳ᠋ᠣᠺᠲ᠋ᠣᠷ᠎ᠤᠨ ᠴᠤᠯᠠ ᠲᠠᠢ᠂ ᠰᠤᠳᠤᠯᠤᠭ᠍ᠴᠢ᠃

ᠤᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠡᠱᠢᠭᠦᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ᠂ ᠬᠤᠨᠠᠨ ᠮᠤᠵᠢ᠎ᠶ᠋ᠢᠨ ᠨᠠᠮ᠎ᠤᠨ ᠬᠣᠷᠢᠶᠠᠨ᠎ᠤ ᠱᠦᠵᠢ᠂ ᠮᠤᠵᠢ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠥ ᠪᠠᠢᠨ᠎ᠠ᠃


lao.png


ᠯᠤᠪᠰᠠᠩᠵᠠᠯᠰᠠᠨ᠂ ᠡᠷᠡᠭ᠌ᠲᠡᠢ᠂ ᠲᠥᠪᠡᠳ ᠦᠨᠳᠦᠰᠦᠲᠡᠨ᠂ 1957 ᠣᠨ᠎ᠤ 7 ᠰᠠᠷ᠎ᠠ᠎ᠳᠤ ᠲᠦᠷᠦᠵᠠᠢ᠂ ᠲᠥᠪᠡᠳ᠎ᠦᠨ ᠴᠠᠬᠶᠠᠪ ᠤ᠋ᠨ ᠬᠦᠮᠦᠨ᠂ 1976 ᠣᠨ᠎ᠤ 2 ᠰᠠᠷ᠎ᠠ᠎ᠳᠤ ᠠᠵᠢᠯ᠎ᠳᠤ ᠣᠷᠣᠪᠠ᠂ 1978 ᠣᠨ᠎ᠤ 12 ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠪᠠ᠂ ᠲᠥᠪ ᠤ᠋ᠨ ᠨᠠᠮ᠎ᠤᠨ ᠰᠤᠷᠭᠠᠭᠤᠯᠢ᠎ᠶ᠋ᠢᠨ ᠠᠰᠫᠢᠷᠠᠨᠲ᠎ᠤᠨ ᠰᠤᠷᠤᠯᠭ᠎ᠠ᠎ᠶ᠋ᠢᠨ ᠨᠠᠮᠲᠠᠷ᠎ᠲᠠᠶ᠃

ᠤᠳᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠣᠷᠢᠶᠠᠨ ᠎ᠤ ᠳᠡᠳ᠋ ᠱᠦᠵᠢ᠂ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠥ ᠪᠠᠢᠨ᠎ᠠ᠃


x.png


ᠱᠢᠤᠧᠠᠢᠺᠧᠯᠠᠢᠲ· ᠵᠠᠺᠸᠯ᠂ ᠡᠷᠡᠭ᠌ᠲᠡᠢ᠂ ᠤᠢᠭᠤᠷ ᠦᠨᠳᠦᠰᠦᠲᠡᠨ᠂ 1953 ᠣᠨ᠎ᠤ 8 ᠰᠠᠷ᠎ᠠ᠎ᠳᠤ ᠲᠥᠷᠥᠵᠡᠢ᠂ ᠱᠢᠨᠵᠢᠶᠠᠩ᠎ᠤᠨ ᠢᠨᠢᠩ᠎ᠦᠨ ᠬᠥᠮᠦᠨ᠂ 1970 ᠣᠨ᠎ᠤ 12 ᠰᠠᠷ᠎ᠠ᠎ᠳᠤ ᠠᠵᠢᠯ᠎ᠳᠤ ᠣᠷᠣᠪᠠ᠂ 1985 ᠣᠨ ᠎ᠤ 6 ᠰᠠᠷ᠎ᠠ᠎ᠳᠤ ᠳᠤᠮᠳᠠᠳᠤ ᠤᠯᠤᠰ᠎ᠤ᠋ᠨ ᠡᠪ ᠬᠠᠮᠲᠤ ᠨᠠᠮ᠎ᠳᠤ ᠣᠷᠣᠪᠠ᠂ ᠲᠥᠪ᠎ᠦᠨ ᠨᠠᠮ᠎ᠤᠨ ᠰᠤᠷᠭᠠᠭᠤᠯᠢ᠎ᠶ᠋ᠢᠨ ᠶᠡᠬᠡ ᠰᠤᠷᠭᠠᠭᠤᠯᠢ᠎ᠶ᠋ᠢᠨ ᠰᠤᠷᠤᠯᠭ᠎ᠠ᠎ᠶ᠋ᠢᠨ ᠨᠠᠮᠲᠠᠷ᠎ᠲᠠᠶ᠂ ᠳᠡᠭᠡᠳᠦ ᠵᠡᠷᠭᠡ᠎ᠶ᠋ᠢᠨ ᠬᠠᠮᠢᠶᠠᠷᠤᠯᠲᠠ᠎ᠶ᠋ᠢᠨ ᠠᠵᠢᠯᠲᠠᠨ᠎ᠤ ᠦᠢᠯᠡᠳᠪᠦᠷᠢ ᠬᠤᠳᠠᠯᠳᠤᠭᠠᠨ᠎ᠤ ᠬᠠᠮᠢᠶᠠᠷᠤᠯᠲᠠ᠎ᠶ᠋ᠢᠨ ᠮᠠᠰᠲ᠋ᠧᠷ ᠴᠤᠯᠠ ᠲᠠᠢ᠃

ᠤᠳᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠥ ᠪᠠᠢᠨ᠎ᠠ᠃

ᠯᠢᠦ ᠴᠢ᠂ ᠡᠷᠡᠭ᠌ᠲᠡᠢ᠂ ᠬᠢᠲᠠᠳ ᠦᠨᠳᠦᠰᠦᠲᠡᠨ᠂ 1957 ᠤᠨ ᠤ᠋ 9 ᠰᠠᠷ᠎ᠠ ᠳ᠋ᠤ ᠲᠦᠷᠦᠵᠠᠢ᠂ ᠱᠠᠨᠳᠦ᠋ᠩ ᠤ᠋ᠨ ᠢ ᠱᠦᠢ ᠵᠢᠨ ᠬᠦᠮᠦᠨ᠂ 1974 ᠤᠨ ᠤ᠋ 3 ᠰᠠᠷ᠎ᠠ ᠳ᠋ᠤ ᠠᠵᠢᠯ ᠳ᠋ᠤ ᠤᠷᠤᠪᠠ᠂ 1976 ᠤᠨ ᠤ᠋ 10 ᠰᠠᠷ᠎ᠠ ᠳ᠋ᠤ ᠲᠤᠮᠳᠠᠳᠤ ᠤᠯᠤᠰ ᠤ᠋ᠨ ᠡᠪ ᠬᠠᠮᠳᠤ ᠨᠠᠮ ᠳ᠋ᠤ ᠤᠷᠤᠪᠠ᠂ ᠰᠢ ᠠᠨ ᠤ᠋ ᠵᠠᠮ ᠬᠠᠷᠢᠯᠴᠠᠭᠠᠨ ᠤ᠋ ᠶᠡᠭᠡ ᠰᠤᠷᠭᠠᠭᠤᠯᠢ ᠵᠢᠨ ᠭᠡᠷᠡᠭᠯᠡᠭᠡᠨ ᠤ᠋ ᠠᠵᠤ ᠠᠬᠤᠢ ᠵᠢᠨ ᠤᠬᠠᠭᠠᠨ ᠤ᠋ ᠲᠤᠰᠬᠠᠢ ᠮᠡᠷᠭᠡᠵᠢᠯ ᠡᠴᠡ ᠲᠡᠬᠦᠰᠴᠠᠢ᠂ ᠠᠵᠢᠯ ᠤ᠋ᠨ ᠪᠠᠢᠷᠢ ᠲᠡᠭᠡᠷ᠎ᠠ ᠪᠡᠨ ᠰᠤᠷᠤᠯᠴᠠᠬᠰᠡᠨ ᠠᠰᠫᠢᠷᠠᠨᠲ ᠤ᠋ᠨ ᠰᠤᠷᠤᠯᠭ᠎ᠠ ᠵᠢᠨ ᠨᠠᠮᠳᠠᠷ ᠲᠠᠢ᠂ ᠠᠵᠤ ᠠᠬᠤᠢ ᠵᠢᠨ ᠤᠬᠠᠭᠠᠨ ᠤ᠋ ᠳ᠋ᠤᠺᠲ᠋ᠤᠷ᠎ᠤᠨ ᠴᠤᠯᠠ ᠲᠠᠢ᠂ ᠲᠡᠭᠡᠳᠤ ᠵᠡᠷᠭᠡ ᠵᠢᠨ ᠢᠨᠵᠸᠨ᠋ᠸᠷ᠃

ᠤᠳᠤ ᠠᠷᠪᠠᠨ ᠳᠥᠷᠪᠡᠳᠦᠭᠡᠷ ᠬᠤᠭᠤᠴᠠᠭᠠᠨ ᠎ᠤ ᠪᠦᠬᠦ᠌ ᠤᠯᠤᠰ ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠷᠢᠨ ᠪᠢᠴᠢᠭ᠎ᠦᠨ ᠳᠠᠷᠤᠭ᠎ᠠ᠎ᠶ᠋ᠢᠨ ᠲᠤᠱᠢᠶᠠᠯ ᠎ᠢ ᠡᠭᠦᠷᠭᠡᠯᠡᠵᠥ ᠪᠠᠢᠨ᠎ᠠ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 10 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面