2023-03-12 13:03:41
ᠵᠤᠤ ᠯᠸ ᠵᠶ᠋ᠢ ᠬᠤᠷᠠᠯ ᠢ᠋ ᠡᠷᠬᠢᠯᠡᠵᠠᠢ
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ 11 ᠤ᠋ ᠦᠳᠡ ᠢ᠋ᠢᠨ ᠬᠤᠢᠨ᠎ᠠ ᠪᠡᠭᠡᠵᠢᠨᠭ ᠤ᠋ᠨ ᠠᠷᠠᠳ ᠤ᠋ᠨ ᠶᠡᠬᠡ ᠬᠤᠷᠠᠯ ᠤ᠋ᠨ ᠲᠠᠩᠬᠢᠮ ᠳ᠋ᠤ ᠨᠠᠢ᠍ᠮᠠᠳᠤᠭᠠᠷ ᠤᠳᠠᠭ᠎ᠠ᠎ᠶ᠋ᠢᠨ ᠬᠤᠷᠠᠯ ᠬᠢᠪᠡ᠃
ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ ᠬᠤᠷᠠᠯ᠎ᠢ ᠡᠷᠬᠢᠯᠡᠪᠡ᠃ ᠬᠤᠷᠠᠯ᠎ᠳᠤ ᠣᠷᠣᠯᠴᠠᠬᠤ ᠶᠣᠰᠣᠲᠠᠢ ᠬᠥᠮᠤᠨ 192 ᠪᠠᠢᠵᠤ᠂ 190 ᠬᠥᠮᠦᠨ ᠬᠤᠷᠠᠯ ᠳᠤ ᠤᠷᠤᠯᠴᠠᠵᠤ᠂ 2 ᠬᠥᠮᠦᠨ ᠣᠷᠣᠯᠴᠠᠭ᠍ᠰᠠᠨ ᠦᠭᠡᠢ᠂ ᠬᠤᠷᠠᠯ ᠳ᠋ᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠠᠢᠴᠠᠪᠠ᠃
3 ᠰᠠᠷ᠎ᠠ᠎ᠶ᠋ᠢᠨ 8 ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠲᠥᠯᠥᠭᠡᠯᠡᠭ᠌ᠴᠢᠳ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠥᠩᠭᠡᠷᠡᠭ᠌ᠰᠡᠨ ᠲᠠᠪᠤᠨ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠬᠣᠢᠱᠢᠳᠠ᠎ᠶ᠋ᠢᠨ ᠨᠢᠭᠡ ᠵᠢᠯ᠎ᠦᠨ ᠠᠵᠢᠯ᠎ᠤᠨ ᠲᠤᠬᠠᠢ ᠰᠠᠨᠠᠭᠤᠯᠭ᠎ᠠ᠎ᠶ᠋ᠢ ᠵᠥᠪᠱᠢᠶᠡᠷᠡᠵᠦ᠍ ᠪᠠᠢᠬᠤ᠎ᠪᠠᠨ ᠢᠯᠡᠳᠭᠡᠪᠡ᠃ ᠬᠢᠨᠠᠨ ᠵᠥᠪᠯᠡᠬᠦ᠌ ᠳᠤᠮᠳᠠ᠂ ᠲᠥᠯᠥᠭᠡᠯᠡᠭ᠌ᠴᠢᠳ ᠡᠴᠨ ᠠᠵᠢᠯ ᠤ᠋ᠨ ᠮᠡᠳᠡᠬᠦᠯᠦᠯᠳᠡ ᠪᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠳᠤ ᠵᠠᠷᠢᠮ ᠰᠠᠨᠠᠯ ᠰᠠᠨᠠᠭᠤᠯᠭ᠎ᠠ ᠳᠤᠷᠠᠳᠪᠠ᠃ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠠᠴᠠ ᠲᠥᠯᠥᠭᠡᠯᠡᠭ᠌ᠴᠢᠳ᠎ᠦᠨ ᠬᠢᠨᠠᠨ ᠵᠥᠪᠯᠡᠭ᠌ᠰᠡᠨ ᠰᠠᠨᠠᠯ᠎ᠢ ᠨᠠᠷᠢᠨ ᠬᠢᠨᠠᠮᠠᠭᠠᠢ ᠰᠤᠳᠤᠯᠵᠤ᠂ ᠠᠵᠢᠯ ᠤ᠋ᠨ ᠮᠡᠳᠡᠬᠦᠯᠦᠯᠳᠡ ᠳ᠋ᠤ ᠨᠠᠷᠢᠨ ᠬᠢᠨᠠᠮᠠᠭᠠᠢ ᠵᠠᠰᠠᠪᠤᠷᠢ ᠣᠷᠣᠭᠤᠯᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠠᠰᠠᠪᠤᠷᠢ ᠣᠷᠣᠭᠤᠯᠤᠭ᠍ᠰᠠᠨ᠎ᠤ ᠳᠠᠷᠠᠭᠠᠬᠢ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠶ᠋ᠢ ᠰᠠᠨᠠᠭᠠᠴᠢᠯᠠᠬᠤ ᠢ᠋ᠢᠨ ᠬᠠᠮᠳᠤ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠱᠢᠢᠳᠪᠦᠷᠢ᠎ᠶ᠋ᠢᠨ ᠲᠥᠰᠦᠯ᠎ᠢ ᠣᠷᠣᠯᠠᠨ ᠲᠤᠭᠤᠷᠪᠢᠵᠠᠢ᠃
ᠬᠤᠷᠠᠯ᠎ᠠᠴᠠ᠂ ᠶᠡᠬᠡ ᠬᠤᠷᠠᠯ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠱᠢᠢᠳᠪᠦᠷᠢ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
3 ᠰᠠᠷ᠎ᠠ᠎ᠶ᠋ᠢᠨ 9 ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠢ᠋ᠢᠨ ᠠᠵᠢᠯ᠎ᠤᠨ ᠮᠡᠳᠡᠭᠦᠯᠦᠯᠲᠡ ᠪᠣᠯᠤᠨ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠢ᠋ᠢᠨ ᠠᠵᠢᠯ᠎ᠤᠨ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠲᠥᠯᠥᠭᠡᠯᠡᠭ᠌ᠴᠢᠳ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠪᠣᠯᠤᠨ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠢ᠋ᠢᠨ ᠥᠩᠭᠡᠷᠡᠭ᠌ᠰᠡᠨ ᠲᠠᠪᠤᠨ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠠᠵᠢᠯ ᠤ᠋ᠨ ᠮᠡᠳᠡᠬᠦᠯᠦᠯᠳᠡ ᠳ᠋ᠤ ᠳᠤᠷᠠᠳᠤᠭ᠍ᠰᠠᠨ 2023 ᠣᠨ᠎ᠤ ᠠᠵᠢᠯ᠎ᠤᠨ ᠰᠠᠨᠠᠭᠤᠯᠭ᠎ᠠ᠎ᠶ᠋ᠢ ᠵᠥᠪᠱᠢᠶᠡᠷᠡᠵᠦ᠍ ᠪᠠᠢᠬᠤ᠎ᠪᠠᠨ ᠢᠯᠡᠳᠭᠡᠪᠡ᠃ ᠡᠯ᠎ᠡ ᠲᠥᠯᠥᠭᠡᠯᠡᠭ᠌ᠴᠢᠳ᠎ᠦᠨ ᠪᠦᠯᠬᠦᠮ ᠳᠡᠭᠡᠷ᠎ᠡ ᠳᠤᠷᠠᠳᠤᠭ᠍ᠰᠠᠨ ᠠᠵᠢᠯ ᠤ᠋ᠨ ᠮᠡᠳᠡᠬᠦᠯᠦᠯᠳᠡ ᠢ᠋ᠢ ᠰᠠᠨᠠᠯ ᠨᠢᠭᠡᠲᠡᠢ ᠵᠥᠪᠱᠢᠶᠡᠷᠡᠪᠡ᠃ ᠬᠢᠨᠠᠨ ᠵᠥᠪᠯᠡᠬᠦ᠌ ᠳᠤᠮᠳᠠ᠂ ᠲᠥᠯᠥᠭᠡᠯᠡᠭ᠌ᠴᠢᠳ ᠪᠠᠰᠠ ᠵᠠᠷᠢᠮ ᠰᠠᠨᠠᠯ ᠵᠦᠪᠯᠡᠯᠬᠡ ᠳᠤᠷᠠᠳᠴᠠᠢ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠪᠣᠯᠤᠨ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠲᠥᠯᠥᠭᠡᠯᠡᠭ᠌ᠴᠢᠳ᠎ᠦᠨ ᠬᠢᠨᠠᠨ ᠵᠥᠪᠯᠡᠭ᠌ᠰᠡᠨ ᠰᠠᠨᠠᠯ᠎ᠢ ᠦᠨᠳᠦᠰᠦᠯᠡᠵᠦ᠍᠂ ᠲᠤᠰ ᠲᠤᠰ᠎ᠤᠨ ᠢ᠋ᠢᠡᠨ ᠠᠵᠢᠯ ᠤ᠋ᠨ ᠮᠡᠳᠡᠬᠦᠯᠦᠯᠳᠡ ᠳ᠋ᠤ ᠨᠠᠷᠢᠨ ᠬᠢᠨᠠᠮᠠᠭᠠᠢ ᠵᠠᠰᠠᠪᠤᠷᠢ ᠣᠷᠣᠭᠤᠯᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ ᠪᠣᠯᠤᠨ ᠮᠡᠳᠡᠭᠦᠯᠦᠯᠲᠡ᠎ᠳᠦ ᠵᠠᠰᠠᠪᠤᠷᠢ ᠣᠷᠣᠭᠤᠯᠤᠭ᠍ᠰᠠᠨ ᠪᠠᠢᠳᠠᠯ᠎ᠢ ᠦᠨᠳᠦᠰᠦᠯᠡᠵᠦ᠍᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠢ᠋ᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠢ᠋ᠢᠨ ᠠᠵᠢᠯ᠎ᠤᠨ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠶ᠋ᠢ ᠰᠠᠨᠠᠭᠠᠴᠢᠯᠠᠬᠤ ᠢ᠋ᠢᠨ ᠬᠠᠮᠳᠤ ᠳᠡᠭᠡᠷ᠎ᠡ ᠳᠤᠷᠠᠳᠤᠭ᠍ᠰᠠᠨ ᠮᠡᠳᠡᠭᠦᠯᠦᠯᠲᠡ᠎ᠶ᠋ᠢᠨ ᠲᠤᠬᠠᠢ 2 ᠱᠢᠢᠳᠪᠦᠷᠢ᠎ᠶ᠋ᠢᠨ ᠲᠥᠰᠦᠯ᠎ᠢ ᠣᠷᠣᠯᠠᠨ ᠲᠤᠭᠤᠷᠪᠢᠪᠠ᠃
ᠬᠤᠷᠠᠯ᠎ᠠᠴᠠ ᠲᠤᠰ ᠪᠦᠷᠢ ᠪᠠᠳᠤᠯᠠᠬᠤ ᠪᠡᠷ ᠲᠠᠮᠵᠢᠨ ᠶᠡᠬᠡ ᠬᠤᠷᠠᠯ᠎ᠤᠨ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠢ᠋ᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠱᠢᠢᠳᠪᠦᠷᠢ᠎ᠶ᠋ᠢᠨ ᠲᠥᠰᠦᠯ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠢ᠋ᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠱᠢᠢᠳᠪᠦᠷᠢ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
3 ᠰᠠᠷ᠎ᠠ᠎ᠶ᠋ᠢᠨ 11 ᠤ᠋ ᠦᠳᠡ᠎ᠶ᠋ᠢᠨ ᠬᠣᠢᠨ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠶ ᠰᠠᠢᠳ᠂ ᠲᠦᠷᠦ᠍᠎ᠶ᠋ᠢᠨ ᠶᠠᠪᠤᠳᠠᠯ᠎ᠤᠨ ᠭᠡᠱᠢᠭᠦᠨ᠂ ᠡᠯ᠎ᠡ ᠶᠠᠮᠤᠨ᠎ᠤ ᠰᠠᠢᠳ᠂ ᠡᠯ᠎ᠡ ᠵᠥᠪᠯᠡᠯ᠎ᠦᠨ ᠡᠷᠬᠢᠯᠡᠭ᠌ᠴᠢ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠳᠠᠷᠤᠭ᠎ᠠ᠂ ᠬᠢᠨᠠᠨ ᠪᠤᠳᠤᠬᠤ ᠳᠠᠷᠤᠭ᠎ᠠ᠂ ᠨᠠᠷᠢᠨ ᠪᠢᠴᠢᠭ᠎ᠦᠨ ᠳᠠᠷᠤᠭ᠎ᠠ ᠢ᠋ᠢᠨ ᠵᠢᠱ᠌ᠢᠭ᠌ᠳᠡᠭ᠌ᠰᠡᠳ ᠢ᠋ ᠶᠠᠷᠢᠯᠴᠡᠨ ᠵᠦᠪᠳᠡᠯᠴᠡᠵᠤ᠂ ᠵᠢᠱ᠌ᠢᠭ᠌ᠳᠡᠭ᠌ᠰᠡᠳ ᠤ᠋ᠨ ᠨᠡᠷᠡᠰ ᠢ᠋ ᠰᠠᠨᠠᠯ ᠨᠢᠭᠡᠲᠡᠶ ᠵᠥᠪᠱᠢᠶᠡᠷᠡᠵᠦ᠍ ᠪᠠᠢᠬᠤ᠎ᠪᠠᠨ ᠢᠯᠡᠳᠭᠡᠪᠡ᠃ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠠᠴᠠ ᠪᠠᠳᠤᠯᠠᠬᠤ ᠪᠡᠷ ᠲᠠᠮᠵᠢᠨ ᠳᠡᠭᠡᠷ᠎ᠡ ᠳᠤᠷᠠᠳᠤᠭ᠍ᠰᠠᠨ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠤᠰᠤᠳ ᠪᠦᠷᠢᠯᠳᠦᠬᠦᠨ ᠤ᠋ ᠵᠢᠱ᠌ᠢᠭ᠌ᠳᠡᠭ᠌ᠰᠡᠳ ᠢ᠋ ᠶᠡᠬᠡ ᠬᠤᠷᠠᠯ᠎ᠤᠨ ᠪᠦᠬᠦᠳᠠ ᠬᠤᠷᠠᠯ᠎ᠳᠤ ᠳᠡᠪᠱᠢᠭᠦᠯᠵᠦ᠍ ᠲᠤᠱᠢᠶᠠᠯ᠎ᠳᠤ ᠲᠣᠮᠢᠯᠠᠭᠤᠯᠬᠤ᠎ᠪᠡᠷ ᠲᠤᠭᠳᠠᠪᠠ᠃
3 ᠰᠠᠷ᠎ᠠ᠎ᠶ᠋ᠢᠨ 11 ᠤ᠋ ᠦᠳᠡ᠎ᠶ᠋ᠢᠨ ᠬᠣᠢᠨ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠡᠴᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠲᠡᠨ᠎ᠦ ᠵᠥᠪᠯᠡᠯ᠂ ᠬᠢᠨᠠᠨ ᠪᠠᠢᠴᠠᠭᠠᠬᠤ ᠪᠠ ᠬᠠᠤᠯᠢ ᠪᠠᠷᠢᠬᠤ ᠵᠥᠪᠯᠡᠯ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ ᠡᠷᠡᠭᠦᠯ ᠬᠠᠮᠠᠭᠠᠯᠠᠯ᠎ᠤᠨ ᠵᠥᠪᠯᠡᠯ᠂ ᠭᠠᠳᠠᠭᠠᠳᠤ ᠶᠠᠪᠤᠳᠠᠯ᠎ᠤᠨ ᠵᠥᠪᠯᠡᠯ᠂ ᠬᠠᠷᠢᠶᠠᠲᠤ᠎ᠨᠠᠷ᠎ᠤᠨ ᠵᠥᠪᠯᠡᠯ᠂ ᠣᠷᠴᠢᠨ ᠲᠣᠭᠣᠷᠢᠨ ᠬᠢᠭᠡᠳ ᠡᠬᠢ ᠪᠠᠶᠠᠯᠢᠭ᠎ᠤᠨ ᠬᠠᠮᠠᠭᠠᠯᠠᠯᠲᠠ᠎ᠶ᠋ᠢᠨ ᠵᠥᠪᠯᠡᠯ᠂ ᠬᠥᠳᠡᠭᠡ ᠠᠵᠤ ᠠᠬᠤᠢ ᠬᠢᠭᠡᠳ ᠬᠥᠳᠡᠭᠡ ᠲᠣᠰᠭᠣᠨ᠎ᠤ ᠵᠥᠪᠯᠡᠯ᠂ ᠨᠡᠢᠭᠡᠮ᠎ᠦᠨ ᠪᠠᠢᠭᠤᠯᠤᠯᠲᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ᠂ ᠳᠡᠳ᠋ ᠡᠷᠬᠢᠯᠡᠭ᠌ᠴᠢ ᠭᠡᠱᠢᠭᠦᠨ᠂ ᠭᠡᠱᠢᠭᠦᠨ᠎ᠦ ᠵᠢᠱ᠌ᠢᠭ᠌ᠳᠡᠭ᠌ᠴᠢ ᠢ᠋ᠢ ᠶᠠᠷᠢᠯᠴᠠᠵᠤ᠂ ᠵᠢᠱ᠌ᠢᠭ᠌ᠳᠡᠭ᠌ᠴᠢ᠎ᠶ᠋ᠢᠨ ᠨᠡᠷᠡᠰ᠎ᠢ ᠵᠥᠪᠱᠢᠶᠡᠷᠡᠵᠦ᠍ ᠪᠠᠢᠬᠤ᠎ᠪᠠᠨ ᠰᠠᠨᠠᠯ ᠨᠢᠭᠡᠳᠡᠢ ᠢᠯᠡᠳᠭᠡᠪᠡ᠃ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠠᠴᠠ ᠲᠤᠰ ᠪᠦᠷᠢ ᠪᠠᠳᠤᠯᠠᠬᠤ ᠪᠡᠷ ᠲᠠᠮᠵᠢᠨ ᠳᠡᠭᠡᠷ᠎ᠡ ᠳᠤᠷᠠᠳᠤᠭ᠍ᠰᠠᠨ ᠲᠤᠰᠭᠠᠢ ᠵᠥᠪᠯᠡᠯ᠎ᠦᠨ ᠪᠦᠷᠢᠯᠳᠦᠬᠦᠨᠬᠡᠰᠢᠬᠦᠳ ᠤ᠋ᠨ ᠵᠢᠩᠬᠢᠨᠢ ᠵᠢᠱ᠌ᠢᠭ᠌ᠳᠡᠭ᠌ᠴᠢ᠎ᠶ᠋ᠢᠨ ᠨᠡᠷᠡᠰ᠎ᠢ ᠲᠣᠭ᠍ᠲᠠᠭᠠᠵᠤ᠂ ᠶᠡᠬᠡ ᠬᠤᠷᠠᠯ᠎ᠤᠨ ᠪᠦᠬᠦᠳᠠ ᠬᠤᠷᠠᠯ᠎ᠳᠤ ᠳᠡᠪᠱᠢᠭᠦᠯᠵᠦ᠍ ᠪᠠᠳᠤᠯᠠᠭᠤᠯᠬᠤ ᠪᠡᠷ ᠪᠤᠯᠪᠠ᠃
ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠭᠠᠨ ᠵᠢᠶ᠍ᠸ᠂ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ ᠬᠤᠷᠠᠯ᠎ᠳᠤ ᠣᠷᠣᠯᠴᠠᠵᠠᠢ᠃
(ᠰᠢᠨᠬᠤᠸᠠ ᠬᠤᠷᠢᠶ᠎ᠠ ᠢ᠋ᠢᠨ ᠪᠡᠬᠡᠵᠢᠨᠭ ᠤ᠋ᠨ 3 ᠰᠠᠷ᠎ᠠ ᠢ᠋ᠢᠨ 11 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃