2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-12 12:52:24

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠵᠤᠤ ᠯᠸ ᠵᠶ᠋ᠢ ᠬᠤᠷᠠᠯ ᠢ᠋ ᠡᠷᠬᠢᠯᠡᠵᠠᠢ

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠵᠢᠷᠭᠤᠳᠤᠭᠠᠷ ᠬᠤᠷᠠᠯ 11 ᠤ᠋ ᠦᠳᠡ᠎ᠶ᠋ᠢᠨ ᠬᠣᠢᠨ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠤᠷᠠᠯᠳᠤᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ ᠬᠤᠷᠠᠯ᠎ᠢ ᠡᠷᠬᠢᠯᠡᠵᠠᠢ᠃

ᠬᠤᠷᠠᠯ᠎ᠠᠴᠠ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ ᠯᠢᠦ ᠵᠢᠶᠦ᠋ᠨ ᠴᠧᠨ᠎ᠦ ᠲᠣᠰ ᠲᠣᠰ ᠬᠢᠭ᠌ᠰᠡᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠭ᠌ᠰᠡᠨ ᠪᠠ ᠵᠠᠰᠠᠪᠤᠷᠢ ᠣᠷᠣᠭᠤᠯᠤᠭ᠍ᠰᠠᠨ ᠪᠠᠢᠳᠠᠯ᠎ᠤᠨ ᠲᠤᠬᠠᠶ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠮᠡᠳᠡᠭᠦᠯᠦᠯᠲᠡ᠎ᠶ᠋ᠢ ᠰᠣᠨᠣᠰᠴᠤ᠌᠂ ᠳᠡᠭᠡᠷ᠎ᠡ ᠳᠤᠷᠠᠳᠤᠭ᠍ᠰᠠᠨ ᠭᠤᠷᠪᠠᠨ ᠮᠡᠳᠡᠭᠦᠯᠦᠯᠲᠡ᠎ᠶ᠋ᠢᠨ ᠱᠢᠶ᠋ᠳᠪᠦᠷᠢ᠎ᠶ᠋ᠢᠨ ᠲᠥᠰᠦᠯ᠎ᠦᠨ ᠨᠤᠤᠷᠠᠭ᠎ᠢ ᠬᠢᠨᠠᠨ ᠵᠥᠪᠯᠡᠪᠡ᠃

ᠬᠤᠷᠠᠯ᠎ᠠᠴᠠ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ ᠵᠢᠶᠠᠩ ᠱᠢᠨ ᡁᠢ᠎ᠶ᠋ᠢᠨ ᠬᠢᠭ᠌ᠰᠡᠨ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠢ᠋ᠢᠨ ᠳᠡᠳ᠋ ᠶᠡᠷᠦᠩᠬᠡᠶ ᠰᠠᠢᠳ᠂ ᠲᠥᠷᠥ᠎ᠶ᠋ᠢᠨ ᠶᠠᠪᠤᠳᠠᠯ᠎ᠤᠨ ᠭᠡᠱᠢᠭᠦᠨ᠂ ᠡᠯ᠎ᠡ ᠶᠠᠮᠤᠨ᠎ᠤ ᠰᠠᠢᠳ᠂ ᠡᠯ᠎ᠡ ᠵᠥᠪᠯᠡᠯ᠎ᠦᠨ ᠡᠷᠬᠢᠯᠡᠭ᠌ᠴᠢ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠳᠠᠷᠤᠭ᠎ᠠ᠂ ᠬᠢᠨᠠᠨ ᠪᠤᠳᠤᠬᠤ ᠳᠠᠷᠤᠭ᠎ᠠ᠂ ᠨᠠᠷᠢᠨ ᠪᠢᠴᠢᠭ᠎ᠦᠨ ᠳᠠᠷᠤᠭ᠎ᠠ ᠵᠢᠨ ᠵᠢᠱ᠌ᠢᠭ᠌ᠳᠡᠭ᠌ᠴᠢ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠲᠡᠨ᠎ᠦ ᠵᠥᠪᠯᠡᠯ᠂ ᠬᠢᠨᠠᠨ ᠪᠠᠢᠴᠠᠭᠠᠬᠤ ᠪᠠ ᠬᠠᠤᠯᠢ ᠪᠠᠷᠢᠬᠤ ᠵᠥᠪᠯᠡᠯ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ ᠡᠷᠡᠭᠦᠯ ᠬᠠᠮᠠᠭᠠᠯᠠᠯ᠎ᠤᠨ ᠵᠥᠪᠯᠡᠯ᠂ ᠭᠠᠳᠠᠭᠠᠳᠤ ᠶᠠᠪᠤᠳᠠᠯ᠎ᠤᠨ ᠵᠥᠪᠯᠡᠯ᠂ ᠬᠠᠷᠢᠶᠠᠲᠤ᠎ᠨᠠᠷ᠎ᠤᠨ ᠵᠥᠪᠯᠡᠯ᠂ ᠣᠷᠴᠢᠨ ᠲᠣᠭᠣᠷᠢᠨ ᠬᠢᠭᠡᠳ ᠡᠬᠢ ᠪᠠᠶᠠᠯᠢᠭ᠎ᠤᠨ ᠬᠠᠮᠠᠭᠠᠯᠠᠯᠲᠠ᠎ᠶ᠋ᠢᠨ ᠵᠥᠪᠯᠡᠯ᠂ ᠬᠥᠳᠡᠭᠡ ᠠᠵᠤ ᠠᠬᠤᠶ ᠬᠢᠭᠡᠳ ᠬᠥᠳᠡᠭᠡ ᠲᠣᠰᠭᠣᠨ᠎ᠤ ᠵᠥᠪᠯᠡᠯ᠂ ᠨᠡᠢᠭᠡᠮ᠎ᠦᠨ ᠪᠥᠲᠥᠭᠡᠨ ᠪᠠᠢᠭᠤᠯᠤᠯᠲᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ᠂ ᠳᠡᠳ᠋ ᠡᠷᠬᠢᠯᠡᠭ᠌ᠴᠢ ᠭᠡᠱᠢᠭᠦᠨ᠂ ᠭᠡᠱᠢᠭᠦᠨ᠎ᠦ ᠵᠢᠱ᠌ᠢᠭ᠌ᠳᠡᠭ᠌ᠴᠢ᠎ᠶ᠋ᠢ ᠵᠥᠪᠳᠡᠯᠴᠡᠭ᠌ᠰᠡᠨ ᠪᠠᠢᠳᠠᠯ᠎ᠤᠨ ᠲᠤᠬᠠᠶ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠮᠡᠳᠡᠭᠦᠯᠦᠯᠲᠡ᠎ᠶ᠋ᠢ ᠰᠣᠨᠣᠰᠪᠠ᠃

ᠬᠤᠷᠠᠯ᠎ᠠᠴᠠ ᠳᠡᠭᠡᠷ᠎ᠡ ᠳᠤᠷᠠᠳᠤᠭ᠍ᠰᠠᠨ ᠱᠢᠢᠳᠪᠦᠷᠢ᠎ᠶ᠋ᠢᠨ ᠲᠥᠰᠦᠯ ᠪᠠ ᠡᠯ᠎ᠡ ᠵᠦᠢᠯ᠎ᠦᠨ ᠨᠡᠷᠡᠰ᠎ᠦᠨ ᠲᠥᠰᠦᠯ᠎ᠢ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠳᠤ ᠬᠢᠨᠠᠨ ᠵᠦᠪᠯᠡᠬᠦᠯᠬᠦ᠎ᠪᠡᠷ ᠲᠡᠪᠰᠢᠭᠦᠯᠬᠦ᠎ᠶᠢ ᠵᠥᠪᠱᠢᠶᠡᠷᠡᠪᠡ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠭᠠᠨ ᠵᠢᠶᠧ᠂ ᠯᠢ ᠬᠣᠩ ᠵᠥᠩ᠂ ᠸᠠᠩ ᠳ᠋ᠦᠩ ᠮᠢᠩ᠂ ᠱᠢᠶᠤᠤ ᠵᠢᠶᠧ᠂ ᠵᠧᠩ ᠵᠢᠶᠠᠨ ᠪᠠᠩ᠂ ᠳ᠋ᠢᠩ ᠵᠥᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠶ᠂ ᠦ᠋ ᠸᠧᠶ ᠬᠤᠸᠠ ᠬᠤᠷᠠᠯ᠎ᠳᠤ ᠣᠷᠣᠯᠴᠠᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面