2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-12 11:13:43

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢ ᠵᠢᠨ ᠫᠢᠩ ᠯᠢ ᠺᠸ ᠴᠢᠶᠠᠩ ᠯᠢ ᠵᠠᠨ ᠱᠤ᠌ ᠸᠠᠩ ᠶᠠᠩ ᠯᠢ ᠴᠢᠶᠠᠩ ᠵᠤᠤ ᠯᠸ ᠵᠶ᠋ᠢ ᠬᠠᠨ ᠵᠧᠩ ᠼᠠᠢ ᠴᠢ ᠳ᠋ᠢᠩ ᠱᠢᠤᠸᠠᠢ ᠱᠢᠶᠠᠩ ᠯᠢ ᠰᠢ ᠸᠠᠩ ᠴᠢ ᠱᠠᠨ ᠣᠷᠣᠯᠴᠠᠵᠠᠢ

ᠸᠠᠩ ᠬᠤ᠌ ᠨᠢᠩ ᠶᠠᠷᠢᠶ᠎ᠠ ᠲᠠᠯᠪᠢᠪᠠ

ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠠᠩᠬᠠᠳᠤᠭᠠᠷ ᠬᠤᠷᠠᠯ ᠡᠯ᠎ᠡ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠳᠡᠭᠤᠰᠬᠠᠭᠠᠳ 11 ᠤ᠋ ᠦᠳᠡ᠎ᠶ᠋ᠢᠨ ᠬᠣᠢᠨ᠎ᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠬᠤᠷᠠᠯ ᠡᠴᠡ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠴᠢ ᠨᠢᠬᠡᠴᠢ᠂ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠠ ᠥᠷᠭᠡᠨ ᠤᠯᠠᠨ ᠭᠡᠱᠢᠭᠦᠳ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠬᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠳᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠢᠲᠡᠭᠡᠯ ᠵᠣᠷᠢᠭ᠎ᠢᠶᠠᠨ ᠪᠠᠲᠤᠳᠭᠠᠵᠤ᠂ ᠨᠢᠭᠡ ᠰᠡᠳᠭᠢᠯ ᠨᠢᠭᠡ ᠵᠣᠷᠢᠭ᠎ᠢᠶᠠᠷ ᠱᠢᠷᠭᠠᠭᠤ ᠬᠠᠲᠠᠭᠤᠵᠢᠯᠲᠠᠢ ᠠᠵᠢᠯᠯᠠᠨ᠂ ᠡᠷᠡᠯᠬᠡᠭ᠌ᠯᠡᠨ ᠤᠷᠤᠭ᠍ᠰᠢᠯᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠰᠦᠬᠡᠢ ᠭᠡᠵᠦ᠍ ᠤᠷᠢᠶᠠᠯᠠᠪᠠ᠃

ᠬᠤᠷᠠᠯ ᠎ᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ ᠎ᠦ ᠲᠡᠷᠢᠭᠦᠯᠡᠭ᠌ᠴᠢ ᠸᠠᠩ ᠬ᠍ᠤ ᠨᠢᠩ ᠡᠷᠬᠢᠯᠡᠵᠠᠢ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ᠂ ᠬᠤ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ· ᠭᠸᠯᠸᠭᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠤ᠌ ᠬᠤᠢ᠂ ᠱᠤᠤ ᠬᠣᠩ᠂ ᠭᠤᠤ ᠶᠦᠨ ᠯᠦᠩ᠂ ᠴᠧᠨ ᠡᠤ᠌᠂ ᠮᠤ᠌ ᠬᠣᠩ᠂ ᠱᠢᠶᠠᠨ ᠬᠤᠢ᠂ ᠸᠠᠩ ᠳ᠋ᠦᠩ ᠹᠸᠩ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ᠍ ᠶᠦᠩ ᠱᠢᠨ᠂ ᠶᠠᠩ ᠵᠧᠨ ᠲᠡᠷᠢᠭᠦᠯᠡᠭ᠌ᠴᠢ ᠵᠢᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃

ᠰᠢ ᠵᠢᠨ ᠫᠢᠩ᠂ ᠯᠢ ᠺᠸ ᠴᠢᠶᠠᠩ᠂ ᠯᠢ ᠵᠠᠨ ᠱᠤ᠌᠂ ᠸᠠᠩ ᠶᠠᠩ᠂ ᠯᠢ ᠴᠢᠶᠠᠩ᠂ ᠵᠤᠤ ᠯᠸ ᠵᠶ᠋ᠢ᠂ ᠬᠠᠨ ᠵᠧᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ ᠂ ᠸᠠᠩ ᠴᠢ ᠱᠠᠨ᠎ᠨᠠᠷ ᠲᠡᠷᠢᠭᠦᠯᠡᠭ᠌ᠴᠢ ᠵᠢᠨ ᠲᠠᠢᠰᠠᠨ᠎ᠳᠤ ᠰᠠᠭᠠᠲᠠᠵᠠᠢ᠃

ᠦᠳᠡ᠎ᠶ᠋ᠢᠨ ᠬᠣᠢᠨᠠᠬᠢ 3 ᠴᠠᠭ᠎ᠲᠤ ᠲᠡᠭᠦᠰᠭᠦ ᠬᠤᠷᠠᠯ ᠡᠬᠢᠯᠡᠪᠡ᠃ ᠸᠠᠩ ᠬᠣ᠌ ᠨᠢᠩ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠠᠩᠬᠠᠳᠤᠭᠠᠷ ᠬᠤᠷᠠᠯ᠎ᠳᠤ ᠣᠷᠣᠯᠴᠠᠬᠤ ᠵᠤᠬᠢᠰᠳᠠᠢ ᠭᠡᠱᠢᠭᠦᠨ 2169 ᠬᠥᠮᠦᠨ᠂ 2119 ᠬᠥᠮᠦᠨ ᠪᠤᠳᠠᠳᠠᠢ ᠤᠷᠤᠯᠴᠠᠵᠤ᠂ ᠲᠣᠭ᠍ᠲᠠᠭ᠍ᠰᠠᠨ ᠬᠥᠮᠦᠨ᠎ᠦ ᠲᠣᠭ᠎ᠠ᠎ᠳᠤ ᠨᠡᠢᠴᠡᠨ᠎ᠡ ᠭᠡᠵᠦ᠍ ᠨᠡᠢᠲᠡᠯᠡᠪᠡ᠃

ᠬᠤᠷᠠᠯ᠎ᠡᠴᠡ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠱᠢᠶ᠋ᠳᠪᠦᠷᠢ᠎ᠶ᠋ᠢ ᠪᠠᠲᠤᠯᠠᠵᠤ᠂ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢᠨ ᠲᠤᠬᠠᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠠᠩᠬᠠᠳᠤᠭᠠᠷ ᠬᠤᠷᠠᠯ ᠤ᠋ᠨ ᠱᠢᠢᠳᠪᠦᠷᠢ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠳᠦ ᠵᠠᠰᠠᠪᠤᠷᠢ ᠣᠷᠣᠭᠤᠯᠬᠤ ᠲᠥᠰᠦᠯ᠎ᠦᠨ ᠲᠤᠬᠠᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠠᠩᠬᠠᠳᠤᠭᠠᠷ ᠬᠤᠷᠠᠯ ᠤ᠋ᠨ ᠱᠢᠢᠳᠪᠦᠷᠢ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠠᠩᠬᠠᠳᠤᠭᠠᠷ ᠬᠤᠷᠠᠯ ᠤ᠋ᠨ ᠰᠠᠨᠠᠯ ᠲᠤᠷᠠᠳᠤᠯᠭ᠎ᠠ ᠵᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠠᠩᠬᠠᠳᠤᠭᠠᠷ ᠬᠤᠷᠠᠯ ᠤ᠋ᠨ ᠰᠠᠨᠠᠯ ᠲᠤᠷᠠᠳᠤᠯᠭ᠎ᠠ ᠵᠢ ᠬᠢᠨᠠᠨ ᠪᠠᠢᠴᠠᠭᠠᠬᠤ ᠵᠦᠪᠯᠡᠯ ᠤ᠋ᠨ ᠮᠡᠳᠡᠭᠦᠯᠦᠯᠲᠡ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠠᠩᠬᠠᠳᠤᠭᠠᠷ ᠬᠤᠷᠠᠯ ᠤ᠋ᠨ ᠤᠯᠤᠰ ᠲᠥᠷᠥ᠎ᠶ᠋ᠢᠨ ᠱᠢᠶ᠋ᠳᠪᠦᠷᠢ ᠵᠢ ᠪᠠᠳᠤᠯᠠᠪᠠ᠃

ᠸᠠᠩ ᠬᠤ᠌ ᠨᠢᠩ ᠶᠠᠷᠢᠶᠠᠨ᠎ᠳᠠᠭᠠᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠠᠩᠬᠠᠳᠤᠭᠠᠷ ᠬᠤᠷᠠᠯ ᠪᠣᠯ ᠨᠢᠭᠡ ᠤᠳᠠᠭ᠎ᠠ᠎ᠶ᠋ᠢᠨ ᠲᠤᠭ᠎ᠢ ᠥᠨᠳᠥᠷ ᠮᠠᠨᠳᠤᠭᠤᠯᠤᠭ᠍ᠰᠠᠨ᠂ ᠠᠷᠠᠳᠴᠢᠯᠠᠯ ᠪᠦᠯᠬᠦᠮᠳᠡᠯ᠎ᠲᠡᠶ᠂ ᠪᠣᠳᠠᠲᠠᠢ᠎ᠶ᠋ᠢ ᠡᠷᠬᠢᠮᠯᠡᠵᠦ᠍ ᠡᠷᠡᠮᠡᠬᠡᠢᠯᠡᠨ ᠤᠷᠤᠭ᠍ᠰᠢᠯᠠᠭ᠍ᠰᠠᠨ᠂ ᠰᠤᠷᠲᠠᠯ ᠴᠢᠬᠡᠴᠢ ᠣᠪᠣᠷ ᠲᠥᠪ ᠶᠡᠬᠡ ᠬᠤᠷᠠᠯ ᠪᠣᠯᠤᠨ᠎ᠠ᠂ ᠮᠠᠨ᠎ᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠣᠨᠴᠠᠯᠢᠭ ᠳᠠᠪᠠᠭᠤᠯᠢᠭ ᠪᠠ ᠠᠮᠢᠵᠢᠷᠠᠯ᠎ᠤᠨ ᠬᠦᠴᠦᠨ᠎ᠢ ᠭᠦᠢᠴᠡᠳ ᠢᠯᠡᠷᠡᠭᠦᠯᠪᠡ᠃ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠵᠡᠷᠭᠡ ᠨᠠᠮ ᠪᠣᠯᠤᠨ ᠲᠦᠷᠦ᠍᠎ᠶ᠋ᠢᠨ ᠤᠳᠤᠷᠢᠳᠭᠤ ᠨᠥᠬᠥᠳ ᠶᠡᠬᠡ ᠬᠤᠷᠠᠯ᠎ᠤᠨ ᠡᠬᠢᠯᠡᠬᠦ ᠬᠤᠷᠠᠯ ᠪᠣᠯᠤᠨ ᠲᠡᠭᠦᠰᠭᠦ ᠬᠤᠷᠠᠯ᠎ᠳᠤ ᠣᠷᠣᠯᠴᠠᠵᠤ᠂ ᠭᠡᠱᠢᠭᠦᠳ᠎ᠢ ᠡᠷᠬᠢᠨ ᠦᠵᠡᠭ᠌ᠰᠡᠨ ᠪᠥᠭᠡᠳ ᠳᠤᠭᠤᠢᠯᠠᠩ ᠬᠠᠮᠲᠤᠷᠠᠭ᠍ᠰᠠᠨ ᠶᠠᠷᠢᠯᠴᠠᠭ᠎ᠠ᠎ᠳᠤ ᠣᠷᠣᠯᠴᠠᠵᠤ᠂ ᠭᠡᠱᠢᠭᠦᠳ᠎ᠲᠡᠶ ᠬᠠᠮᠲᠤ᠎ᠪᠠᠷ ᠤᠯᠤᠰ᠎ᠤᠨ ᠶᠡᠬᠡ ᠶᠠᠪᠤᠳᠠᠯ᠎ᠢ ᠵᠥᠪᠯᠡᠪᠡ᠃ ᠭᠡᠱᠢᠭᠦᠳ ᠶᠡᠷᠦᠩᠬᠡᠶ ᠱᠦᠵᠢ ᠰᠢ ᠵᠢᠨ ᠫᠢᠩ᠎ᠦᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠂ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠡᠲᠡᠭᠡᠳ᠎ᠦᠨ ᠭᠡᠱᠢᠭᠦᠳ᠎ᠦᠨ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠣᠯᠤᠨ ᠪᠤᠰᠤᠳ ᠮᠡᠳᠡᠭᠦᠯᠦᠯᠲᠡ᠎ᠶ᠋ᠢ ᠭᠦᠨᠵᠡᠭᠡᠶ ᠶᠠᠷᠢᠯᠴᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠤᠯᠤᠰ ᠲᠥᠷᠥ᠎ᠶ᠋ᠢᠨ ᠵᠥᠪᠯᠡᠯᠭᠡᠨ᠎ᠦ ᠲᠦᠷᠢᠮ᠎ᠳᠦ ᠵᠠᠰᠠᠪᠤᠷᠢ ᠣᠷᠣᠭᠤᠯᠬᠤ ᠲᠥᠰᠦᠯ ᠵᠡᠷᠭᠡ ᠪᠢᠴᠢᠭ ᠮᠠᠲ᠋ᠧᠷᠢᠶᠠᠯ᠎ᠢ ᠨᠠᠷᠢᠨ ᠬᠢᠨᠠᠮᠠᠭᠠᠶ ᠬᠢᠨᠠᠨ ᠵᠥᠪᠯᠡᠵᠦ᠍᠂ ᠲᠥᠷᠥ᠎ᠶ᠋ᠢᠨ ᠶᠠᠪᠤᠳᠠᠯ᠎ᠢ ᠵᠥᠪᠯᠡᠭ᠌ᠰᠡᠨ ᠡᠯᠪᠡᠭ ᠦᠷ᠎ᠡ ᠪᠦᠲᠦᠭᠡᠯ ᠤᠯᠪᠠ᠃ ᠪᠦᠬᠦ᠌ ᠭᠡᠱᠢᠭᠦᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠱᠢᠬᠢ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠣᠯᠤᠭ᠍ᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠡᠭᠦᠰᠦᠭ᠌ᠰᠡᠨ ᠲᠡᠦᠬᠡᠲᠦ ᠴᠢᠨᠠᠷᠲᠠᠢ ᠬᠤᠪᠢᠰᠤᠯᠲᠠ᠎ᠶ᠋ᠢ ᠳᠡᠭᠡᠳᠦ ᠬᠡᠮᠵᠢᠶ᠎ᠡ᠎ᠪᠡᠷ ᠦᠨᠡᠯᠡᠵᠦ᠍᠂ 《ᠬᠣᠶᠠᠷ᠎ᠢ ᠲᠣᠭ᠍ᠲᠠᠭᠠᠬᠰᠠᠨ》 ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ᠌ ᠲᠠᠯ᠎ᠠ᠎ᠪᠠᠷ ᠠᠬᠢᠭᠤᠯᠬᠤ ᠭᠡᠭᠡᠨ ᠰᠠᠷᠠᠭᠤᠯ ᠢᠷᠡᠭᠡᠳᠦᠢ ᠳ᠋ᠤ ᠯᠠᠪᠲᠠᠢ ᠢᠯᠠᠯᠲᠠ ᠤᠯᠬᠤ ᠢᠲᠡᠭᠡᠯ ᠵᠣᠷᠢᠭ ᠲᠡᠭᠦᠯᠳᠡᠷ ᠪᠠᠢᠨ᠎ᠠ ᠭᠡᠪᠡ᠃

ᠸᠠᠩ ᠬ᠍ᠤ᠌ ᠨᠢᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠠᠤᠭ᠎ᠠ ᠲᠥᠰᠦᠪ᠎ᠢ ᠵᠢᠷᠤᠭ᠍ᠯᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠡᠭᠦᠷᠭᠡ ᠬᠠᠷᠢᠭᠤᠴᠠᠯᠭ᠎ᠠ ᠦᠩᠬᠡ ᠬᠡᠷᠡᠯᠳᠡᠢ᠂ ᠬᠠᠷᠢᠭᠤᠴᠠᠯᠭ᠎ᠠ ᠬᠦᠨᠳᠦ ᠶᠡᠬᠡ ᠪᠠᠢᠨ᠎ᠠ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠦ᠂ 《ᠬᠣᠶᠠᠷ᠎ᠢ ᠲᠣᠭ᠍ᠲᠠᠭᠠᠬᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠠᠨ ᠨᠠᠮ᠎ᠤᠨ ᠬᠠᠮᠲᠤᠷᠠᠨ ᠠᠵᠢᠯᠯᠠᠬᠤ ᠪᠠ ᠤᠯᠤᠰ ᠲᠦᠷᠦ᠍᠎ᠶ᠋ᠢᠨ ᠵᠥᠪᠯᠡᠯᠭᠡ ᠬᠢᠬᠦ᠌ ᠲᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ ᠶ᠋ᠢ ᠪᠠᠷᠢᠮᠲᠠᠯᠠᠬᠤ᠂ ᠭᠤᠤᠯ ᠠᠵᠢᠯ ᠶᠡᠬᠡ ᠲᠠᠯ᠎ᠠ᠎ᠲᠠᠶ ᠨᠢᠭ᠍ᠲᠠ ᠤᠶᠠᠯᠳᠤᠭᠤᠯᠤᠨ᠂ ᠡᠭᠦᠷᠭᠡ ᠴᠢᠳᠠᠪᠬᠢ ᠪᠡᠨ ᠬᠢᠨᠠᠮᠠᠭᠠᠶ ᠭᠦᠶ᠋ᠴᠡᠳᠭᠡᠨ᠂ ᠢᠳᠡᠪᠬᠢᠲᠡᠶ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠲᠤᠬᠠᠢ ᠱᠠᠭᠠᠷᠳᠠᠯᠭ᠎ᠠ᠎ᠶ᠋ᠢ ᠨᠡᠩ ᠰᠠᠢᠲᠤᠷ ᠨᠠᠢᠳᠠᠪᠤᠷᠢᠵᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠢᠳᠡᠪᠬᠢᠲᠡᠢ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃ ᠡᠭᠦᠨ᠎ᠦ ᠲᠤᠯᠠᠳᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠦᠨ ᠬᠥᠭ᠌ᠵᠢᠯᠲᠡ᠎ᠶ᠋ᠢᠨ ᠤᠯᠤᠰ ᠲᠦᠷᠦ᠍᠎ᠶ᠋ᠢᠨ ᠵᠥᠪ ᠴᠢᠭ᠌ᠯᠡᠯ᠎ᠢ ᠦᠨᠡᠨ ᠬᠦ᠌ ᠪᠠᠲᠤᠯᠠᠬᠤ ᠬᠡᠷᠡᠭ᠌ᠲᠡᠢ; ᠤᠬᠠᠮᠰᠠᠷ᠎ᠡᠴᠡ ᠎ᠪᠠᠨ ᠭᠣᠣᠯᠳᠠᠯᠭ᠎ᠠ᠎ᠶ᠋ᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠬᠤ᠎ᠳᠤ ᠵᠥᠪᠯᠡᠯᠭᠡ ᠬᠢᠵᠦ᠍ ᠰᠠᠨᠠᠯ ᠰᠠᠨᠠᠭᠤᠯᠭ᠎ᠠ ᠳᠤᠷᠠᠳᠭᠤ ᠬᠡᠷᠡᠭ᠌ᠲᠡᠢ; ᠶᠡᠬᠡ ᠪᠦᠯᠬᠦᠮᠳᠡᠯ ᠶᠡᠬᠡ ᠬᠣᠯᠪᠣᠭᠠᠯᠠᠯ᠎ᠢ ᠢᠮᠠᠭ᠍ᠲᠠ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ ᠭᠡᠵᠦ ᠢᠯᠡᠳᠭᠡᠪᠡ᠃

ᠸᠠᠩ ᠬᠤ᠌ ᠨᠢᠩ᠂ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠨᠢᠭᠡ ᠰᠡᠳᠭᠢᠯ ᠨᠢᠭᠡ ᠵᠣᠷᠢᠭ᠎ᠢᠶᠠᠷ᠂ ᠤᠯᠠᠨ᠎ᠤ ᠤᠬᠠᠭᠠᠨ ᠬᠠᠮᠲᠤ᠎ᠶ᠋ᠢᠨ ᠬᠦᠴᠦ᠍᠎ᠪᠡᠷ ᠢᠲᠡᠭᠡᠯ ᠵᠣᠷᠢᠭ᠎ᠢᠶᠠᠨ ᠪᠠᠲᠤᠳᠭᠠᠵᠤ᠂ ᠵᠤᠷᠢᠭᠲᠠᠢ ᠤᠷᠤᠭ᠍ᠰᠢᠯᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠨ᠎ᠡ ᠭᠡᠵᠦ᠍ ᠢᠯᠡᠳᠭᠡᠪᠡ᠃

ᠲᠡᠭᠦᠰᠭᠦ ᠬᠤᠷᠠᠯ᠎ᠳᠤ ᠣᠷᠣᠯᠴᠠᠭ᠍ᠰᠠᠨ ᠤᠳᠤᠷᠢᠳᠭᠤ ᠨᠥᠬᠥᠳ᠎ᠲᠦ ᠪᠠᠰᠠ᠄ ᠮᠠ ᠱᠢᠩ ᠷᠦᠢ᠂ ᠸᠠᠩ ᠴᠧᠨ᠂ ᠸᠠᠩ ᠢ᠂ ᠶᠢᠨ ᠯᠢ᠂ ᠯᠢᠦ ᠾᠧ᠂ ᠯᠢᠦ ᠭᠦᠸᠧ ᠵᠦᠩ᠂ ᠱᠢᠤᠢ ᠴᠢ ᠯᠢᠶᠠᠩ᠂ ᠰᠦᠨ ᠴᠦᠨ ᠯᠠᠨ᠂ ᠯᠢ ᠭᠠᠨ ᠵᠢᠶᠧ᠂ ᠯᠢ ᠱᠤ᠌ ᠯᠸᠢ᠂ ᠯᠢ ᠬᠣᠩ ᠵᠥᠩ᠂ ᠶᠠᠩ ᠱᠢᠶᠣᠤ ᠳ᠋ᠦ᠋᠂ ᠾᠧ ᠸᠧᠶ ᠳ᠋ᠦᠩ᠂ ᠾᠧ ᠯᠢ ᠹᠧᠩ᠂ ᠵᠠᠩ ᠶᠢᠦ ᠱᠢᠶᠠ᠂ ᠵᠠᠩ ᠭᠦᠸᠧ ᠴᠢᠩ᠂ ᠴᠧᠨ ᠸᠸᠨ ᠴᠢᠩ᠂ ᠴᠧᠨ ᠵᠢᠶ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ᠍᠎ᠶ᠋ᠢᠨ ᠭᠦᠸᠧ᠂ ᠸᠠᠩ ᠱᠢᠶᠤᠤ ᠬᠣᠩ᠂ ᠸᠠᠩ ᠳ᠋ᠦᠩ ᠮᠢᠩ᠂ ᠱᠢᠶᠣᠤ ᠵᠢᠶᠧ᠂ ᠵᠧᠩ ᠵᠢᠶᠠᠨ ᠪᠠᠩ᠂ ᠳ᠋ᠢᠩ ᠵᠥᠩ ᠯᠢ᠂ ᠬᠤᠤ ᠮᠢᠩ ᠵᠢᠨ᠂ ᠼᠠᠢ ᠳ᠋ᠠ ᠹᠧᠩ᠂ ᠾᠧ ᠸᠧᠶ᠂ ᠡᠸ᠋ ᠸᠧᠶ ᠬᠤᠸᠠ᠂ ᠲᠢᠶᠸ ᠨᠢᠩ᠂ ᠫᠧᠩ ᠴᠢᠩ ᠬᠤᠸᠠ᠂ ᠵᠠᠩ ᠴᠢᠩ ᠸᠧᠶ᠂ ᠯᠣᠪᠰᠠᠩᠵᠠᠯᠰᠡᠨ᠂ ᠱᠢᠤᠸᠠᠢᠺᠸᠯᠠᠢ᠌ᠲ·ᠵᠠᠺᠸᠯ᠂ ᠸᠧᠶ ᠹᠧᠩ ᠾᠧ᠂ ᠵᠣᠣ ᠺᠧ ᡁᠢ᠂ ᠵᠠᠩ ᠵᠢᠶᠦ᠋ᠨ᠂ ᠶᠢᠩ ᠶᠦᠩ᠂ ᠼᠤᠤ ᠵᠢᠶᠠᠨ ᠮᠢᠩ᠂ ᠵᠠᠩ ᠴᠦᠨ ᠱᠢᠶᠠᠨ᠂ ᠵᠢᠶ ᠪᠢᠩ ᠱᠢᠤᠸᠠᠨ᠂ ᠠᠢ᠌ᠯᠢᠭ᠌ᠸᠩ· ᠢᠮᠢᠩᠪᠠᠬᠠᠢ᠂ ᠸᠠᠨ ᠧ ᠱᠢᠶᠠᠩ᠂ ᠴᠧᠨ ᠵᠦ᠍᠂ ᠪᠠᠳᠮᠠᠫᠷᠠᠩᠯᠠᠢ᠂ ᠵᠠᠩ ᠴᠢᠩ ᠯᠢ᠂ ᠯᠢᠦ ᠴᠢ ᠪᠦᠦ᠂ ᠸᠠᠨ ᠭᠠᠩ᠂ ᠯᠦ᠍ ᠵᠠᠨ ᠬᠥᠩ᠂ ᠮᠠ ᠪᠢᠶᠤᠤ᠂ ᠴᠧᠨ ᠱᠢᠶᠤᠤ ᠭᠤᠸᠠᠩ᠂ ᠱᠢᠶᠠ ᠪᠦᠦ ᠯᠦᠩ᠂ ᠶᠠᠩ ᠴᠤᠸᠠᠨ ᠲᠠᠩ᠂ ᠯᠢ ᠪᠢᠨ᠂ ᠸᠠᠩ ᠶᠦᠩ ᠴᠢᠩ᠂ ᠭᠦ ᠱᠸᠩ ᠽᠤ᠌᠂ ᠯᠢᠦ ᠱᠢᠨ ᠴᠧᠩ᠎ᠨᠡᠷ ᠪᠤᠢ᠃

ᠨᠠᠮ᠎ᠤᠨ ᠲᠥᠪ ᠬᠣᠷᠢᠶ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠲᠡᠭᠦᠰᠭᠦ ᠬᠤᠷᠠᠯ᠎ᠳᠤ ᠰᠤᠯᠠ ᠣᠷᠣᠯᠴᠠᠵᠠᠢ᠃ ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ ᠤᠯᠤᠰ᠎ᠤᠨ ᠡᠯᠴᠢᠨ ᠰᠠᠢᠳ᠂ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ᠍᠎ᠨᠡᠷ ᠤᠷᠢᠯᠭ᠎ᠠ᠎ᠪᠠᠷ ᠲᠡᠭᠦᠰᠭᠦ ᠬᠤᠷᠠᠯ᠎ᠢ ᠰᠤᠯᠠ ᠰᠣᠨᠣᠰᠪᠠ᠃

ᠶᠡᠬᠡ ᠬᠤᠷᠠᠯ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ᠎ᠶ᠋ᠢᠨ ᠳᠤᠮᠳᠠ ᠲᠡᠭᠦᠰᠪᠡ᠃

ᠲᠡᠭᠦᠰᠭᠦ ᠬᠤᠷᠠᠯ᠎ᠤᠨ ᠳᠠᠷᠠᠭ᠎ᠠ᠂ ᠰᠢ ᠵᠢᠨ ᠫᠢᠩ ᠵᠡᠷᠭᠡ ᠨᠠᠮ ᠪᠣᠯᠤᠨ ᠲᠦᠷᠦ᠍᠎ᠶ᠋ᠢᠨ ᠤᠳᠤᠷᠢᠳᠭᠤ ᠬᠥᠮᠦᠰ ᠬᠤᠷᠠᠯ᠎ᠳᠤ ᠣᠷᠣᠯᠴᠠᠭ᠍ᠰᠠᠨ ᠪᠦᠬᠦ᠌ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠲᠡᠶ ᠬᠠᠮᠲᠤ ᠬᠡᠷᠡᠯ ᠵᠢᠷᠤᠭ ᠲᠠᠲᠠᠭᠤᠯᠵᠤ ᠳᠤᠷᠠᠰᠭᠠᠯ ᠦᠯᠡᠳᠡᠭᠡᠪᠡ᠃


jie3.png


3 ᠰᠠᠷ᠎ᠠ᠎ᠶ᠋ᠢᠨ 11 ᠎ᠤ᠋ ᠡᠳᠦᠷ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠠᠩᠬᠠᠳᠤᠭᠠᠷ ᠬᠤᠷᠠᠯ ᠪᠡᠭᠡᠵᠢᠩ ᠎ᠳᠤ ᠲᠡᠭᠦᠰᠪᠠ᠃ ᠰᠢ ᠵᠢᠨ ᠫᠢᠩ᠂ ᠯᠢ ᠺᠸ ᠴᠢᠶᠠᠩ᠂ ᠯᠢ ᠵᠠᠨ ᠱᠤ᠌᠂ ᠸᠠᠩ ᠶᠠᠩ᠂ ᠯᠢ ᠴᠢᠶᠠᠩ᠂ ᠵᠤᠤ ᠯᠸ ᠵᠶ᠋ᠢ᠂ ᠬᠠᠨ ᠵᠧᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠸᠠᠩ ᠴᠢ ᠱᠠᠨ᠎ᠨᠠᠷ ᠲᠡᠷᠢᠭᠦᠯᠡᠭ᠌ᠴᠢ ᠵᠢᠨ ᠲᠠᠢᠰᠠᠨ᠎ᠳᠤ ᠰᠠᠭᠠᠲᠠᠵᠠᠢ᠃

ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠰᠢᠶᠧ ᠬᠤᠸᠠᠨ ᠊ᠤᠤᠢ ᠰᠡᠭᠦᠳᠡᠷᠯᠡᠪᠡ


jie4.png


3 ᠰᠠᠷ᠎ᠠ᠎ᠶ᠋ᠢᠨ 11 ᠎ᠤ᠋ ᠡᠳᠦᠷ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠠᠩᠬᠠᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠠ᠃ ᠪᠥᠬᠥ᠌ ᠤᠯᠤᠰ ᠎ᠤᠨ ᠤᠯᠤᠰ ᠲᠥᠷᠥ ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠣ᠌ ᠨᠢᠩ ᠲᠡᠭᠦᠰᠭᠦ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃

ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠬᠤᠸᠠᠩ ᠵᠢᠩ ᠸᠸᠨ ᠰᠡᠭᠦᠳᠡᠷᠯᠡᠪᠡ

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面