2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-13 10:48:24

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠵᠤᠤ ᠯᠸ ᠵᠶ᠋ᠢ ᠬᠤᠷᠠᠯ᠎ᠢ ᠡᠷᠭᠢᠯᠡᠵᠡᠢ


ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ 12 ᠤ᠋ᠨ ᠦᠳᠡ ᠵᠢᠨ ᠬᠤᠢᠨ᠎ᠠ ᠶᠢᠰᠦᠳᠦᠭᠡᠷ ᠤᠳᠠᠭ᠎ᠠ᠎ᠶ᠋ᠢᠨ ᠬᠤᠷᠠᠯ ᠬᠢᠪᠡ᠃

ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ ᠬᠤᠷᠠᠯ᠎ᠢ ᠡᠷᠬᠢᠯᠡᠪᠡ᠃

ᠬᠤᠷᠠᠯ᠎ᠳᠤ ᠣᠷᠣᠯᠴᠠᠬᠤ ᠶᠣᠰᠣᠲᠠᠢ 192 ᠬᠥᠮᠦᠨ᠂ 190 ᠬᠥᠮᠦᠨ ᠣᠷᠣᠯᠴᠠᠵᠤ᠂ 2 ᠬᠥᠮᠦᠨ ᠣᠷᠣᠯᠴᠠᠭ᠍ᠰᠠᠨ ᠦᠭᠡᠢ᠂ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃

3 ᠰᠠᠷ᠎ᠠ᠎ᠶ᠋ᠢᠨ 12 ᠎ᠤ᠋ᠨ ᠦᠳᠡ᠎ᠶ᠋ᠢᠨ ᠬᠣᠢᠨ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠤ᠋ᠨ ᠬᠢᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠂ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠬᠢᠭᠡᠳ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠶ 6 ᠱᠢᠶ᠋ᠳᠪᠦᠷᠢ᠎ᠶ᠋ᠢᠨ ᠲᠥᠰᠦᠯ᠎ᠢ ᠨᠠᠷᠢᠨ ᠬᠢᠨᠠᠮᠠᠭᠠᠶ ᠬᠢᠨᠠᠨ ᠵᠥᠪᠯᠡᠵᠦ᠍᠂ ᠶᠡᠬᠡ ᠬᠤᠷᠠᠯ᠎ᠤᠨ ᠪᠥᠬᠥᠳᠡ ᠬᠤᠷᠠᠯ᠎ᠳᠤ ᠳᠡᠪᠱᠢᠭᠦᠯᠦᠨ ᠪᠠᠳᠤᠯᠠᠭᠤᠯᠬᠤ᠎ᠶ᠋ᠢ ᠰᠠᠨᠠᠯ ᠨᠢᠭᠡᠲᠡᠶ ᠵᠥᠪᠱᠢᠶᠡᠷᠡᠪᠡ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ᠎ᠢ ᠦᠨᠳᠦᠰᠦᠯᠡᠵᠦ᠍᠂ ᠡᠯ᠎ᠡ ᠵᠦᠢᠯ᠎ᠦᠨ ᠱᠢᠢᠳᠪᠦᠷᠢ᠎ᠶ᠋ᠢᠨ ᠲᠥᠰᠦᠯ᠎ᠢ ᠶᠡᠬᠡ ᠬᠤᠷᠠᠯ᠎ᠤᠨ ᠪᠦᠬᠦᠳᠠ ᠬᠤᠷᠠᠯ᠎ᠳᠤ ᠳᠡᠪᠱᠢᠭᠦᠯᠵᠦ᠍ ᠪᠠᠳᠤᠯᠠᠭᠤᠯᠬᠤ ᠪᠡᠷ ᠰᠠᠨᠠᠭᠤᠯᠵᠠᠢ᠃

ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠡᠴᠡ ᠲᠤᠰ ᠲᠤᠰ ᠪᠠᠲᠤᠯᠠᠵᠤ᠂ ᠳᠡᠭᠡᠷ᠎ᠡ ᠳᠤᠷᠠᠳᠤᠭ᠍ᠰᠠᠨ ᠱᠢᠢᠳᠪᠦᠷᠢ᠎ᠶ᠋ᠢᠨ ᠲᠥᠰᠦᠯ᠎ᠢ ᠶᠡᠬᠡ ᠬᠤᠷᠠᠯ᠎ᠤᠨ ᠪᠦᠬᠦᠳᠠ ᠬᠤᠷᠠᠯ᠎ᠳᠤ ᠳᠡᠪᠱᠢᠭᠦᠯᠵᠦ᠍ ᠪᠠᠳᠤᠯᠠᠭᠤᠯᠬᠤ᠎ᠪᠠᠷ ᠲᠣᠭ᠍ᠲᠠᠪᠠ᠃

ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠭᠠᠨ ᠵᠢᠶ᠍ᠸ᠂ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ ᠬᠤᠷᠠᠯ᠎ᠳᠤ ᠣᠷᠣᠯᠴᠠᠪᠠ᠃

( ᠰᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ ᠵᠢᠨ 12 ᠤ᠋ᠨ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面