2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-13 09:11:02

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ 12 ᠤ᠋ᠨ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠠᠪᠤᠳᠤᠭᠠᠷ ᠪᠦᠬᠦᠳᠡ ᠬᠤᠷᠠᠯ ᠬᠢᠵᠦ᠍᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠤᠰᠤᠳ ᠪᠦᠷᠢᠯᠳᠦᠬᠦᠨ᠎ᠢ ᠲᠣᠭ᠍ᠲᠠᠭᠠᠪᠠ᠃ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠬᠣᠶᠠᠳᠤᠭᠠᠷ ᠲᠣᠭᠠᠲᠤ ᠲᠡᠷᠢᠭᠦᠯᠡᠭ᠌ᠴᠢ᠎ᠶ᠋ᠢᠨ ᠵᠠᠷᠯᠢᠭ᠎ᠲᠤ ᠭᠠᠷ᠎ᠤᠨ ᠦᠰᠦᠭ ᠵᠢᠷᠤᠵᠤ᠂ ᠶᠡᠬᠡ ᠬᠤᠷᠠᠯ᠎ᠤᠨ ᠲᠣᠭ᠍ᠲᠠᠭᠠᠯ᠎ᠢ ᠦᠨᠳᠦᠰᠦᠯᠡᠨ᠂ ᠡᠨᠡ ᠤᠳᠠᠭ᠎ᠠ᠎ᠶ᠋ᠢᠨ ᠶᠡᠬᠡ ᠬᠤᠷᠠᠯ ᠡᠴᠡ ᠪᠠᠲᠤᠯᠠᠭ᠍ᠰᠠᠨ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠤᠰᠤᠳ ᠪᠦᠷᠢᠯᠳᠦᠬᠦᠨ᠎ᠢ ᠲᠤᠱᠢᠶᠠᠯ᠎ᠳᠤ ᠲᠣᠮᠢᠯᠠᠪᠠ᠃

ᠬᠤᠷᠠᠯ ᠡᠴᠡ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢ ᠰᠠᠢᠳ ᠯᠢ ᠴᠢᠶᠠᠩ᠎ᠤᠨ ᠨᠡᠷ᠎ᠡ ᠳᠤᠷᠠᠳᠤᠯᠭ᠎ᠠ᠎ᠶ᠋ᠢ ᠦᠨᠳᠦᠰᠦᠯᠡᠵᠦ᠍᠂ ᠪᠢᠯᠧᠲ ᠥᠭ᠌ᠴᠤ ᠪᠠᠳᠤᠯᠠᠬᠤ᠎ᠪᠡᠷ ᠳᠠᠮᠵᠢᠨ᠂ ᠳ᠋ᠢᠩ ᠱᠢᠤᠸᠠᠢ ᠱᠢᠶᠠᠩ᠂ ᠾᠧ ᠯᠢ ᠹᠸᠩ᠂ ᠵᠠᠩ ᠭᠦᠸᠧ ᠴᠢᠩ᠂ ᠯᠢᠦ ᠭᠦᠸᠧ ᠵᠦᠩ᠎ᠢ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢᠳ᠂ ᠯᠢ ᠱᠠᠩ ᠹᠦ᠋᠂ ᠸᠠᠩ ᠱᠢᠶᠤᠤ ᠬᠣᠩ᠂ ᠡᠤ᠌ ᠵᠧᠩ ᠯᠦᠩ᠂ ᠱᠸᠨ ᠢ ᠴᠢᠨ᠂ ᠴᠢᠨ ᠭᠠᠩ᠎ᠢ ᠲᠦᠷᠦ᠍᠎ᠶ᠋ᠢᠨ ᠶᠠᠪᠤᠳᠠᠯ᠎ᠤᠨ ᠭᠡᠱᠢᠭᠦᠨ᠎ᠢᠶᠡᠷ ᠲᠣᠭ᠍ᠲᠠᠭᠠᠪᠠ᠃

ᠰᠢ ᠵᠢᠨ ᠫᠢᠩ᠂ ᠯᠢ ᠴᠢᠶᠠᠩ᠂ ᠵᠤᠤ ᠯᠸ ᠵᠶ᠋ᠢ᠂ ᠸᠠᠩ ᠬ᠍ᠤ ᠨᠢᠩ᠂ ᠬᠠᠨ ᠵᠧᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠎ᠨᠡᠷ ᠬᠤᠷᠠᠯ᠎ᠳᠤ ᠣᠷᠣᠯᠴᠠᠵᠠᠢ᠃

ᠬᠤᠷᠠᠯ᠎ᠳᠤ ᠣᠷᠣᠯᠴᠠᠬᠤ ᠶᠣᠰᠣᠲᠠᠢ ᠲᠥᠯᠥᠭᠡᠯᠡᠭ᠌ᠴᠢ 2977 ᠬᠥᠮᠦᠨ᠂ 2946 ᠬᠥᠮᠦᠨ ᠣᠷᠣᠯᠴᠠᠵᠤ᠂ 31 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃

ᠶᠡᠬᠡ ᠬᠤᠷᠠᠯ᠎ᠤᠨ ᠭᠦᠶ᠋ᠴᠡᠳᠭᠡᠬᠦ᠌ ᠲᠡᠷᠢᠭᠦᠯᠡᠭ᠌ᠴᠢ᠂ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠧᠩ ᠵᠢᠶᠠᠨ ᠪᠠᠩ ᠬᠤᠷᠠᠯ᠎ᠢ ᠡᠷᠭᠢᠯᠡᠪᠡ᠃ ᠶᠡᠬᠡ ᠬᠤᠷᠠᠯ᠎ᠤᠨ ᠭᠦᠢᠴᠡᠳᠭᠡᠭ᠌ᠴᠢ ᠲᠡᠷᠢᠭᠦᠯᠡᠭ᠌ᠴᠢ ᠮᠠ ᠹᠧᠩ ᠭᠦᠸᠧ᠂ ᠸᠠᠩ ᠵᠢᠶᠦ᠋ᠩ᠂ ᠯᠢᠨ ᠦ᠋᠂ ᠢ ᠯᠢᠶᠠᠨ ᠬᠣᠩ᠂ ᠬᠤᠤ ᠫᠸᠩ᠂ ᠬ᠍ᠤ ᠴᠠᠩ ᠱᠧᠩ᠂ ᠱᠢᠤᠢ ᠯᠢᠨ᠂ ᠬᠤᠸᠠᠩ ᠴᠦ ᠫᠢᠩ ᠲᠡᠷᠢᠭᠦᠯᠡᠭ᠌ᠴᠢ ᠵᠢᠨ ᠲᠠᠢᠰᠠᠨ᠎ᠤ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠰᠠᠭᠤᠳᠠᠯ᠎ᠳᠤ ᠰᠠᠭᠠᠲᠠᠪᠠ᠃

ᠡᠨᠡ ᠤᠳᠠᠭ᠎ᠠ ᠵᠢᠨ ᠬᠤᠷᠠᠯ᠎ᠤᠨ ᠵᠥᠪᠯᠡᠬᠦ᠌ ᠵᠦᠢᠯ ᠪᠣᠯ ᠄ ᠲᠦᠷᠦ ᠶ᠋ᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢ ᠰᠠᠢᠳ ᠯᠢ ᠴᠢᠶᠠᠩ᠎ᠤᠨ ᠨᠡᠷ᠎ᠡ ᠳᠤᠷᠠᠳᠤᠯᠭ᠎ᠠ᠎ᠶ᠋ᠢ ᠦᠨᠳᠦᠰᠦᠯᠡᠨ ᠲᠦᠷᠦ ᠶ᠋ᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢᠳ᠂ ᠲᠦᠷᠦ ᠶ᠋ᠢᠨ ᠶᠠᠪᠤᠳᠠᠯ᠎ᠤᠨ ᠭᠡᠱᠢᠭᠦᠨ᠂ ᠡᠯ᠎ᠡ ᠶᠠᠮᠤᠨ᠎ᠤ ᠰᠠᠢᠳ᠂ ᠡᠯ᠎ᠡ ᠵᠦᠪᠯᠡᠯ᠎ᠤᠨ ᠡᠷᠬᠢᠯᠡᠭ᠌ᠴᠢ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠳᠠᠷᠤᠭ᠎ᠠ᠂ ᠬᠢᠨᠠᠨ ᠪᠤᠳᠤᠬᠤ ᠳᠠᠷᠤᠭ᠎ᠠ᠂ ᠨᠠᠷᠢᠨ ᠪᠢᠴᠢᠭ᠎ᠦᠨ ᠳᠠᠷᠤᠭ᠎ᠠ᠎ᠶ᠋ᠢ ᠲᠣᠭ᠍ᠲᠠᠭᠠᠨ᠎ᠠ; ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠲᠡᠨ᠎ᠦ ᠵᠥᠪᠯᠡᠯ᠂ ᠬᠢᠨᠠᠨ ᠪᠠᠢᠴᠠᠭᠠᠬᠤ ᠪᠠ ᠬᠠᠤᠯᠢ ᠪᠠᠷᠢᠬᠤ ᠵᠥᠪᠯᠡᠯ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ ᠡᠷᠡᠭᠦᠯ ᠬᠠᠮᠠᠭᠠᠯᠠᠯ᠎ᠤᠨ ᠵᠥᠪᠯᠡᠯ᠂ ᠭᠠᠳᠠᠭᠠᠳᠤ ᠶᠠᠪᠤᠳᠠᠯ᠎ᠤᠨ ᠵᠥᠪᠯᠡᠯ᠂ ᠬᠠᠷᠢᠶᠠᠲᠤ᠎ᠨᠠᠷ᠎ᠤᠨ ᠵᠥᠪᠯᠡᠯ᠂ ᠣᠷᠴᠢᠨ ᠳᠤᠭᠤᠷᠢᠨ ᠬᠢᠭᠡᠳ ᠡᠬᠢ ᠪᠠᠶᠠᠯᠢᠭ᠎ᠤᠨ ᠬᠠᠮᠠᠭᠠᠯᠠᠯᠳᠠ ᠵᠢᠨ ᠵᠥᠪᠯᠡᠯ᠂ ᠬᠦᠳᠡᠬᠡ ᠠᠵᠥ ᠠᠬᠤᠢ ᠬᠢᠭᠡᠳ ᠬᠥᠳᠡᠭᠡ ᠲᠣᠰᠭᠣᠨ᠎ᠤ ᠵᠥᠪᠯᠡᠯ᠂ ᠨᠡᠢᠭᠡᠮ᠎ᠦᠨ ᠪᠠᠢᠭᠤᠯᠤᠯᠲᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ᠂ ᠳᠡᠳ᠋ ᠡᠷᠬᠢᠯᠡᠭ᠌ᠴᠢ ᠭᠡᠱᠢᠭᠦᠨ᠂ ᠭᠡᠱᠢᠭᠦᠨ᠎ᠦ ᠨᠡᠷᠡᠰ᠎ᠦᠨ ᠲᠥᠰᠦᠯ᠎ᠢ ᠲᠤᠰ ᠲᠤᠰ ᠪᠠᠲᠤᠯᠠᠨ᠎ᠠ᠃

ᠬᠤᠷᠠᠯ ᠲᠡᠭᠡᠷ᠎ᠠ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠶ ᠰᠠᠢᠳ ᠯᠢ ᠴᠢᠶᠠᠩ᠎ᠤᠨ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠪᠤᠰᠤᠳ ᠪᠦᠷᠢᠯᠳᠦᠬᠦᠨ᠎ᠦ ᠵᠢᠱ᠌ᠢᠭ᠌ᠳᠡᠭᠰᠡᠳ ᠎ᠤᠨ ᠲᠤᠬᠠᠢ ᠨᠡᠷ᠎ᠡ ᠳᠤᠷᠠᠳᠤᠬᠰᠡᠨ ᠵᠠᠬᠢᠳᠠᠯ᠎ᠢ ᠤᠩᠱᠢᠨ ᠨᠡᠢᠲᠡᠯᠡᠪᠡ᠃

ᠪᠢᠯᠧᠲ ᠲᠠᠬᠯᠠᠬᠤ᠂ ᠪᠢᠯᠧᠲ ᠥᠭ᠌ᠬᠦ᠂ ᠪᠢᠯᠧᠲ ᠪᠦᠷᠢᠳᠭᠡᠬᠦ᠌᠎ᠪᠡᠷ ᠲᠠᠮᠵᠢᠨ᠂ 10 ᠴᠠᠭ 9 ᠮᠢᠨᠦ᠋ᠲ᠎ᠲᠦ᠂ ᠬᠤᠷᠠᠯ ᠡᠷᠬᠢᠯᠡᠭ᠌ᠴᠢ᠎ᠡᠴᠡ᠄ ᠳ᠋ᠢᠩ ᠱᠢᠤᠸᠠᠢ ᠱᠢᠶᠠᠩ᠂ ᠾᠧ ᠯᠢ ᠹᠸᠩ᠂ ᠵᠠᠩ ᠭᠦᠸᠧ ᠴᠢᠩ᠂ ᠯᠢᠦ ᠭᠦᠸᠧ ᠵᠦᠩ ᠨᠥᠬᠥᠷ᠎ᠢ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢᠳ; ᠯᠢ ᠱᠠᠩ ᠹᠦ᠋᠂ ᠸᠠᠩ ᠱᠢᠶᠤᠤ ᠬᠣᠩ᠂ ᠡᠦ ᠵᠧᠩ ᠯᠦᠩ᠂ ᠱᠸᠨ ᠢ ᠴᠢᠨ᠂ ᠴᠢᠨ ᠭᠠᠩ ᠨᠥᠬᠥᠷ᠎ᠢ ᠲᠦᠷᠦ᠍᠎ᠶ᠋ᠢᠨ ᠶᠠᠪᠤᠳᠠᠯ᠎ᠤᠨ ᠭᠡᠱᠢᠭᠦᠨ ᠪᠤᠯᠭᠠᠵᠠᠢ ᠭᠡᠵᠤ ᠨᠠᠢᠳᠠᠯᠠᠪᠠ᠃

ᠬᠤᠷᠠᠯ ᠡᠷᠬᠢᠯᠡᠭᠴᠢ ᠡᠴᠡ ᠪᠠᠰᠠ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶ᠋ᠢᠨ ᠨᠠᠷᠢᠨ ᠪᠢᠴᠢᠭ᠎ᠦᠨ ᠳᠠᠷᠤᠭ᠎ᠠ ᠪᠣᠯᠤᠨ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶ᠋ᠢᠨ ᠡᠯ᠎ᠡ ᠶᠠᠮᠤᠨ᠎ᠤ ᠰᠠᠢᠳ᠂ ᠡᠯ᠎ᠡ ᠵᠥᠪᠯᠡᠯ᠎ᠦᠨ ᠡᠷᠬᠢᠯᠡᠭ᠌ᠴᠢ᠂ ᠳᠤᠮᠳᠠᠳᠤ ᠤᠯᠤᠰ᠎ᠤ᠋ᠨ ᠠᠷᠠᠳ᠎ᠤᠨ ᠪᠠᠩᠬᠢ᠎ᠶ᠋ᠢᠨ ᠳᠠᠷᠤᠭ᠎ᠠ᠂ ᠬᠢᠨᠠᠨ ᠪᠤᠳᠤᠬᠤ ᠳᠠᠷᠤᠭ᠎ᠠ᠎ᠶ᠋ᠢᠨ ᠨᠡᠷᠡᠰ᠎ᠢ ᠨᠡᠢᠲᠡᠯᠡᠪᠡ᠃

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠤ 10 ᠲᠤᠰᠭᠠᠢ ᠵᠥᠪᠯᠡᠯ ᠭᠠᠷᠭᠠᠪᠠ᠃ ᠡᠭᠦᠨ᠎ᠳ᠋ᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠦᠪᠯᠡᠯ᠂ ᠡᠳ᠋᠎ᠦᠨ ᠵᠠᠰᠠᠭ ᠠᠵᠤ ᠠᠬᠤᠢ᠎ᠶ᠋ᠢᠨ ᠵᠦᠪᠯᠡᠯ᠎ᠤᠨ ᠪᠦᠷᠢᠯᠳᠦᠬᠦᠨ᠎ᠦ ᠨᠡᠷᠡᠰ᠎ᠢ 3 ᠰᠠᠷ᠎ᠠ᠎ᠶ᠋ᠢᠨ 5 ᠎ᠤ᠋ ᠡᠳᠦᠷ ᠪᠠᠲᠤᠯᠠᠪᠠ᠃ ᠪᠤᠰᠤᠳ 8 ᠲᠤᠰᠭᠠᠶ ᠵᠥᠪᠯᠡᠯ᠎ᠦᠨ ᠪᠦᠷᠢᠯᠳᠦᠬᠦᠨ᠎ᠦ ᠵᠢᠱ᠌ᠢᠭ᠌ᠳᠡᠭ᠌ᠰᠡᠳ ᠎ᠢ ᠲᠡᠷᠢᠭᠦᠯᠡᠭ᠌ᠴᠢᠳ᠎ᠦᠨ ᠪᠦᠯᠬᠦᠮ᠎ᠡᠴᠡ ᠨᠡᠷ᠎ᠡ ᠳᠤᠷᠠᠳᠤᠭ᠍ᠰᠠᠨ᠎ᠤ ᠳᠠᠷᠠᠭ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠤ᠋ᠨ ᠬᠢᠨ ᠶᠠᠷᠢᠯᠴᠠᠨ ᠵᠥᠪᠳᠡᠯᠴᠡᠪᠡ᠃ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠶᠠᠷᠢᠯᠴᠠᠭ᠍ᠰᠠᠨ ᠰᠠᠨᠠᠯ᠎ᠢ ᠦᠨᠳᠦᠰᠦᠯᠡᠨ᠂ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠡᠴᠡ ᠡᠨᠡ 8 ᠲᠤᠰᠭᠠᠢ ᠵᠥᠪᠯᠡᠯ᠎ᠦᠨ ᠪᠦᠷᠢᠯᠳᠦᠬᠦᠨ᠎ᠦ ᠨᠡᠷᠡᠰ᠎ᠦᠨ ᠲᠥᠰᠦᠯ᠎ᠢ ᠲᠤᠰ ᠤᠳᠠᠭ᠎ᠠ᠎ᠶ᠋ᠢᠨ ᠬᠤᠷᠠᠯ᠎ᠳᠤ ᠳᠡᠪᠱᠢᠭᠦᠯᠵᠦ᠍ ᠪᠠᠳᠤᠯᠠᠭᠤᠯᠬᠤ ᠪᠡᠷ ᠲᠣᠭ᠍ᠲᠠᠵᠠᠢ᠃

ᠲᠤᠰᠭᠠᠢ ᠵᠦᠪᠯᠡᠯ ᠤ᠋ᠨ ᠪᠦᠷᠢᠯᠳᠦᠬᠦᠨ᠎ᠢ ᠪᠠᠲᠤᠯᠠᠬᠤ ᠠᠷᠭ᠎ᠠ᠎ᠶ᠋ᠢᠨ ᠲᠣᠭ᠍ᠲᠠᠭᠠᠯ᠎ᠢ ᠦᠨᠳᠦᠰᠦᠯᠡᠵᠤ᠂ ᠪᠠᠲᠤᠯᠠᠯᠳᠠ ᠨᠢ ᠨᠠᠷ᠎ᠠ ᠲᠡᠮᠳᠡᠭᠯᠡᠬᠦ ᠦᠭᠡᠢ ᠪᠡᠷ ᠪᠠᠲᠤᠯᠠᠬᠤ ᠲᠠᠷᠤᠭᠤᠯ ᠢ᠋ ᠳᠠᠷᠤᠬᠤ ᠠᠷᠭ᠎ᠠ᠎ᠶ᠋ᠢ ᠬᠡᠷᠡᠭ᠌ᠯᠡᠵᠦ᠍᠂ ᠲᠤᠰ ᠲᠤᠰ 8 ᠲᠤᠰᠬᠠᠢ ᠵᠦᠪᠯᠡᠯ ᠤ᠋ᠨ ᠪᠦᠷᠢᠯᠳᠦᠬᠦᠨ ᠤ᠋ ᠨᠡᠷᠡᠰ ᠢ᠋ ᠪᠠᠳᠤᠯᠠᠪᠠ᠃

ᠡᠯ᠎ᠡ ᠲᠦᠷᠦᠯ ᠤ᠋ᠨ ᠨᠡᠷᠡᠰ᠎ᠢ ᠪᠠᠲᠤᠯᠠᠬᠤ ᠪᠦᠷᠢ ᠬᠤᠷᠠᠯ᠎ᠤᠨ ᠲᠠᠯᠠᠪᠠᠢ᠎ᠳᠤ ᠬᠠᠯᠠᠭᠤᠨ ᠠᠯᠠᠭ᠎ᠠ ᠲᠠᠱᠢᠯᠳᠠ ᠵᠢᠨ ᠲᠠᠭᠤᠨ ᠨᠢᠵᠢᠬᠢᠨᠡᠨ᠎ᠠ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠦᠨᠳᠦᠰᠦᠨ ᠬᠠᠤᠯᠢ᠎ᠳᠤ ᠲᠠᠩᠭᠠᠷᠢᠭ᠍ᠯᠠᠬᠤ ᠎ᠶᠢ ᠵᠣᠬᠢᠶᠠᠨ ᠪᠠᠢᠭᠤᠯᠬᠤ ᠠᠷᠭ᠎ᠠ᠎ᠶ᠋ᠢ ᠦᠨᠳᠦᠰᠦᠯᠡᠵᠤ᠂ ᠪᠥᠬᠥᠳᠡ ᠬᠤᠷᠠᠯ᠎ᠤᠨ ᠡᠯ᠎ᠡ ᠵᠥᠪᠯᠡᠬᠦ᠌ ᠵᠦᠶ᠋ᠯ ᠳᠠᠭᠤᠰᠤᠭ᠍ᠰᠠᠨ᠎ᠤ ᠳᠠᠷᠠᠭ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠶ ᠰᠠᠢᠳ᠂ ᠲᠥᠷᠥ᠎ᠶ᠋ᠢᠨ ᠶᠠᠪᠤᠳᠠᠯ᠎ᠤᠨ ᠭᠡᠱᠢᠭᠦᠨ᠂ ᠨᠠᠷᠢᠨ ᠪᠢᠴᠢᠭ᠎ᠦᠨ ᠳᠠᠷᠤᠭ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠤᠰᠭᠠᠶ ᠵᠥᠪᠯᠡᠯ᠎ᠦᠨ ᠪᠦᠷᠢᠯᠳᠦᠬᠦᠨ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠡᠯ᠎ᠡ ᠶᠠᠮᠤᠨ᠎ᠤ ᠰᠠᠢᠳ᠂ ᠡᠯ᠎ᠡ ᠵᠥᠪᠯᠡᠯ᠎ᠦᠨ ᠡᠷᠬᠢᠯᠡᠭ᠌ᠴᠢ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠳᠠᠷᠤᠭ᠎ᠠ᠂ ᠬᠢᠨᠠᠨ ᠪᠤᠳᠤᠬᠤ ᠳᠠᠷᠤᠭ᠎ᠠ ᠲᠣᠰ ᠲᠣᠰ ᠬᠠᠮᠲᠤ ᠳ᠋ᠠᠭᠠᠨ ᠦᠨᠳᠤᠰᠤᠨ ᠬᠠᠤᠯᠢ ᠳ᠋ᠤ ᠲᠠᠩᠭᠠᠷᠢᠭ᠍ᠯᠠᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 12 ᠤ᠋ᠨ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面