2023-03-12 13:09:46
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬ᠍ᠸ᠋ ᠨᠢᠩ 11 ᠤ᠋ ᠦᠳᠡ᠎ᠶ᠋ᠢᠨ ᠬᠣᠢᠨ᠎ᠠ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠠᠩᠬᠠᠳᠤᠭᠠᠷ ᠬᠤᠷᠠᠯ᠎ᠢ ᠤᠬᠠᠭᠤᠯᠤᠨ ᠮᠡᠳᠡᠭᠡᠯᠡᠬᠦ᠌᠎ᠳᠦ ᠣᠷᠣᠯᠴᠠᠭ᠍ᠰᠠᠨ ᠰᠣᠨᠢᠨ ᠮᠡᠳᠡᠭᠡᠨ᠎ᠦ ᠠᠵᠢᠯᠲᠠᠳ᠎ᠤᠨ ᠲᠥᠯᠥᠭᠡᠯᠡᠭ᠌ᠴᠢ᠎ᠶ᠋ᠢ ᠡᠷᠭᠢᠨ ᠦᠵᠡᠵᠦ᠍᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠣᠯᠤᠨ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠢ ᠲᠦᠯᠦᠭᠡᠯᠡᠨ᠂ ᠤᠯᠠᠨ᠎ᠤ ᠱᠢᠷᠭᠠᠭᠤ ᠠᠵᠢᠯᠯᠠᠵᠦ ᠪᠠᠢᠭ᠎ᠠ᠎ᠳᠤ ᠴᠢᠩ ᠰᠡᠳᠭᠢᠯ᠎ᠡᠴᠡ᠎ᠪᠡᠨ ᠲᠠᠯᠠᠷᠬᠠᠨ ᠲᠣᠬᠣᠨᠢᠭᠤᠯᠵᠦ ᠪᠠᠢᠬᠤ᠎ᠪᠠᠨ ᠢᠯᠡᠳᠭᠡᠪᠡ᠃
ᠠᠷᠠᠳ᠎ᠤᠨ ᠡᠳᠦᠷ᠎ᠦᠨ ᠰᠣᠨᠢᠨ᠎ᠤ ᠬᠣᠷᠢᠶ᠎ᠠ᠂ ᠱᠢᠨᠬᠤᠸᠠ ᠬᠣᠷᠢᠶ᠎ᠠ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠶ ᠬᠣᠷᠢᠶ᠎ᠠ᠂ ᠭᠤᠸᠠᠩᠮᠢᠩ ᠡᠳᠦᠷ᠎ᠦᠨ ᠰᠣᠨᠢᠨ᠎ᠤ ᠬᠣᠷᠢᠶ᠎ᠠ᠂ ᠠᠵᠤ ᠠᠬᠤᠶ᠎ᠶ᠋ᠢᠨ ᠡᠳᠦᠷ᠎ᠦᠨ ᠰᠣᠨᠢᠨ᠎ᠤ ᠬᠣᠷᠢᠶ᠎ᠠ᠂ ᠳᠤᠮᠳᠠᠳᠤ ᠤᠯᠤᠰ᠎ᠤᠨ ᠡᠳᠦᠷ᠎ᠦᠨ ᠰᠣᠨᠢᠨ᠎ᠤ ᠬᠣᠷᠢᠶ᠎ᠠ᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠰᠣᠨᠢᠨ᠎ᠤ ᠬᠣᠷᠢᠶ᠎ᠠ᠂ ᠳᠤᠮᠳᠠᠳᠤ ᠤᠯᠤᠰ᠎ᠤᠨ ᠰᠣᠨᠢᠨ ᠮᠡᠳᠡᠭᠡᠨ᠎ᠦ ᠬᠣᠷᠢᠶ᠎ᠠ ᠵᠡᠷᠭᠡ ᠲᠥᠪ᠎ᠦᠨ ᠭᠤᠤᠯ ᠪᠣᠯᠬᠤ ᠰᠣᠨᠢᠨ ᠮᠡᠳᠡᠭᠡᠨ᠎ᠦ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠥᠳ ᠵᠢᠴᠢ ᠶᠡᠬᠡ ᠬᠤᠷᠠᠯ᠎ᠤᠨ ᠮᠡᠳᠡᠭᠡᠯᠡᠯ᠎ᠳᠦ ᠣᠷᠣᠯᠴᠠᠭ᠍ᠰᠠᠨ ᠬᠡᠰᠡᠭ ᠰᠣᠨᠢᠨ ᠮᠡᠳᠡᠭᠡᠨ᠎ᠦ ᠨᠢᠭᠡᠳᠦᠭᠡᠷ ᠹᠷᠣᠨᠲ᠎ᠤᠨ ᠰᠤᠷᠪᠤᠯᠵᠢᠯᠠᠭ᠍ᠴᠢ ᠨᠠᠢᠷᠠᠭᠤᠯᠤᠭ᠍ᠴᠢ ᠶ᠋ᠢᠨ ᠲᠥᠯᠥᠭᠡᠯᠡᠭ᠌ᠴᠢ ᠡᠷᠭᠢᠨ ᠦᠵᠡᠬᠦ᠌ ᠠᠵᠢᠯᠯᠠᠭ᠎ᠠ᠎ᠳᠤ ᠣᠷᠣᠯᠴᠠᠵᠤ᠂ ᠬᠤᠷᠠᠯ᠎ᠤᠨ ᠤᠬᠠᠭᠤᠯᠤᠨ ᠮᠡᠳᠡᠭᠡᠯᠡᠬᠦ᠌ ᠠᠵᠢᠯ᠎ᠤᠨ ᠪᠠᠢᠳᠠᠯᠶ᠋ᠢᠡᠨ ᠲᠠᠨᠢᠯᠴᠠᠭᠤᠯᠪᠠ᠃
ᠸᠠᠩ ᠬ᠍ᠸ᠋ ᠨᠢᠩ᠂ ᠡᠨᠡ ᠤᠳᠠᠭ᠎ᠠ᠎ᠶ᠋ᠢᠨ ᠬᠤᠷᠠᠯ ᠲᠡᠭᠦᠰ ᠠᠮᠵᠢᠯᠲᠠ ᠣᠯᠤᠭ᠍ᠰᠠᠨ᠎ᠤ ᠬᠠᠮᠤᠭ᠎ᠤᠨ ᠴᠢᠬᠤᠯᠠ ᠱᠢᠯᠲᠠᠭᠠᠨ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠂ ᠤᠯᠤᠰ ᠲᠦᠷᠦ᠍᠎ᠶ᠋ᠢᠨ ᠵᠥᠪᠯᠡᠯᠭᠡᠨ᠎ᠦ ᠪᠦᠬᠦ ᠭᠡᠱᠢᠭᠦᠤᠨᠤᠨ ᠬᠠᠮᠲᠤ᠎ᠶ᠋ᠢᠨ ᠴᠢᠷᠮᠠᠢᠯᠭ᠎ᠠ ᠳ᠋ᠦ ᠪᠠᠢᠬᠤ ᠪᠥᠭᠡᠳ ᠪᠠᠰᠠ ᠰᠣᠨᠢᠨ ᠮᠡᠳᠡᠭᠡᠨ᠎ᠦ ᠨᠢᠭᠡᠴᠢ ᠪᠣᠯᠤᠨ ᠥᠷᠭᠡᠨ ᠤᠯᠠᠨ ᠰᠤᠷᠪᠤᠯᠵᠢᠯᠠᠭ᠍ᠴᠢ ᠨᠠᠢᠷᠠᠭᠤᠯᠤᠭ᠍ᠴᠢ ᠨᠠᠷ᠎ᠦᠨ ᠴᠢᠷᠮᠠᠢᠯᠭ᠎ᠠ᠎ᠲᠠᠶ ᠨᠢᠭ᠍ᠲᠠ ᠬᠣᠯᠪᠣᠭ᠎ᠠ ᠲᠠᠢ ᠭᠡᠵᠦ ᠢᠯᠡᠷᠭᠡᠢᠯᠡᠪᠡ᠃
ᠸᠠᠩ ᠬ᠍ᠸ᠋ ᠨᠢᠩ᠂ ᠬᠣᠶᠠᠷ ᠬᠤᠷᠠᠯ᠎ᠤᠨ ᠬᠤᠭᠤᠴᠠᠭᠠᠨ᠎ᠳᠤ᠂ ᠲᠥᠪ᠎ᠦᠨ ᠭᠣᠣᠯ ᠪᠣᠯᠬᠤ ᠰᠣᠨᠢᠨ ᠮᠡᠳᠡᠭᠡᠨ᠎ᠦ ᠨᠢᠭᠡᠴᠢ ᠤᠯᠠᠮᠵᠢᠯᠠᠯᠲᠤ ᠵᠠᠭᠤᠴᠢᠯᠠᠭᠤᠷ ᠪᠠ ᠱᠢᠨ᠎ᠡ ᠵᠠᠭᠤᠴᠢᠯᠠᠭᠤᠷ᠂ ᠳᠣᠲᠣᠭᠠᠳᠤ ᠤᠬᠠᠭᠤᠯᠭ᠎ᠠ ᠪᠠ ᠭᠠᠳᠠᠭᠠᠳᠤ ᠤᠬᠠᠭᠤᠯᠭ᠎ᠠ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ᠎ᠶᠢ ᠨᠢᠭᠡᠲᠦᠯᠲᠡᠢ ᠲᠦᠯᠦᠪᠵᠢᠬᠦᠯᠵᠦ᠂ ᠠᠳᠠᠯᠢ ᠪᠤᠰᠤ ᠬᠦᠯᠢᠶᠡᠨ ᠠᠪᠤᠭ᠍ᠴᠢᠳ᠎ᠲᠤ ᠬᠠᠨᠳᠤᠭᠤᠯᠤᠭ᠍ᠰᠠᠨ᠂ ᠥᠪᠡᠷ ᠥᠪᠡᠷ᠎ᠦᠨ ᠣᠨᠴᠠᠯᠢᠭ᠎ᠲᠠᠶ ᠨᠢᠭᠡ ᠪᠦᠯᠦᠭ ᠰᠣᠨᠢᠨ ᠮᠡᠳᠡᠭᠡᠨ᠎ᠦ ᠰᠣᠳᠣᠨ ᠪᠦᠲᠦᠭᠡᠯ ᠭᠠᠷᠭᠠᠪᠠ᠃ ᠬᠣᠯᠪᠣᠭ᠍ᠳᠠᠯ ᠪᠥᠬᠥᠶ ᠰᠣᠨᠢᠨ ᠮᠡᠳᠡᠭᠡᠯᠡᠯ ᠨᠢ ᠭᠤᠤᠯᠳᠠᠯᠭ᠎ᠠ᠎ᠶ᠋ᠢ ᠳᠣᠪᠣᠢᠯᠭᠠᠵᠤ᠂ ᠭᠤᠤᠯ ᠰᠡᠳᠦᠪ᠎ᠲᠡᠶ ᠨᠢᠭ᠍ᠲᠠ ᠤᠶᠠᠯᠳᠤᠭᠤᠯᠤᠨ᠂ ᠬᠡᠯᠪᠡᠷᠢ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠶᠡᠬᠡ ᠬᠤᠷᠠᠯ᠎ᠳᠤ ᠶᠠᠷᠢᠶ᠎ᠠ ᠬᠡᠯᠡᠯᠴᠡᠭᠡᠨ᠎ᠦ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠨ ᠥᠭᠴᠠᠢ᠃ ᠲᠡᠷᠡ ᠰᠣᠨᠢᠨ ᠮᠡᠳᠡᠭᠡᠨ᠎ᠦ ᠨᠢᠭᠡᠴᠢ᠎ᠶ᠋ᠢᠨ ᠨᠥᠬᠥᠳ᠎ᠲᠦ ᠳᠤᠮᠳᠠᠳᠤ ᠤᠯᠤᠰ᠎ᠤᠨ ᠦᠯᠢᠭᠡᠷ᠂ ᠤᠯᠤᠰ ᠲᠦᠷᠦ᠍᠎ᠶ᠋ᠢᠨ ᠵᠥᠪᠯᠡᠯᠭᠡᠨ᠎ᠦ ᠦᠯᠢᠭᠡᠷ᠂ ᠭᠡᠱᠢᠭᠦᠳ᠎ᠦᠨ ᠦᠯᠢᠭᠡᠷ᠎ᠢ ᠦᠷᠭᠦᠯᠵᠢᠯᠡᠨ ᠰᠠᠢᠲᠤᠷ ᠶᠠᠷᠢᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠬᠦ᠌᠎ᠶ᠋ᠢ ᠬᠦᠰᠡᠪᠡ᠃
ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠤᠪᠴᠢᠶ᠎ᠠ᠎ᠶᠢᠨ ᠭᠡᠱᠢᠭᠦᠨ᠂ ᠲᠥᠪ᠎ᠦᠨ ᠤᠬᠠᠭᠤᠯᠬᠤ ᠬᠡᠯᠲᠡᠰ᠎ᠦᠨ ᠳᠠᠷᠤᠭ᠎ᠠ ᠯᠢ ᠱᠦ᠍ ᠯᠸᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠪᠥᠭᠡᠳ ᠨᠠᠷᠢᠨ ᠪᠢᠴᠢᠭ᠎ᠦᠨ ᠳᠠᠷᠤᠭ᠎ᠠ ᠸᠠᠩ ᠳ᠋ᠦᠩ ᠹᠸᠩ ᠬᠠᠮᠲᠤ᠎ᠪᠠᠷ ᠡᠷᠭᠢᠨ ᠦᠵᠡᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃