2023-03-12 13:26:22
(2023 ᠣᠨ᠎ᠤ 3 ᠰᠠᠷ᠎ᠠ᠎ᠶ᠋ᠢᠨ 11 ᠤ᠋ ᠡᠳᠦᠷ)
ᠸᠠᠩ ᠬᠤ᠌ ᠨᠢᠩ
ᠭᠡᠱᠢᠭᠦᠳ ᠡ ᠂ ᠨᠥᠬᠥᠳ ᠡ ᠄
ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠠᠩᠬᠠᠳᠤᠭᠠᠷ ᠬᠤᠷᠠᠯ᠂ ᠪᠦᠬᠦ᠌ ᠭᠡᠱᠢᠭᠦᠳ᠎ᠦᠨ ᠬᠠᠮᠲᠤ᠎ᠶ᠋ᠢᠨ ᠴᠢᠷᠮᠠᠢᠯᠭ᠎ᠠ᠎ᠪᠠᠷ ᠡᠯ᠎ᠡ ᠵᠦᠢᠯ ᠤᠨ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠦᠭᠡᠳ᠂ ᠢᠯᠠᠯᠲᠠ᠎ᠲᠠᠶ᠎ᠪᠠᠷ ᠲᠡᠭᠦᠰᠭᠦ ᠪᠣᠯᠤᠯ᠎ᠠ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ ᠡᠨᠡ ᠤᠳᠠᠭ᠎ᠠ᠎ᠶ᠋ᠢᠨ ᠬᠤᠷᠠᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ ᠵᠡᠷᠭᠡ ᠨᠠᠮ ᠪᠤᠯᠤᠨ ᠳᠦᠷᠦ ᠵᠢᠨ ᠤᠳᠤᠷᠢᠳᠭᠤ ᠨᠥᠬᠥᠳ ᠶᠡᠬᠡ ᠬᠤᠷᠠᠯ᠎ᠤᠨ ᠡᠬᠢᠯᠡᠬᠦ ᠬᠤᠷᠠᠯ ᠪᠣᠯᠤᠨ ᠲᠡᠭᠦᠰᠭᠦ ᠬᠤᠷᠠᠯ᠎ᠳᠤ ᠣᠷᠣᠯᠴᠠᠵᠤ᠂ ᠭᠡᠱᠢᠭᠦᠳ᠎ᠢ ᠡᠷᠬᠢᠨ ᠦᠵᠡᠭ᠌ᠰᠡᠨ ᠪᠥᠭᠡᠳ ᠳᠤᠭᠤᠢᠯᠠᠩ ᠬᠠᠮᠲᠤᠷᠠᠭ᠍ᠰᠠᠨ ᠶᠠᠷᠢᠯᠴᠠᠭ᠎ᠠ᠎ᠳᠤ ᠣᠷᠣᠯᠴᠠᠵᠤ᠂ ᠭᠡᠱᠢᠭᠦᠳ᠎ᠲᠡᠶ ᠬᠠᠮᠲᠤ᠎ᠪᠠᠷ ᠤᠯᠤᠰ᠎ᠤᠨ ᠶᠡᠬᠡ ᠶᠠᠪᠤᠳᠠᠯ᠎ᠢ ᠵᠥᠪᠯᠡᠪᠡ᠃ ᠪᠦᠬᠦ᠌ ᠭᠡᠱᠢᠭᠦᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠱᠢᠬᠢ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠣᠯᠤᠭ᠍ᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠡᠭᠦᠰᠦᠭ᠌ᠰᠡᠨ ᠲᠡᠦᠬᠡᠲᠦ ᠴᠢᠨᠠᠷᠲᠠᠢ ᠬᠤᠪᠢᠰᠤᠯᠲᠠ᠎ᠶ᠋ᠢ ᠳᠡᠭᠡᠳᠦ ᠬᠡᠮᠵᠢᠶ᠎ᠡ᠎ᠪᠡᠷ ᠦᠨᠡᠯᠡᠵᠦ᠍᠂ 《ᠬᠣᠶᠠᠷ᠎ᠢ ᠲᠣᠭ᠍ᠲᠠᠭᠠᠬᠰᠠᠨ》 ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤᠭᠡᠭᠡᠨ ᠰᠠᠷᠠᠭᠤᠯ ᠢᠷᠡᠭᠡᠳᠦᠢ᠎ᠳ᠋ᠤ ᠯᠠᠪᠲᠠᠢ ᠢᠯᠠᠯᠲᠠ ᠤᠯᠬᠤ ᠢᠲᠡᠭᠡᠯ ᠵᠣᠷᠢᠭ ᠲᠡᠭᠦᠯᠳᠡᠷ ᠪᠠᠢᠨ᠎ᠠ᠃ ᠭᠡᠱᠢᠭᠦᠳ ᠶᠡᠷᠦᠩᠬᠡᠶ ᠱᠦᠵᠢ ᠰᠢ ᠵᠢᠨ ᠫᠢᠩ᠎ᠦᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠂ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠡᠲᠡᠭᠡᠳ᠎ᠦᠨ ᠭᠡᠱᠢᠭᠦᠳ᠎ᠦᠨ ᠳᠤᠭᠤᠢᠯᠠᠩ᠎ᠬᠠᠮᠲᠤᠷᠠᠭ᠍ᠰᠠᠨ ᠬᠤᠷᠠᠯ᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠣᠯᠤᠨ ᠪᠤᠰᠤᠳ ᠮᠡᠳᠡᠭᠦᠯᠦᠯᠲᠡ᠎ᠶ᠋ᠢ ᠭᠦᠨᠵᠡᠭᠡᠶ ᠶᠠᠷᠢᠯᠴᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠤᠯᠤᠰ ᠲᠥᠷᠥ᠎ᠶ᠋ᠢᠨ ᠵᠥᠪᠯᠡᠯᠭᠡᠨ᠎ᠦ ᠲᠦᠷᠢᠮ᠎ᠳᠦ ᠵᠠᠰᠠᠪᠤᠷᠢ ᠣᠷᠣᠭᠤᠯᠬᠤ ᠲᠥᠰᠦᠯ ᠵᠡᠷᠭᠡ ᠪᠢᠴᠢᠭ ᠮᠠᠲ᠋ᠧᠷᠢᠶᠠᠯ᠎ᠢ ᠨᠠᠷᠢᠨ ᠬᠢᠨᠠᠮᠠᠭᠠᠶ ᠬᠢᠨᠠᠨ ᠵᠥᠪᠯᠡᠵᠦ᠍᠂ ᠲᠥᠷᠥ᠎ᠶ᠋ᠢᠨ ᠶᠠᠪᠤᠳᠠᠯ᠎ᠢ ᠵᠥᠪᠯᠡᠭ᠌ᠰᠡᠨ ᠡᠯᠪᠡᠭ ᠦᠷ᠎ᠡ ᠪᠦᠲᠦᠭᠡᠯ ᠤᠯᠪᠠ᠃ ᠡᠨᠡ ᠪᠣᠯ ᠲᠤᠭ᠎ᠢᠶᠠᠨ ᠥᠨᠳᠥᠷ ᠮᠠᠨᠳᠤᠭᠤᠯᠤᠭ᠍ᠰᠠᠨ᠂ ᠠᠷᠠᠳᠴᠢᠯᠠᠯ ᠪᠦᠯᠬᠦᠮᠳᠡᠯ᠎ᠲᠡᠶ᠂ ᠦᠨᠡᠨ᠎ᠢ ᠪᠠᠷᠢᠮᠲᠠᠯᠠᠨ ᠡᠷᠡᠯᠬᠡᠭ᠌ᠯᠡᠨ ᠤᠷᠤᠭ᠍ᠰᠢᠯᠠᠭ᠍ᠰᠠᠨ᠂ ᠰᠤᠷᠲᠠᠯ ᠴᠢᠬᠡᠴᠢ ᠣᠪᠣᠷ ᠲᠥᠪ ᠶᠡᠬᠡ ᠬᠤᠷᠠᠯ ᠮᠥᠨ᠂ ᠮᠠᠨ᠎ᠤ ᠤᠯᠤᠰ᠎ᠤᠨ ᠪᠦᠬᠦ᠌ ᠶᠠᠪᠤᠴᠠ᠎ᠵᠢᠨ ᠠᠷᠠᠳ᠎ᠤᠨ ᠠᠷᠠᠳᠴᠢᠯᠠᠯ᠎ᠤᠨ ᠣᠨᠴᠠᠯᠢᠭ ᠳᠠᠪᠠᠭᠤᠯᠢᠭ ᠪᠠ ᠠᠮᠢᠵᠢᠷᠠᠯ᠎ᠤᠨ ᠬᠦᠴᠦᠨ᠎ᠢ ᠭᠦᠢᠴᠡᠳ ᠢᠯᠡᠷᠡᠭᠦᠯᠦᠭ᠌ᠰᠡᠨ ᠪᠠᠢᠨ᠎ᠠ᠃
ᠭᠡᠱᠢᠭᠦᠳ᠎ᠤᠨ ᠪᠢᠳᠡᠨ᠎ᠢ ᠰᠣᠩᠭᠣᠵᠥ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ᠎ᠶ᠋ᠢ ᠪᠦᠷᠢᠯᠳᠦᠭᠦᠯᠦᠭ᠌ᠰᠡᠨ᠎ᠳᠦ ᠲᠠᠯᠠᠷᠬᠠᠵᠤ ᠪᠠᠢᠨ᠎ᠠ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ ᠤ᠋ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠬᠤᠭᠤᠴᠠᠭ᠎ᠠ ᠪᠦᠷᠢ᠎ᠶ᠋ᠢᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠠᠯᠪᠢᠬᠰᠠᠨ ᠰᠠᠢ᠌ᠨ ᠰᠠᠢᠬᠠᠨ ᠰᠠᠭᠤᠷᠢᠨ ᠳᠡᠭᠡᠷ᠎ᠡ ᠠᠵᠢᠯ᠎ᠢᠶᠠᠨ ᠥᠷᠨᠢᠭᠦᠯᠬᠦ᠌ ᠪᠣᠯᠤᠨ᠎ᠠ᠃
ᠥᠩᠭᠡᠷᠡᠭ᠌ᠰᠡᠨ ᠲᠠᠪᠤᠨ ᠵᠢᠯ᠎ᠳᠦ᠂ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠬᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠪᠠᠳᠤ ᠴᠢᠩᠭ᠎ᠠ ᠤᠳᠤᠷᠢᠳᠤᠯᠭ᠎ᠠ ᠳᠣᠣᠷ᠎ᠠ᠂ ᠸᠠᠩ ᠶᠠᠩ ᠨᠥᠬᠥᠷ᠎ᠦᠨ ᠡᠷᠬᠢᠯᠡᠬᠡ ᠪᠠ ᠲᠠᠭᠠᠭᠤᠯᠭ᠎ᠠ ᠳᠣᠣᠷ᠎ᠠ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠦᠯᠬᠦᠮᠳᠡᠯ ᠪᠠ ᠠᠷᠠᠳᠴᠢᠯᠠᠯ᠎ᠤᠨ ᠬᠣᠶᠠᠷ ᠶᠡᠬᠡ ᠭᠣᠣᠯ ᠰᠡᠳᠦᠪ᠎ᠢ ᠪᠠᠲᠤ ᠡᠵᠡᠮᠳᠡᠵᠦ᠍᠂ ᠨᠠᠮ ᠪᠠ ᠤᠯᠤᠰ᠎ᠤᠨ ᠭᠣᠣᠯ ᠡᠭᠦᠷᠭᠡ᠎ᠲᠡᠶ ᠨᠢᠭ᠍ᠲᠠ ᠤᠶᠠᠯᠳᠤᠭᠤᠯᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠰᠭᠠᠢ ᠵᠥᠪᠯᠡᠬᠦ᠌ ᠪᠠᠢᠭᠤᠯᠤᠮᠵᠢ ᠪᠣᠯᠬᠤ ᠦᠢᠯᠡᠳᠦᠯ᠎ᠢ ᠭᠦᠢᠴᠡᠳ ᠪᠠᠳᠠᠷᠠᠭᠤᠯᠤᠨ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠦᠨ ᠵᠠᠯᠭᠠᠮᠵᠢᠯᠠᠬᠤ ᠳᠤᠮᠳᠠ ᠬᠥᠭ᠌ᠵᠢᠬᠦ᠌᠂ ᠬᠥᠭ᠌ᠵᠢᠬᠦ᠌ ᠳᠤᠮᠳᠠ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠴᠢᠬᠤᠯᠠ ᠬᠤᠪᠢ ᠨᠡᠮᠡᠷᠢ ᠦᠵᠡᠭᠦᠯᠦᠭ᠌ᠰᠡᠨ ᠪᠠᠢᠨ᠎ᠠ᠃ ᠪᠢᠳᠠ ᠸᠠᠩ ᠶᠠᠩ ᠨᠥᠬᠥᠷ ᠪᠣᠯᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠦᠬᠦ᠌ ᠭᠡᠱᠢᠭᠦᠳ᠎ᠲᠦ ᠡᠷᠬᠢᠮ ᠳᠡᠭᠡᠳᠦ ᠬᠦᠨᠳᠦᠳᠭᠡᠯ ᠳᠡᠪᠱᠢᠭᠦᠯᠵᠥ ᠪᠠᠢᠨ᠎ᠠ !
ᠭᠡᠱᠢᠭᠦᠳ ᠡ᠂ ᠨᠥᠬᠥᠳ ᠡ! ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠠᠤᠭ᠎ᠠ ᠲᠥᠰᠦᠪ᠎ᠢ ᠵᠢᠷᠤᠭ᠍ᠯᠠᠵᠤ᠂ ᠱᠢᠨ᠎ᠡ ᠠᠶᠠᠨ᠎ᠳᠤ ᠡᠷᠡᠮᠡᠭᠡᠢᠯᠡᠨ ᠤᠷᠤᠭ᠍ᠰᠢᠯᠠᠬᠤ ᠴᠠᠭ ᠦᠶ᠎ᠡ᠎ᠶ᠋ᠢᠨ ᠪᠦᠷᠢᠶ᠎ᠡ᠎ᠶ᠋ᠢ ᠬᠠᠩᠭᠢᠨᠠᠭᠤᠯᠪᠠ᠃ ᠱᠢᠨ᠎ᠡ ᠠᠶᠠᠨ ᠳ᠋ᠤ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠡᠭᠦᠷᠭᠡ ᠢᠷᠠᠭᠤ ᠠᠯᠳᠠᠷ ᠲᠠᠢ᠂ ᠬᠠᠷᠢᠭᠤᠴᠠᠯᠭ᠎ᠠ ᠬᠦᠨᠳᠦ ᠶᠡᠬᠡ ᠪᠠᠢᠨ᠎ᠠ᠃ ᠪᠢᠳᠡ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ 《ᠬᠣᠶᠠᠷ᠎ᠢ ᠲᠣᠭ᠍ᠲᠠᠭᠠᠬᠰᠡᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠨᠭᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠦᠷᠦ᠍᠎ᠶ᠋ᠢᠨ ᠵᠥᠪᠯᠡᠯᠭᠡ ᠬᠢᠬᠦ᠌ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠤ᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ ᠵᠢ ᠪᠠᠷᠢᠮᠳᠠᠯᠠᠵᠤ᠂ ᠭᠤᠤᠯ ᠠᠵᠢᠯ ᠶᠡᠬᠡ ᠲᠠᠯ᠎ᠠ᠎ᠲᠠᠶ ᠨᠢᠭ᠍ᠲᠠ ᠤᠶᠠᠯᠳᠤᠭᠤᠯᠤᠨ ᠡᠭᠦᠷᠭᠡ ᠴᠢᠳᠠᠪᠤᠷᠢ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠤ᠂ ᠢᠳᠡᠪᠬᠢᠲᠡᠶ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠲᠤᠬᠠᠢ ᠱᠠᠭᠠᠷᠳᠠᠯᠭ᠎ᠠ᠎ᠶ᠋ᠢ ᠨᠡᠩ ᠰᠠᠢᠲᠤᠷ ᠨᠠᠢᠳᠠᠪᠤᠷᠢᠵᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠢᠳᠡᠪᠬᠢᠲᠡᠢ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃
— ᠪᠢᠳᠡ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠦᠨ ᠬᠥᠭ᠌ᠵᠢᠯᠲᠡ᠎ᠶ᠋ᠢᠨ ᠤᠯᠤᠰ ᠲᠦᠷᠦ᠍᠎ᠶ᠋ᠢᠨ ᠵᠥᠪ ᠴᠢᠭ᠌ᠯᠡᠯ᠎ᠢ ᠦᠨᠡᠨ ᠬᠦ᠌ ᠪᠠᠲᠤᠯᠠᠬᠤ ᠬᠡᠷᠡᠭ᠌ᠲᠡᠢ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭ᠌ᠰᠡᠨ ᠴᠢᠬᠤᠯᠠ ᠶᠡᠬᠡ ᠤᠨᠤᠯ᠎ᠤᠨ ᠱᠢᠨ᠎ᠡ ᠡᠭᠦᠳᠦᠯᠲᠡ᠎ᠶ᠋ᠢᠨ ᠦᠷ᠎ᠡ ᠪᠦᠲᠦᠭᠡᠯ ᠮᠥᠨ᠂ ᠨᠠᠮ ᠪᠠ ᠤᠯᠤᠰ᠎ᠤᠨ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭ᠌ᠲᠡᠢ ᠵᠢᠯᠣᠭᠣᠳᠭᠤ ᠦᠵᠡᠯ ᠰᠠᠨᠠᠭ᠎ᠠ ᠮᠥᠨ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠶᠡᠷᠦᠩᠬᠡᠢᠯᠡᠨ ᠵᠢᠯᠣᠭᠣᠳᠭᠤ ᠶᠡᠷᠦᠩᠬᠡᠢ ᠬᠥᠲᠥᠯᠪᠦᠷᠢ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠰᠠᠢᠳᠤᠷ ᠣᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠢ ᠬᠢᠬᠦ ᠳᠡᠭᠡᠷ᠎ᠡ ᠬᠦᠴᠦ᠍ ᠲᠠᠯᠪᠢᠵᠤ᠂ ᠡᠨᠡ ᠬᠦ᠌ ᠴᠢᠬᠤᠯᠠ ᠦᠵᠡᠯ ᠰᠠᠨᠠᠭᠠᠨ᠎ᠤ ᠶᠢᠷᠲᠢᠨᠴᠦ᠍᠎ᠶ᠋ᠢᠨ ᠦᠵᠡᠯᠲᠡ ᠪᠠ ᠠᠷᠭ᠎ᠠ᠎ᠶ᠋ᠢᠨ ᠤᠨᠤᠯ᠎ᠢ ᠭᠦᠨᠵᠡᠭᠡᠢ ᠡᠵᠡᠮᠱᠢᠵᠦ᠍᠂ ᠲᠡᠭᠦᠨ᠎ᠳᠦ ᠲᠤᠭᠤᠱᠢᠯᠠᠭ᠍ᠳᠠᠵᠤ ᠪᠠᠢᠭ᠎ᠠ ᠵᠣᠭ᠍ᠰᠣᠯᠲᠠ ᠦᠵᠡᠯᠲᠡ ᠠᠷᠭ᠎ᠠ᠎ᠶ᠋ᠢ ᠰᠠᠢᠲᠤᠷ ᠪᠠᠷᠢᠮᠲᠠᠯᠠᠨ ᠰᠠᠢᠲᠤᠷ ᠬᠡᠷᠡᠭ᠌ᠯᠡᠵᠦ᠍᠂ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠬᠦ᠌ ᠬᠡᠷᠡᠭ᠌ᠲᠡᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠪᠣᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠦᠨ ᠬᠥᠭ᠌ᠵᠢᠯᠲᠡ ᠳᠠᠪᠱᠢᠯᠲᠠ᠎ᠶ᠋ᠢᠨ ᠦᠨᠳᠦᠰᠦᠨ ᠪᠠᠲᠤᠯᠠᠭ᠎ᠠ ᠮᠥᠨ ᠭᠡᠳᠡᠭ᠎ᠢ ᠭᠦᠨᠵᠡᠭᠡᠢ ᠲᠠᠨᠢᠵᠤ᠂ ᠡᠯ᠎ᠡ ᠨᠠᠮ ᠪᠦᠯᠦᠭ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ᠎ᠢ ᠬᠦᠲᠦᠯᠦᠨ ᠵᠢᠯᠣᠭᠣᠳᠴᠤ᠌ ᠬᠠᠮᠲᠤᠷᠠᠨ ᠠᠵᠢᠯᠯᠠᠬᠤ ᠤᠭ ᠰᠠᠨᠠᠭ᠎ᠠ᠎ᠵᠢ ᠦᠯᠦ᠍ ᠮᠠᠷᠲᠠᠭᠤᠯᠤᠨ᠂ ᠦᠷᠭᠦᠯᠵᠢᠯᠡᠨ ᠭᠠᠷ ᠬᠣᠯᠪᠣᠨ ᠤᠷᠤᠭ᠍ᠰᠢᠯᠠᠭᠤᠯᠵᠤ᠂ ᠤᠯᠤᠰ ᠲᠦᠷᠦ᠍᠎ᠶ᠋ᠢᠨ ᠵᠣᠭ᠍ᠰᠣᠯᠲᠠ᠂ ᠤᠯᠤᠰ ᠲᠦᠷᠦ᠍᠎ᠶ᠋ᠢᠨ ᠴᠢᠭ᠌ᠯᠡᠯ᠂ ᠤᠯᠤᠰ ᠲᠦᠷᠦ᠍᠎ᠶ᠋ᠢᠨ ᠵᠠᠷᠴᠢᠮ᠂ ᠤᠯᠤᠰ ᠲᠦᠷᠦ᠍᠎ᠶ᠋ᠢᠨ ᠵᠠᠮ ᠳᠡᠭᠡᠷ᠎ᠡ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠬᠰᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠲᠥᠪ᠎ᠦᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠡᠨ ᠬᠦ᠌ ᠨᠠᠢᠳᠠᠪᠤᠷᠢᠵᠢᠭᠤᠯᠤᠨ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨᠵᠢ ᠴᠢᠨᠠᠷ᠂ ᠪᠠᠢᠷᠢ ᠰᠠᠭᠤᠷᠢ᠂ ᠡᠭᠦᠷᠭᠡ ᠴᠢᠳᠠᠪᠤᠷᠢ᠂ ᠦᠢᠯᠡᠳᠦᠯ᠎ᠢ ᠣᠨᠣᠪᠴᠢᠲᠠᠢ ᠡᠵᠡᠮᠳᠡᠵᠦ᠍᠂ ᠦᠨᠳᠦᠰᠦᠨ ᠬᠠᠤᠯᠢ ᠬᠠᠤᠯᠢ ᠴᠠᠭᠠᠵᠠ ᠪᠠ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠨ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠲᠡᠢ᠃
— ᠪᠢᠳᠡ ᠤᠬᠠᠮᠰᠠᠷ᠎ᠡᠴᠡ᠎ᠪᠠᠨ ᠭᠤᠤᠯ ᠠᠵᠢᠯ᠎ᠤᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ ᠵᠥᠪᠯᠡᠯᠭᠡ ᠬᠢᠵᠦ᠍ ᠰᠠᠨᠠᠯ ᠰᠠᠨᠠᠭᠤᠯᠭ᠎ᠠ ᠳᠤᠷᠠᠳᠭᠤ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠨᠠᠮ ᠪᠣᠯᠤᠨ ᠤᠯᠤᠰ᠎ᠤᠨ ᠭᠣᠣᠯ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠬᠡᠬᠦᠳᠡᠭ ᠴᠡᠭᠡᠵᠢᠨ᠎ᠳᠡᠭᠡᠨ ᠶᠡᠬᠡ ᠲᠠᠯ᠎ᠠ᠎ᠶ᠋ᠢ ᠪᠠᠭ᠍ᠲᠠᠭᠠᠵᠤ᠂ ᠶᠡᠬᠡ ᠬᠠᠨᠳᠤᠰᠢ᠎ᠶ᠋ᠢ ᠡᠵᠡᠮᠳᠡᠵᠦ᠂ ᠶᠡᠬᠡ ᠶᠠᠪᠤᠳᠠᠯ᠎ᠢ ᠪᠣᠳᠣᠯᠬᠢᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠶᠠᠪᠤᠳᠠᠯ᠎ᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢᠨ ᠬᠦᠴᠦᠯᠡᠬᠦ᠌ ᠭᠣᠣᠯᠳᠠᠯᠭ᠎ᠠ ᠪᠣᠯᠭᠠᠵᠤ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠶ ᠪᠠᠢᠷᠢᠯᠠᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠬᠤ᠂ 《ᠳᠥᠷᠪᠡᠨ ᠪᠥᠬᠥ᠌ ᠲᠠᠯ᠎ᠠ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠵᠣᠬᠢᠴᠠᠩᠭᠤᠶ ᠠᠬᠢᠭᠤᠯᠬᠤ ᠵᠡᠷᠭᠡ ᠴᠢᠬᠤᠯᠠ ᠶᠡᠬᠡ ᠠᠰᠠᠭᠤᠳᠠᠯ ᠲᠠᠶ ᠨᠢᠭ᠍ᠲᠠ ᠤᠶᠠᠯᠳᠤᠭᠤᠯᠵᠤ᠂ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ ᠪᠠ ᠪᠣᠳᠠᠲᠤ ᠠᠩᠬᠠᠷᠤᠯ᠎ᠲᠠᠶ ᠨᠢᠭ᠍ᠲᠠ ᠤᠶᠠᠯᠳᠤᠭᠤᠯᠬᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠯᠠᠪᠳᠠᠭᠤᠨ ᠪᠠᠲᠤᠲᠠᠶ ᠪᠠᠢᠴᠠᠭᠠᠨ ᠰᠤᠳᠤᠯᠤᠯᠲᠠ ᠬᠢᠵᠦ᠂ ᠭᠦᠨᠵᠡᠭᠡᠶ ᠵᠥᠪᠯᠡᠯᠭᠡ ᠬᠢᠵᠦ ᠲᠦᠷᠦ ᠵᠢᠨ ᠶᠠᠪᠤᠳᠠᠯ᠎ᠢ ᠵᠥᠪᠯᠡᠵᠦ᠂ ᠵᠥᠪᠯᠡᠬᠦ᠌ ᠮᠠᠶᠢᠭ᠎ᠤᠨ ᠬᠢᠨᠠᠯᠲᠠ᠎ᠶ᠋ᠢᠨ ᠣᠨᠴᠠᠯᠢᠭ᠎ᠢ ᠡᠵᠡᠮᠳᠡᠨ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠢ ᠥᠷᠨᠢᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠵᠥᠪᠱᠢᠶᠡᠷᠡᠭ᠌ᠰᠡᠨ ᠣᠨ᠎ᠤ ᠵᠦᠪᠯᠡᠯᠭᠡ ᠬᠢᠬᠦ ᠲᠥᠯᠥᠪᠯᠡᠭᠡ᠎ᠶ᠋ᠢ ᠰᠠᠢᠲᠤᠷ ᠨᠠᠢᠳᠠᠪᠤᠷᠢᠵᠢᠭᠤᠯᠵᠤ᠂ ᠱᠢᠨᠵᠢᠯᠡᠬᠦ᠌ ᠤᠬᠠᠭᠠᠨᠴᠢ ᠠᠷᠠᠳᠴᠢᠯᠠᠯ᠎ᠢᠶᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠎ᠳᠤ ᠨᠠᠩ ᠰᠠᠢᠲᠤᠷ ᠦᠶ᠋ᠯᠡᠴᠢᠯᠡᠵᠦ᠂ ᠱᠢᠢᠳᠪᠦᠷᠢᠲᠦ ᠪᠤᠳᠤᠯᠭ᠎ᠠ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭᠳᠡᠢ᠃ ᠵᠥᠪᠯᠡᠯᠭᠡ ᠬᠢᠬᠦ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠳᠦᠷᠢᠮᠵᠢᠭᠰᠡᠨ᠂ ᠵᠢᠷᠤᠮᠵᠢᠭᠰᠠᠨ᠂ ᠲᠡᠰ ᠲᠠᠷᠠᠭᠠᠯᠠᠯᠵᠢᠭᠰᠠᠨ ᠵᠡᠷᠭᠡ ᠴᠢᠳᠠᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠨᠡᠢᠭᠡᠮ ᠵᠢᠷᠤᠮ᠎ᠤᠨ ᠵᠥᠪᠯᠡᠬᠦ᠌ ᠠᠷᠠᠳᠴᠢᠯᠠᠯ᠎ᠤᠨ ᠦᠢᠯᠡᠳᠦᠯᠭᠡ᠎ᠶ᠋ᠢ ᠲᠠᠰᠤᠷᠠᠯᠳᠠ ᠦᠭᠡᠢ ᠪᠠᠶᠠᠯᠢᠭ᠍ᠵᠢᠭᠤᠯᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ᠌᠎ᠶ᠋ᠢ ᠠᠬᠢᠭᠤᠯᠬᠤ ᠬᠡᠷᠡᠭ᠌ᠲᠡᠢ᠃
— ᠪᠢᠳᠡ ᠢᠮᠠᠭ᠍ᠲᠠ ᠶᠡᠬᠡ ᠪᠦᠯᠬᠦᠮᠳᠡᠯ ᠶᠡᠬᠡ ᠬᠣᠯᠪᠣᠭᠠᠯᠠᠯ᠎ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ᠂ ᠪᠦᠯᠬᠦᠮᠳᠡᠯ ᠪᠣᠯ ᠬᠦᠴᠦᠨ ᠮᠥᠨ᠂ ᠪᠦᠯᠬᠦᠮᠳᠡᠪᠡᠯ ᠰᠠᠶᠢ ᠢᠯᠠᠯᠲᠠ ᠣᠯᠵᠤ ᠴᠢᠳᠠᠨ᠎ᠠ ᠭᠡᠵᠦ᠍ ᠵᠢᠭᠠᠵᠤ ᠭᠠᠷᠭᠠᠪᠠ᠃ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠬᠦᠰᠡᠯ ᠵᠡᠭᠦᠳᠦ᠍᠎ᠶ᠋ᠢ ᠪᠡᠶᠡᠯᠡᠭᠦᠯᠬᠦ᠌᠎ᠳᠦ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ ᠬᠠᠮᠲᠤ᠎ᠪᠠᠷ ᠲᠡᠮᠡᠴᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠮᠠᠨ᠎ᠤ ᠤᠯᠤᠰ ᠶᠠᠭ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠴᠠᠭ ᠦᠶ᠎ᠡ᠎ᠳᠦ ᠣᠷᠣᠱᠢᠵᠤ᠂ ᠳᠡᠯᠡᠬᠡᠢ ᠳ᠋ᠠᠬᠢᠨ᠎ᠤ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠰᠴᠦ᠍᠂ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠵᠤ᠂ ᠪᠦᠯᠬᠦᠮᠳᠡᠯ᠎ᠢᠶᠡᠨ ᠴᠢᠩᠭᠠᠳᠭᠠᠬᠤ᠎ᠶ᠋ᠢ ᠨᠡᠩ ᠱᠠᠭᠠᠷᠳᠠᠵᠤ ᠪᠠᠢᠨ᠎ᠠ᠃ ᠪᠦᠯᠬᠦᠮᠳᠡᠯ᠎ᠢ ᠡᠷᠬᠢᠮᠯᠡᠵᠦ᠍᠂ ᠪᠦᠯᠬᠦᠮᠳᠡᠯ᠎ᠢ ᠴᠢᠬᠤᠯᠠᠴᠢᠯᠠᠬᠤ ᠪᠣᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠯᠢᠳᠡᠭ ᠤᠯᠠᠮᠵᠢᠯᠠᠯ ᠪᠠ ᠤᠯᠤᠰ ᠲᠦᠷᠦ᠍᠎ᠶ᠋ᠢᠨ ᠬᠠᠷᠢᠭᠤᠴᠠᠯᠭ᠎ᠠ ᠮᠥᠨ᠃ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠣᠭᠣᠳᠤᠮᠵᠢ᠎ᠶ᠋ᠢ ᠴᠢᠩᠭᠠᠳᠭᠠᠬᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠬᠤ᠎ᠶ᠋ᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠵᠢᠯ᠎ᠤᠨ ᠭᠣᠣᠯ ᠭᠣᠭ᠍ᠴᠣᠭ᠎ᠠ ᠪᠣᠯᠭᠠᠵᠤ᠂ ᠤᠯᠤᠰ ᠲᠦᠷᠦ᠍᠎ᠶ᠋ᠢᠨ ᠵᠥᠪᠯᠡᠯᠭᠡ ᠬᠢᠬᠦ᠌᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠲᠦᠷᠦ᠍᠎ᠶ᠋ᠢᠨ ᠶᠠᠪᠤᠳᠠᠯ᠎ᠳᠤ ᠣᠷᠣᠯᠴᠠᠨ ᠲᠦᠷᠦ᠍᠎ᠶ᠋ᠢᠨ ᠶᠠᠪᠤᠳᠠᠯ᠎ᠢ ᠵᠥᠪᠯᠡᠬᠦ᠌ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠦᠨᠡᠨᠴᠢ ᠭᠦᠨᠵᠡᠭᠡᠢ ᠵᠥᠪᠯᠡᠬᠦ᠌ ᠳᠤᠮᠳᠠ ᠬᠠᠮᠲᠤ᠎ᠶ᠋ᠢᠨ ᠲᠠᠨᠢᠯᠲᠠ᠎ᠪᠠᠨ ᠨᠡᠮᠡᠭ᠌ᠳᠡᠭᠦᠯᠵᠦ᠍᠂ ᠪᠦᠯᠬᠦᠮᠳᠡᠯ᠎ᠢᠶᠡᠨ ᠴᠢᠩᠭᠠᠳᠭᠠᠵᠤ᠂ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌ ᠬᠡᠷᠡᠭ᠌ᠲᠡᠢ᠃ ᠡᠯ᠎ᠡ ᠡᠲᠡᠭᠡᠳ᠎ᠦᠨ ᠣᠯᠠᠨ ᠲᠦᠮᠡᠨ᠎ᠲᠡᠶ ᠥᠷᠭᠡᠨ᠎ᠢᠶᠡᠷ ᠬᠠᠷᠢᠯᠴᠠᠬᠤ ᠪᠠ ᠲᠡᠳᠡᠨ᠎ᠢ ᠳᠠᠢᠴᠢᠯᠠᠵᠤ᠂ ᠨᠠᠮ ᠪᠠ ᠵᠠᠰᠠᠭ᠎ᠤᠨ ᠣᠷᠳᠣᠨ᠎ᠢ ᠬᠠᠮᠵᠢᠨ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠬᠤ᠂ ᠬᠠᠷᠢᠴᠠᠭ᠎ᠠ᠎ᠶ᠋ᠢ ᠵᠣᠬᠢᠴᠠᠭᠤᠯᠬᠤ᠂ ᠤᠷᠮ᠎ᠠ ᠰᠡᠳᠭᠢᠯᠭᠡ᠎ᠶ᠋ᠢ ᠱᠢᠯᠤᠭᠤᠳᠭᠠᠬᠤ᠂ ᠵᠥᠷᠢᠴᠡᠯ᠎ᠢ ᠠᠷᠢᠯᠭᠠᠬᠤ᠂ ᠢᠲᠡᠭᠡᠯ ᠵᠣᠷᠢᠭ᠎ᠢᠶᠠᠨ ᠪᠠᠲᠤᠳᠭᠠᠬᠤ ᠠᠵᠢᠯ᠎ᠢ ᠰᠠᠢᠲᠤᠷ ᠬᠢᠵᠦ᠍᠂ ᠢᠳᠡᠪᠬᠢ ᠬᠦᠴᠦᠨ᠎ᠢ ᠬᠤᠷᠠᠮᠳᠤᠭᠤᠯᠤᠨ᠂ ᠴᠣᠭ ᠰᠦᠯᠳᠡ᠎ᠪᠡᠨ ᠪᠠᠳᠠᠷᠠᠭᠤᠯᠬᠤ ᠬᠡᠷᠡᠭ᠌ᠲᠡᠶ᠃ ᠡᠯ᠎ᠡ ᠨᠠᠮ ᠪᠦᠯᠦᠭ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ᠎ᠲᠡᠶ ᠨᠡᠩ ᠰᠠᠢᠲᠤᠷ ᠬᠠᠷᠢᠯᠴᠠᠨ ᠦᠢᠯᠡᠴᠢᠯᠡᠵᠦ᠍᠂ ᠤᠯᠤᠰ ᠲᠦᠷᠦ᠍᠎ᠶ᠋ᠢᠨ ᠲᠠᠯ᠎ᠠ᠎ᠪᠠᠷ ᠬᠠᠯᠠᠮᠵᠢᠯᠠᠵᠤ᠂ ᠦᠵᠡᠯ ᠰᠠᠨᠠᠭᠠᠨ᠎ᠤ ᠲᠠᠯ᠎ᠠ᠎ᠪᠠᠷ ᠰᠣᠯᠢᠯᠴᠠᠵᠤ᠂ ᠬᠠᠢᠷ᠎ᠠ ᠰᠡᠳᠭᠢᠯᠭᠡ᠎ᠶ᠋ᠢᠨ ᠲᠠᠯ᠎ᠠ᠎ᠪᠠᠷ ᠰᠡᠳᠭᠢᠯ᠎ᠢᠶᠡᠨ ᠮᠡᠳᠡᠯᠴᠡᠵᠦ᠍᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠢ᠃
ᠭᠡᠱᠢᠭᠦᠳ ᠡ᠂ ᠨᠥᠬᠥᠳ ᠡ! ᠶᠡᠷᠦᠩᠬᠡᠢ ᠱᠦᠵᠢ ᠰᠢ ᠵᠢᠨ ᠫᠢᠩ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠡᠯ᠎ᠡ ᠨᠠᠮ ᠪᠦᠯᠦᠭ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠲᠥᠯᠥᠭᠡᠯᠡᠭ᠌ᠴᠢ ᠬᠥᠮᠦᠰ ᠪᠣᠯᠤᠭ᠍ᠰᠠᠨ᠎ᠤ ᠬᠤᠪᠢ᠎ᠳᠤ᠂ ᠡᠯ᠎ᠡ ᠲᠠᠯ᠎ᠠ᠎ᠶ᠋ᠢᠨ ᠬᠢᠨ᠎ᠤ ᠲᠥᠪ ᠬᠢᠴᠢᠶᠡᠩᠭᠦᠢ ᠵᠥᠪᠳᠡᠯᠴᠡᠭᠡ ᠪᠡᠷ ᠪᠤᠢ ᠪᠤᠯᠵᠤ᠂ ᠡᠯ᠎ᠡ ᠡᠲᠡᠭᠡᠳ᠎ᠦᠨ ᠤᠯᠠᠨ ᠲᠦᠮᠡᠨ᠎ᠢ ᠲᠥᠯᠥᠭᠡᠯᠡᠨ ᠤᠯᠤᠰ᠎ᠤᠨ ᠶᠡᠬᠡ ᠶᠠᠪᠤᠳᠠᠯ᠎ᠳᠤ ᠣᠷᠣᠯᠴᠠᠨ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠣᠯ ᠢᠷᠠᠭᠤ ᠠᠯᠳᠠᠷ ᠮᠥᠨ᠂ ᠨᠡᠩ ᠴᠤ᠌ ᠬᠠᠷᠢᠭᠤᠴᠠᠯᠭ᠎ᠠ ᠮᠥᠨ ᠭᠡᠵᠦ᠍ ᠴᠢᠬᠤᠯᠠᠴᠢᠯᠠᠭ᠍ᠰᠠᠨ ᠪᠥᠭᠡᠳ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠲᠦ 《ᠤᠯᠤᠰ ᠲᠦᠷᠦ᠍᠎ᠶ᠋ᠢᠨ ᠵᠥᠪᠯᠡᠯᠭᠡᠨ᠎ᠢ ᠣᠢᠯᠠᠭᠠᠬᠤ᠂ ᠵᠥᠪᠯᠡᠯᠭᠡ ᠬᠢᠵᠦ᠍ ᠴᠢᠳᠠᠬᠤ᠂ ᠲᠦᠷᠦ᠍᠎ᠶ᠋ᠢᠨ ᠶᠠᠪᠤᠳᠠᠯ᠎ᠢ ᠵᠥᠪᠯᠡᠬᠦ᠌᠎ᠳᠡᠭᠡᠨ ᠴᠢᠳᠠᠮᠠᠭᠠᠢ᠂ ᠰᠠᠬᠢᠯᠭ᠎ᠠ ᠪᠠᠲᠤ᠎ᠶ᠋ᠢ ᠰᠠᠬᠢᠬᠤ᠂ ᠶᠣᠰᠣ ᠲᠦᠷᠢᠮ᠎ᠢ ᠡᠷᠬᠢᠮᠯᠡᠬᠦ᠌᠂ ᠵᠠᠩ ᠰᠤᠷᠲᠠᠯ᠎ᠢ ᠴᠢᠬᠤᠯᠠᠴᠢᠯᠠᠬᠤ》 ᠴᠢᠬᠤᠯᠠ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃ ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠰᠤᠷᠭᠠᠯ᠎ᠢ ᠪᠠᠲᠤ ᠴᠡᠭᠡᠵᠢᠯᠡᠵᠦ᠍᠂ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠠᠵᠢᠯ ᠦᠢᠯᠡᠰ᠎ᠢᠶᠡᠨ ᠰᠡᠳᠭᠢᠯ᠎ᠳᠡᠭᠡᠨ ᠪᠤᠳᠤᠵᠤ᠂ ᠬᠠᠷᠢᠭᠤᠴᠠᠯᠭ᠎ᠠ᠎ᠪᠠᠨ ᠮᠦᠷᠦᠨ ᠳᠡᠭᠡᠨ ᠡᠭᠦᠷᠭᠡᠯᠡᠵᠦ᠍᠂ ᠨᠡᠩ ᠢᠯᠡᠭᠦᠦ ᠬᠦᠴᠦᠯᠡᠨ ᠴᠢᠷᠮᠠᠢᠵᠤ ᠵᠢᠳᠬᠦᠯ ᠴᠢᠷᠮᠠᠢᠯᠭ᠎ᠠ ᠭᠠᠷᠭᠠᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠤᠯᠤᠰ᠎ᠲᠠᠭᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠠᠷᠠᠳ ᠲᠦᠮᠡᠨ᠎ᠤ ᠲᠥᠯᠥᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠡᠷᠡᠭ᠌ᠲᠡᠢ᠃ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠪᠠᠨ ᠪᠦᠬᠦ᠌ ᠲᠠᠯ᠎ᠠ᠎ᠪᠠᠷ ᠴᠢᠩᠭᠠᠳᠭᠠᠵᠤ᠂ ᠴᠢᠳᠠᠮᠠᠭᠠᠢ᠎ᠪᠠᠷ ᠰᠤᠷᠤᠯᠴᠠᠵᠤ᠂ ᠵᠣᠷᠢᠭ᠍ᠲᠠᠢ᠎ᠪᠠᠷ ᠱᠢᠨ᠎ᠡ᠎ᠶ᠋ᠢ ᠡᠭᠦᠳᠴᠦ᠍᠂ ᠤᠯᠤᠰ ᠲᠦᠷᠦ᠍᠎ᠶ᠋ᠢᠨ ᠡᠵᠡᠮᠳᠡᠬᠦ᠌ ᠴᠢᠳᠠᠪᠤᠷᠢ᠂ ᠪᠠᠢᠴᠠᠭᠠᠨ ᠰᠤᠳᠤᠯᠬᠤ ᠴᠢᠳᠠᠪᠤᠷᠢ᠂ ᠤᠯᠠᠨ ᠲᠦᠮᠡᠨ᠎ᠲᠡᠶ ᠬᠠᠷᠢᠯᠴᠠᠬᠤ ᠴᠢᠳᠠᠪᠤᠷᠢ᠂ ᠬᠠᠮᠲᠤᠷᠠᠨ ᠠᠵᠢᠯᠯᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠲᠡᠮᠡᠴᠡᠯ᠎ᠦᠨ ᠴᠢᠳᠠᠪᠤᠷᠢ᠎ᠪᠠᠨ ᠨᠡᠮᠡᠭ᠌ᠳᠡᠭᠦᠯᠵᠦ᠍᠂ ᠵᠥᠪ ᠪᠤᠷᠤᠭᠤ᠎ᠶ᠋ᠢᠨ ᠠᠰᠠᠭᠤᠳᠠᠯ ᠳᠡᠭᠡᠷ᠎ᠡ ᠵᠣᠭ᠍ᠰᠣᠯᠲᠠ ᠪᠠᠲᠤ᠂ ᠲᠤᠭ ᠲᠡᠮᠳᠡᠭ ᠲᠣᠳᠣᠷᠬᠠᠢ ᠪᠠᠢᠵᠤ᠂ ᠵᠠᠷᠴᠢᠮ᠎ᠤᠨ ᠠᠰᠠᠭᠤᠳᠠᠯ ᠳᠡᠭᠡᠷ᠎ᠡ ᠵᠣᠷᠢᠭ᠍ᠲᠠᠢ᠎ᠪᠠᠷ ᠶᠠᠷᠢᠵᠤ᠂ ᠴᠢᠳᠠᠮᠠᠭᠠᠢ᠎ᠪᠠᠷ ᠶᠠᠷᠢᠵᠤ᠂ ᠡᠩ᠎ᠦᠨ ᠦᠶ᠎ᠡ᠎ᠳᠦ ᠦᠵᠡᠵᠦ᠍ ᠭᠠᠷᠬᠤ᠂ ᠵᠠᠩᠭᠢᠯᠠᠭ᠎ᠠ᠎ᠶ᠋ᠢᠨ ᠦᠶ᠎ᠡ᠎ᠳᠦ ᠦᠢᠯᠡᠳᠦᠯ ᠦᠵᠡᠭᠦᠯᠬᠦ᠌᠎ᠶ᠋ᠢ ᠪᠡᠶᠡᠯᠡᠭᠦᠯᠬᠦ᠌ ᠬᠡᠷᠡᠭ᠌ᠲᠡᠢ᠃ ᠦᠨᠳᠦᠰᠦᠨ ᠬᠠᠤᠯᠢ ᠬᠠᠤᠯᠢ ᠴᠠᠭᠠᠵᠠ ᠪᠣᠯᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠢ ᠤᠬᠠᠮᠰᠠᠷ᠎ᠡᠴᠡ᠎ᠪᠠᠨ ᠵᠢᠷᠤᠮᠯᠠᠵᠤ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠢᠳᠡᠪᠬᠢᠲᠡᠢ ᠦᠢᠯᠡᠳᠦᠯᠭᠡᠵᠢᠭᠦᠯᠵᠦ᠍᠂ ᠠᠷᠢᠭᠤᠨ ᠴᠢᠬᠡᠴᠢ᠎ᠪᠡᠷ ᠪᠡᠶ᠎ᠡ᠎ᠪᠡᠨ ᠴᠢᠩᠭ᠎ᠠ ᠱᠠᠭᠠᠷᠳᠠᠵᠤ᠂ ᠶᠣᠰᠣ ᠰᠤᠷᠲᠠᠬᠤᠨ ᠵᠠᠩ ᠰᠤᠷᠲᠠᠯ᠎ᠢᠶᠠᠨ ᠬᠥᠮᠦᠵᠢᠭᠦᠯᠵᠦ᠍᠂ ᠱᠢᠯᠢᠳᠡᠭ ᠰᠤᠷᠲᠠᠯ᠎ᠢᠶᠠᠨ ᠪᠠᠳᠠᠷᠠᠭᠤᠯᠬᠤ ᠬᠡᠷᠡᠭ᠌ᠲᠡᠢ᠃ ᠭᠡᠱᠢᠭᠦᠳ᠎ᠦᠨ ᠲᠤᠱᠢᠶᠠᠯ᠎ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠦ ᠨᠥᠬᠥᠴᠡᠯ ᠪᠦᠷᠢᠯᠳᠦᠭᠦᠯᠦᠨ ᠥᠭ᠌ᠴᠦ᠂ ᠰᠠᠢᠲᠤᠷ ᠦᠢᠯᠡᠴᠢᠯᠡᠵᠦ᠍᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠳᠠᠬᠢ ᠥᠷᠭᠡᠨ ᠤᠯᠠᠨ ᠭᠡᠱᠢᠭᠦᠳ᠎ᠦᠨ ᠭᠤᠤᠯ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠬᠤ ᠬᠡᠷᠡᠭ᠌ᠲᠡᠢ᠃
ᠭᠡᠱᠢᠭᠦᠳ ᠡ᠂ ᠨᠥᠬᠥᠳ ᠡ! ᠪᠢᠳᠡ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠤᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠨᠢᠭᠡ ᠰᠡᠳᠭᠢᠯ ᠨᠢᠭᠡ ᠵᠣᠷᠢᠭ᠎ᠢᠶᠠᠷ᠂ ᠤᠯᠠᠨ᠎ᠤ ᠤᠬᠠᠭᠠᠨ ᠬᠠᠮᠲᠤ᠎ᠶ᠋ᠢᠨ ᠬᠦᠴᠦᠨ᠎ᠢᠶᠡᠷ ᠢᠲᠡᠭᠡᠯ ᠵᠣᠷᠢᠭ᠎ᠢᠶᠠᠨ ᠪᠠᠲᠤᠳᠭᠠᠨ᠂ ᠵᠤᠷᠢᠭᠲᠠᠢ ᠤᠷᠤᠭ᠍ᠰᠢᠯᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ!
(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃