2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-12 12:56:41

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠵᠤᠤ ᠯᠸ ᠵᠶ᠋ᠢ ᠬᠤᠷᠠᠯ ᠢ᠋ ᠡᠷᠬᠢᠯᠡᠵᠠᠢ

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ 11 ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠣᠯᠣᠳᠤᠭᠠᠷ ᠤᠳᠠᠭ᠎ᠠ ᠵᠢᠨ ᠬᠤᠷᠠᠯ ᠬᠢᠪᠡ᠃

ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ ᠬᠤᠷᠠᠯ᠎ᠢ ᠡᠷᠬᠢᠯᠡᠪᠡ᠃ ᠬᠤᠷᠠᠯ᠎ᠳᠤ ᠣᠷᠣᠯᠴᠠᠬᠤ ᠶᠣᠰᠣᠲᠠᠢ ᠬᠦᠮᠦᠨ192 ᠪᠠᠢᠵᠦ᠂ 190 ᠬᠥᠮᠦᠨ ᠬᠤᠷᠠᠯ ᠳ᠋ᠦ ᠣᠷᠣᠯᠴᠠᠵᠤ᠂ 2 ᠬᠥᠮᠦᠨ ᠣᠷᠣᠯᠴᠠᠭ᠍ᠰᠠᠨ ᠦᠭᠡᠢ᠂ ᠬᠤᠷᠠᠯ ᠳ᠋ᠦ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳ᠋ᠦ ᠨᠡᠢᠴᠡᠪᠡ᠃

《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》 ᠎ᠶ᠋ᠢᠨ ᠵᠢᠷᠠᠨ ᠬᠣᠶᠠᠳᠤᠭᠠᠷ ᠵᠦᠢᠯ᠎ᠦᠨ ᠲᠣᠭ᠍ᠲᠠᠭᠠᠯ᠎ᠢ ᠦᠨᠳᠦᠰᠦᠯᠡᠨ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢ ᠰᠠᠢᠳ ᠯᠢ ᠴᠢᠶᠠᠩ ᠶᠡᠬᠡ ᠬᠤᠷᠠᠯ᠎ᠳᠤ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢᠳ᠂ ᠲᠦᠷᠦ᠍᠎ᠶ᠋ᠢᠨ ᠶᠠᠪᠤᠳᠠᠯ᠎ᠤᠨ ᠭᠡᠱᠢᠭᠦᠨ᠂ ᠡᠯ᠎ᠡ ᠶᠠᠮᠤᠨ᠎ᠤ ᠰᠠᠢᠳ᠂ ᠡᠯ᠎ᠡ ᠵᠦᠪᠯᠡᠯ᠎ᠤᠨ ᠡᠷᠬᠢᠯᠡᠭ᠌ᠴᠢ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠳᠠᠷᠤᠭ᠎ᠠ᠂ ᠬᠢᠨᠠᠨ ᠪᠤᠳᠤᠬᠤ ᠳᠠᠷᠤᠭ᠎ᠠ᠂ ᠨᠠᠷᠢᠨ ᠪᠢᠴᠢᠭ᠎ᠦᠨ ᠳᠠᠷᠤᠭ᠎ᠠ᠎ᠶᠢᠨ ᠵᠢᠱᠶ᠋ᠭᠳᠡᠭᠴᠢ᠎ᠶᠢ ᠨᠠᠷ᠎ᠠ ᠳᠤᠷᠠᠳᠴᠤ᠌᠂ ᠶᠡᠬᠡ ᠬᠤᠷᠠᠯ᠎ᠳᠤ ᠳᠡᠪᠱᠢᠭᠦᠯᠵᠦ᠍ ᠲᠤᠱᠢᠶᠠᠯ᠎ᠳᠤ ᠲᠤᠮᠢᠯᠠᠭᠤᠯᠬᠤ ᠪᠡᠷ ᠲᠤᠭᠳᠠᠪᠠ᠃

ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠠᠴᠠ ᠪᠠᠲᠤᠯᠠᠬᠤ᠎ᠪᠡᠷ ᠳᠠᠮᠵᠢᠨ᠂ ᠯᠢ ᠴᠢᠶᠠᠩ᠎ᠤᠨ ᠨᠡᠷ᠎ᠡ ᠳᠤᠷᠠᠳᠤᠭ᠍ᠰᠠᠨ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠤᠰᠤᠳ ᠪᠦᠷᠢᠯᠳᠦᠬᠦᠨ᠎ᠦ ᠵᠢᠱ᠌ᠢᠭ᠌ᠳᠡᠭ᠌ᠴᠢ᠎ᠶ᠋ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ ᠶᠠᠷᠢᠯᠴᠠᠭᠤᠯᠬᠤ᠎ᠪᠠᠷ ᠲᠣᠭ᠍ᠲᠠᠪᠠ᠃

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠤ 10 ᠲᠤᠰᠭᠠᠢ ᠵᠥᠪᠯᠡᠯ ᠭᠠᠷᠭᠠᠪᠠ᠃ ᠡᠭᠦᠨ ᠳ᠋ᠦ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠦᠪᠯᠡᠯ᠂ ᠡᠳ᠋᠎ᠦᠨ ᠵᠠᠰᠠᠭ ᠠᠵᠤ ᠠᠬᠤᠢ᠎ᠶ᠋ᠢᠨ ᠵᠦᠪᠯᠡᠯ᠎ᠤᠨ ᠪᠦᠷᠢᠯᠳᠦᠬᠦᠨ᠎ᠦ ᠨᠡᠷᠡᠰ᠎ᠢ 3 ᠰᠠᠷ᠎ᠠ᠎ᠶ᠋ᠢᠨ 5 ᠎ᠤ᠋ ᠡᠳᠦᠷ ᠨᠢᠭᠡᠨᠲᠡ ᠪᠠᠲᠤᠯᠠᠪᠠ᠃ 3 ᠰᠠᠷ᠎ᠠ᠎ᠶ᠋ᠢᠨ 9 ᠎ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠳᠦ ᠪᠣᠰᠣᠳ 8 ᠲᠤᠰᠭᠠᠶ ᠵᠦᠪᠯᠡᠯ᠎ᠤᠨ ᠵᠢᠱ᠌ᠢᠭ᠌ᠳᠡᠭ᠌ᠴᠢ᠎ᠶ᠋ᠢᠨ ᠨᠡᠷᠡᠰ᠎ᠢ ᠳᠤᠷᠠᠳᠪᠠ᠃

ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠠᠴᠠ ᠲᠤᠰ ᠲᠤᠰ ᠪᠠᠲᠤᠯᠠᠬᠤ᠎ᠪᠡᠷ ᠲᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠲᠡᠨ᠎ᠦ ᠵᠥᠪᠯᠡᠯ᠂ ᠬᠢᠨᠠᠨ ᠪᠠᠢᠴᠠᠭᠠᠬᠤ ᠪᠠ ᠬᠠᠤᠯᠢ ᠪᠠᠷᠢᠬᠤ ᠵᠥᠪᠯᠡᠯ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ ᠡᠷᠡᠭᠦᠯ ᠬᠠᠮᠠᠭᠠᠯᠠᠯ᠎ᠤᠨ ᠵᠥᠪᠯᠡᠯ᠂ ᠭᠠᠳᠠᠭᠠᠳᠤ ᠶᠠᠪᠤᠳᠠᠯ᠎ᠤᠨ ᠵᠥᠪᠯᠡᠯ᠂ ᠬᠠᠷᠢᠶᠠᠲᠤ᠎ᠨᠠᠷ᠎ᠤᠨ ᠵᠥᠪᠯᠡᠯ᠂ ᠣᠷᠴᠢᠨ ᠲᠣᠭᠣᠷᠢᠨ ᠬᠢᠭᠡᠳ ᠡᠬᠢ ᠪᠠᠶᠠᠯᠢᠭ᠎ᠤᠨ ᠬᠠᠮᠠᠭᠠᠯᠠᠯᠳᠠ ᠵᠢᠨ ᠵᠥᠪᠯᠡᠯ᠂ ᠬᠥᠳᠡᠭᠡ ᠠᠵᠤ ᠠᠬᠤᠢ ᠬᠢᠭᠡᠳ ᠬᠥᠳᠡᠭᠡ ᠲᠣᠰᠭᠣᠨ᠎ᠤ ᠵᠥᠪᠯᠡᠯ᠂ ᠨᠡᠢᠭᠡᠮ᠎ᠦᠨ ᠪᠠᠢᠭᠤᠯᠤᠯᠲᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ᠂ ᠳᠡᠳ᠋ ᠡᠷᠬᠢᠯᠡᠭ᠌ᠴᠢ ᠭᠡᠱᠢᠭᠦᠨ᠂ ᠭᠡᠱᠢᠭᠦᠨ᠎ᠦ ᠵᠢᠱ᠌ᠢᠭ᠌ᠳᠡᠭ᠌ᠴᠢ᠎ᠶ᠋ᠢ ᠲᠡᠷᠢᠭᠦᠯᠡᠭ᠌ᠴᠢᠳ᠎ᠦᠨ ᠪᠦᠯᠬᠦᠮ᠎ᠡᠴᠡ ᠨᠡᠷ᠎ᠡ ᠳᠤᠷᠠᠳᠴᠤ᠌᠂ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠶᠠᠷᠢᠯᠴᠠᠭᠤᠯᠬᠤ᠎ᠪᠠᠷ ᠲᠣᠭ᠍ᠲᠠᠪᠠ᠃

ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠭᠠᠨ ᠵᠢᠶ᠍ᠸ᠂ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ ᠬᠤᠷᠠᠯ᠎ᠳᠤ ᠣᠷᠣᠯᠴᠠᠪᠠ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面