2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-12 13:15:16

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ 11 ᠤ᠋ ᠡᠳᠦᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠨᠠᠷᠢᠨ ᠪᠢᠴᠢᠭ᠎ᠦᠨ ᠭᠠᠵᠠᠷ ᠡᠴᠡ ᠣᠢᠯᠠᠭᠠᠭ᠍ᠰᠠᠨ᠎ᠢᠶᠠᠷ᠂ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠡᠴᠨ ᠲᠣᠭ᠍ᠲᠠᠭᠠᠭ᠍ᠰᠠᠨ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ ᠳᠤᠷᠠᠳᠭᠤ ᠳᠠᠭᠤᠰᠭᠤ ᠴᠠᠭ ᠪᠤᠯᠬᠤ 3 ᠰᠠᠷ᠎ᠠ᠎ᠶ᠋ᠢᠨ 7 ᠤ᠋ ᠡᠳᠦᠷ᠎ᠦᠨ 12 ᠴᠠᠭ ᠪᠤᠯᠳᠠᠯ᠎ᠠ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠨᠡᠢ᠌ᠲᠡ 271 ᠬᠤᠪᠢ ᠬᠦᠯᠢᠶᠡᠨ ᠠᠪᠴᠠᠢ᠃ ᠡᠭᠦᠨ᠎ᠡᠴᠡ ᠭᠠᠳᠠᠨ᠎ᠠ᠂ 3 ᠰᠠᠷ᠎ᠠ᠎ᠶ᠋ᠢᠨ 10 ᠤ᠋ ᠡᠳᠦᠷ᠎ᠦᠨ 12 ᠴᠠᠭ ᠪᠣᠯᠲᠠᠯ᠎ᠠ᠂ ᠲᠥᠯᠥᠭᠡᠯᠡᠭ᠌ᠴᠢᠳ᠎ᠦᠨ ᠰᠠᠨᠠᠭᠤᠯᠭ᠎ᠠ᠎ᠶ᠋ᠢ ᠨᠡᠢᠲᠡ 8000 ᠭᠠᠷᠤᠶ ᠬᠤᠪᠢ ᠭᠥᠯᠢᠶᠡᠨ ᠠᠪᠴᠠᠶ᠃

ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠰᠠᠨᠠᠯ ᠵᠥᠪᠯᠡᠯᠭᠡ᠎ᠶ᠋ᠢᠨ ᠳᠤᠭᠤᠢᠯᠠᠩ᠎ᠤᠨ ᠳᠡᠳ᠋ ᠳᠠᠷᠤᠭ᠎ᠠ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠯᠪᠠᠨ ᠲᠢᠩᠬᠢᠮ᠎ᠦᠨ ᠬᠣᠯᠪᠣᠭ᠎ᠠ ᠠᠪᠬᠤ ᠲᠣᠪᠴᠢᠶ᠎ᠠ ᠵᠢᠨ ᠳᠠᠷᠤᠭ᠎ᠠ ᠹᠦ᠋ ᠸᠸᠨ ᠵᠢᠶᠧ᠂ ᠲᠣᠰ ᠤᠳᠠᠭ᠎ᠠ ᠵᠢᠨ ᠶᠡᠬᠡ ᠬᠤᠷᠠᠯ᠎ᠤᠨ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢᠨ ᠳᠣᠲᠣᠷ᠎ᠠ ᠲᠥᠯᠥᠭᠡᠯᠡᠭ᠌ᠴᠢᠳ᠎ᠦᠨ ᠪᠦᠯᠬᠦᠮ᠎ᠦᠨ ᠳᠤᠷᠠᠳᠤᠭ᠍ᠰᠠᠨ ᠰᠠᠨᠠᠯ ᠵᠥᠪᠯᠡᠯᠭᠡ 19 ᠬᠤᠪᠢ᠂ 30 ᠡᠴᠡ ᠳᠡᠭᠡᠭ᠌ᠰᠢᠬᠢ ᠲᠥᠯᠥᠭᠡᠯᠡᠭ᠌ᠴᠢ ᠨᠡᠷ᠎ᠡ ᠬᠣᠯᠪᠣᠭᠠᠯᠠᠨ ᠳᠤᠷᠠᠳᠤᠭ᠍ᠰᠠᠨ ᠰᠠᠨᠠᠯ ᠵᠥᠪᠯᠡᠯᠭᠡ 252 ᠬᠤᠪᠢ ᠪᠤᠢ᠃ ᠡᠳᠡᠭᠡᠷ ᠰᠠᠨᠠᠯ ᠵᠥᠪᠯᠡᠯᠭᠡ᠎ᠶ᠋ᠢᠨ ᠳᠣᠲᠣᠷ᠎ᠠ᠂ ᠬᠠᠤᠯᠢ ᠲᠣᠭ᠍ᠲᠠᠭᠠᠬᠤ ᠲᠠᠯ᠎ᠠ᠎ᠳᠤ ᠬᠣᠯᠪᠣᠭ᠍ᠳᠠᠭ᠍ᠰᠠᠨ ᠨᠢ 268 ᠬᠤᠪᠢ ᠪᠠᠢᠵᠤ᠂ ᠬᠠᠤᠯᠢ ᠴᠠᠭᠠᠵᠠ ᠲᠣᠭ᠍ᠲᠠᠭᠠᠬᠤ᠎ᠳᠤ ᠬᠣᠯᠪᠣᠭ᠍ᠳᠠᠭ᠍ᠰᠠᠨ ᠨᠢ 147 ᠬᠤᠪᠢ᠂ ᠬᠠᠤᠯᠢ ᠴᠠᠭᠠᠵᠠ᠎ᠳᠤ ᠵᠠᠰᠠᠪᠤᠷᠢ ᠣᠷᠣᠭᠤᠯᠬᠤ᠎ᠳᠤ ᠬᠣᠯᠪᠣᠭ᠍ᠳᠠᠭ᠍ᠰᠠᠨ ᠨᠢ 112 ᠬᠤᠪᠢ᠂ ᠬᠠᠤᠯᠢ ᠴᠠᠭᠠᠵᠠ᠎ᠳᠤ ᠲᠠᠢᠯᠪᠤᠷᠢᠯᠠᠯᠲᠠ ᠬᠢᠬᠥ ᠲᠤᠬᠠᠢ 1 ᠬᠤᠪᠢ᠂ ᠬᠠᠤᠯᠢ᠎ᠶ᠋ᠢᠨ ᠪᠢᠴᠢᠭ ᠨᠠᠢᠷᠠᠭᠤᠯᠬᠤ᠎ᠳᠤ ᠬᠣᠯᠪᠣᠭ᠍ᠳᠠᠭ᠍ᠰᠠᠨ ᠨᠢ 5 ᠬᠤᠪᠢ᠂ ᠲᠣᠭ᠍ᠲᠠᠭᠠᠬᠤ ᠵᠦᠢᠯᠡᠰ᠎ᠲᠦ ᠬᠣᠯᠪᠣᠭ᠍ᠳᠠᠭ᠍ᠰᠠᠨ ᠨᠢ 3 ᠬᠤᠪᠢ ᠪᠤᠢ; ᠬᠢᠨᠠᠯᠲᠠ ᠲᠠᠯᠪᠢᠬᠤ ᠲᠠᠯ᠎ᠠ᠎ᠶ᠋ᠢᠨ ᠰᠠᠨᠠᠯ ᠵᠥᠪᠯᠡᠯᠭᠡ 3 ᠬᠤᠪᠢ ᠪᠠᠢᠨ᠎ᠠ᠃ ᠲᠥᠯᠥᠭᠡᠯᠡᠭ᠌ᠴᠢᠳ᠎ᠦᠨ ᠰᠠᠨᠠᠭᠤᠯᠭ᠎ᠠ᠎ᠳᠤ᠂ ᠡᠮᠤᠨ᠎ᠡ ᠹᠷᠣᠨᠲ᠎ᠤᠨ ᠠᠵᠢᠯᠴᠢᠨ᠂ ᠲᠠᠷᠢᠶᠠᠴᠢᠨ᠂ ᠲᠤᠰᠭᠠᠶ ᠮᠡᠷᠭᠡᠵᠢᠯ᠎ᠦᠨ ᠠᠵᠢᠯᠲᠠᠨ ᠵᠡᠷᠭᠡ ᠦᠨᠳᠦᠰᠦᠨ ᠱᠠᠲᠤᠨ᠎ᠤ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠭᠤᠯᠭ᠎ᠠ ᠪᠥᠬᠥ᠌ ᠰᠠᠨᠠᠭᠤᠯᠭ᠎ᠠ᠎ᠶ᠋ᠢᠨ ᠬᠠᠭᠠᠰ ᠱᠢᠬᠠᠮ᠎ᠢ ᠡᠵᠡᠯᠡᠵᠡᠶ᠃ ᠲᠥᠯᠥᠭᠡᠯᠡᠭ᠌ᠴᠢᠳ ᠲᠤᠰᠠᠭᠠᠷ ᠰᠠᠨᠠᠭᠤᠯᠭ᠎ᠠ ᠳᠤᠷᠠᠳᠤᠭ᠍ᠰᠠᠨ᠎ᠨᠢ 80% ᠡᠴᠡ ᠳᠡᠭᠡᠭ᠌ᠰᠢᠬᠢ᠎ᠶ᠋ᠢ ᠡᠵᠡᠯᠡᠵᠡᠢ ᠬᠡᠵᠥ ᠳᠠᠨᠢᠯᠴᠠᠭᠤᠯᠪᠠ᠃

ᠹᠦ᠋ ᠸᠸᠨ ᠵᠢᠶ᠍ᠸ᠂ ᠡᠳᠡᠭᠡᠷ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ ᠰᠠᠨᠠᠭᠤᠯᠭ᠎ᠠ ᠨᠢ ᠠᠷᠠᠳ᠎ᠤᠨ ᠰᠠᠨᠠᠭ᠎ᠠ᠎ᠶ᠋ᠢ ᠳᠦᠭᠦᠷᠡᠩ ᠠᠴᠢᠶᠠᠯᠠᠭᠰᠠᠨ ᠪᠠᠢᠨ᠎ᠠ᠃ ᠪᠠᠢᠴᠠᠭᠠᠨ ᠰᠤᠳᠤᠯᠬᠤ᠂ ᠰᠤᠷᠪᠤᠯᠵᠢᠯᠠᠯ ᠬᠢᠬᠦ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠪᠦᠷᠢᠯᠳᠦᠭ᠌ᠰᠡᠨ ᠰᠠᠨᠠᠯ ᠵᠥᠪᠯᠡᠯᠭᠡ 170 ᠬᠤᠪᠢ ᠪᠠᠢᠵᠤ᠂ ᠰᠠᠨᠠᠯ ᠵᠥᠪᠯᠡᠯᠭᠡ ᠶ᠋ᠢᠨ ᠪᠦᠬᠦ᠌ ᠲᠣᠭᠠᠨ᠎ᠤ 62.7% ᠎ᠶ᠋ᠢ ᠡᠵᠡᠯᠡᠪᠡ; ᠪᠦᠷᠢᠯᠳᠦᠭ᠌ᠰᠡᠨ ᠰᠠᠨᠠᠭᠤᠯᠭ᠎ᠠ ᠨᠢ ᠪᠠᠷᠤᠭ 4800 ᠬᠤᠪᠢ ᠪᠠᠢᠵᠤ᠂ ᠪᠦᠬᠦ᠌ ᠰᠠᠨᠠᠭᠤᠯᠭ᠎ᠠ᠎ᠶ᠋ᠢᠨ 60% ᠵᠢ ᠡᠵᠡᠯᠡᠪᠠ᠃ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠳᠦ ᠬᠣᠯᠪᠣᠭ᠍ᠳᠠᠭ᠍ᠰᠠᠨ ᠬᠠᠤᠯᠢ ᠴᠠᠭᠠᠵᠠ᠎ᠶ᠋ᠢᠨ ᠵᠦᠶ᠋ᠯᠡᠰ ᠨᠢ ᠨᠢᠭᠡᠨᠲᠡ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ 2023 ᠣᠨ᠎ᠤ ᠬᠠᠤᠯᠢ ᠲᠣᠭ᠍ᠲᠠᠭᠠᠬᠤ ᠠᠵᠢᠯ᠎ᠤᠨ ᠲᠥᠯᠥᠪᠯᠡᠭᠡ᠎ᠳᠦ ᠣᠷᠣᠭᠤᠯᠤᠭ᠍ᠰᠠᠨ ᠨᠢ 69 ᠬᠤᠪᠢ ᠪᠠᠢᠵᠤ᠂ ᠬᠠᠤᠯᠢ ᠴᠠᠭᠠᠵᠠ᠎ᠶ᠋ᠢᠨ ᠰᠠᠨᠠᠯ ᠵᠦᠪᠯᠡᠯᠬᠡ ᠵᠢᠨ ᠶᠡᠷᠦᠩᠬᠡᠶ ᠲᠣᠭᠠᠨ᠎ᠤ 26% ᠵᠢ ᠡᠵᠡᠯᠡᠪᠠ᠃ ᠲᠥᠯᠥᠭᠡᠯᠡᠭ᠌ᠴᠢᠳ᠎ᠦᠨ ᠰᠠᠨᠠᠭᠤᠯᠭ᠎ᠠ᠎ᠳᠤ ᠭᠣᠣᠯᠳᠠᠯᠭ᠎ᠠ᠎ᠲᠠᠶ ᠠᠩᠬᠠᠷᠤᠭ᠍ᠰᠠᠨ ᠲᠠᠯ᠎ᠠ ᠭᠡᠪᠡᠯ ᠭᠣᠣᠯᠳᠠᠭᠤ᠄ ᠤᠯᠤᠰ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠬᠦ; ᠲᠣᠭᠠᠴᠢᠯᠠᠭ᠍ᠰᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠪᠦᠬᠦ᠌ ᠲᠠᠯ᠎ᠠ᠎ᠪᠠᠷ ᠡᠨᠧᠷᠭᠢ ᠨᠡᠮᠡᠷᠢᠯᠡᠬᠦ; ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠬᠦᠳᠡᠬᠡ ᠠᠵᠥ ᠠᠬᠤᠢ ᠵᠢᠨ ᠣᠳᠣᠬᠢᠴᠢᠯᠠᠯᠲᠠ᠎ᠶ᠋ᠢ ᠲᠦᠷᠭᠡᠳᠭᠡᠬᠦ; ᠪᠣᠬᠢᠷᠲᠤᠯ᠎ᠢ ᠵᠠᠰᠠᠬᠤ ᠪᠠ ᠠᠮᠢ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠦᠷᠭᠦᠯᠵᠢᠯᠡᠬᠦ᠌ ᠬᠥᠭ᠌ᠵᠢᠯᠲᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ; ᠴᠢᠨᠠᠷ ᠰᠠᠢᠲᠠᠶ ᠡᠮᠴᠢᠯᠡᠭᠡᠨ᠎ᠦ ᠡᠬᠢ ᠪᠠᠶᠠᠯᠢᠭ᠎ᠢ ᠥᠷᠭᠡᠳᠭᠡᠨ ᠦᠨᠳᠦᠰᠦᠨ ᠱᠠᠲᠤᠨ᠎ᠳᠤ ᠪᠠᠭᠤᠯᠭᠠᠬᠤ᠎ᠶ᠋ᠢ ᠠᠬᠢᠭᠤᠯᠵᠤ᠂ ᠦᠨᠳᠦᠰᠦᠨ ᠱᠠᠲᠤᠨ᠎ᠤ ᠡᠪᠡᠳᠴᠢᠨ ᠰᠡᠷᠭᠡᠢᠯᠡᠵᠦ᠍ ᠡᠪᠡᠳᠴᠢᠨ ᠵᠠᠰᠠᠬᠤ ᠪᠠ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠡᠷᠭᠡ ᠪᠣᠯᠤᠨ᠎ᠠ ᠬᠡᠪᠡ᠃

ᠲᠠᠨᠢᠯᠴᠠᠭᠤᠯᠤᠭ᠍ᠰᠠᠨ᠎ᠢᠶᠠᠷ᠂ ᠶᠡᠬᠡ ᠬᠤᠷᠠᠯ ᠲᠡᠭᠦᠰᠦᠭ᠌ᠰᠡᠨ᠎ᠦ ᠳᠠᠷᠠᠭ᠎ᠠ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠯᠪᠣᠭ᠍ᠳᠠᠯ ᠪᠥᠬᠥᠶ ᠲᠤᠰᠭᠠᠶ ᠵᠦᠪᠯᠡᠯ ᠬᠢᠨᠠᠮᠠᠭᠠᠶ ᠬᠢᠨᠠᠨ ᠶᠠᠷᠢᠯᠴᠠᠭᠰᠠᠨ ᠰᠠᠭᠤᠷᠢᠨ ᠳᠡᠭᠡᠷ᠎ᠡ᠂ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ᠎ᠶ᠋ᠢ ᠬᠢᠨᠠᠨ ᠶᠠᠷᠢᠯᠴᠠᠭ᠍ᠰᠠᠨ ᠦᠷ᠎ᠡ ᠳ᠋ᠦᠩ᠎ᠢ ᠬᠠᠤᠯᠢ ᠶᠣᠰᠣᠭᠠᠷ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠳᠤ ᠮᠡᠳᠡᠭᠦᠯᠦᠨ᠎ᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠯᠪᠠᠨ ᠲᠢᠩᠬᠢᠮ ᠲᠥᠯᠥᠭᠡᠯᠡᠭ᠌ᠴᠢᠳ᠎ᠦᠨ ᠰᠠᠨᠠᠭᠤᠯᠭ᠎ᠠ᠎ᠶ᠋ᠢ ᠲᠤᠱᠢᠶᠠᠨ ᠱᠢᠶ᠋ᠳᠪᠦᠷᠢᠯᠡᠭᠦᠯᠬᠦ᠌ ᠬᠤᠷᠠᠯ ᠬᠢᠵᠦ᠍᠂ ᠲᠥᠯᠥᠭᠡᠯᠡᠭ᠌ᠴᠢᠳ᠎ᠦᠨ ᠰᠠᠨᠠᠭᠤᠯᠭ᠎ᠠ᠎ᠶ᠋ᠢ ᠨᠢᠭᠡᠳᠦᠯᠲᠡᠶ ᠲᠤᠱᠢᠶᠠᠨ ᠱᠢᠶ᠋ᠳᠪᠦᠷᠢᠯᠡᠭᠦᠯᠬᠦ ᠪᠤᠯᠤᠨ᠎ᠠ᠃

ᠹᠦ᠋ ᠸᠸᠨ ᠵᠢᠶ᠍ᠸ᠂ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ᠎ᠶ᠋ᠢ ᠨᠠᠷᠢᠨ ᠬᠢᠨᠠᠮᠠᠭᠠᠢ ᠬᠢᠨᠠᠨ ᠵᠥᠪᠯᠡᠵᠦ᠍᠂ ᠲᠥᠯᠥᠭᠡᠯᠡᠭ᠌ᠴᠢᠳ᠎ᠦᠨ ᠰᠠᠨᠠᠭᠤᠯᠭ᠎ᠠ᠎ᠶ᠋ᠢ ᠰᠤᠳᠤᠯᠤᠨ ᠱᠢᠢᠳᠪᠦᠷᠢᠯᠡᠬᠦ᠌ ᠪᠣᠯ ᠲᠦᠷᠦ᠍᠎ᠶ᠋ᠢᠨ ᠪᠠᠢᠭᠤᠯᠭ᠎ᠠ᠎ᠶ᠋ᠢᠨ ᠬᠠᠤᠯᠢ᠎ᠪᠠᠷ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ ᠪᠠ ᠴᠢᠬᠤᠯᠠ ᠠᠵᠢᠯ ᠪᠣᠯᠤᠨ᠎ᠠ᠃ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠨᠢᠭᠡᠴᠢ ᠵᠢᠨ ᠬᠢᠨ ᠪᠦᠬᠦ᠌ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠪᠠᠷᠢᠮᠲᠠᠯᠠᠨ ᠬᠥᠭ᠌ᠵᠢᠭᠦᠯᠵᠦ᠍᠂ ᠰᠠᠨᠠᠯ ᠵᠥᠪᠯᠡᠯᠭᠡ᠎ᠶ᠋ᠢ ᠬᠢᠨᠠᠨ ᠶᠠᠷᠢᠯᠴᠠᠬᠤ᠂ ᠰᠠᠨᠠᠭᠤᠯᠭ᠎ᠠ᠎ᠶ᠋ᠢ ᠱᠢᠢᠳᠪᠦᠷᠢᠯᠡᠬᠦ᠌ ᠶᠠᠪᠤᠴᠠ᠎ᠳᠤ ᠲᠥᠯᠥᠭᠡᠯᠡᠭ᠌ᠴᠢᠳ᠎ᠯᠦᠭᠡ᠎ᠶ᠋ᠢᠨ ᠬᠠᠷᠢᠯᠴᠠᠭ᠎ᠠ ᠤᠯᠤᠯᠴᠠᠭ᠎ᠠ᠎ᠪᠡᠨ ᠴᠢᠩᠭᠠᠳᠭᠠᠵᠤ᠂ ᠠᠷᠠᠳ᠎ᠤᠨ ᠰᠠᠨᠠᠭ᠎ᠠ᠎ᠶ᠋ᠢ ᠱᠢᠩᠭᠡᠭᠡᠨ ᠠᠪᠬᠤ᠂ ᠠᠷᠠᠳ᠎ᠤᠨ ᠤᠶᠤᠨ ᠤᠬᠠᠭᠠᠨ᠎ᠢ ᠲᠥᠪᠯᠡᠷᠡᠭᠦᠯᠬᠦ᠌ ᠠᠵᠢᠯ᠎ᠤᠨ ᠲᠣᠭ᠍ᠲᠠᠴᠠ᠎ᠪᠠᠨ ᠪᠦᠷᠢᠨᠱᠢᠭᠦᠯᠵᠦ᠍᠂ ᠠᠷᠠᠳ ᠲᠦᠮᠡᠨ ᠬᠦᠰᠡᠯ ᠱᠠᠭᠠᠷᠳᠠᠯᠭ᠎ᠠ᠎ᠲᠠᠶ ᠪᠠᠢᠪᠠᠯ ᠪᠢᠳᠡ ᠬᠠᠷᠢᠭᠤ ᠲᠤᠰᠭᠠᠯ᠎ᠲᠠᠶ ᠪᠠᠢᠬᠤ᠎ᠶ᠋ᠢ ᠦᠨᠡᠨ ᠬᠦ᠌ ᠪᠡᠶᠡᠯᠡᠭᠦᠯᠦᠨ᠎ᠡ ᠬᠡᠵᠥ ᠢᠯᠡᠳᠬᠡᠪᠡ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面