2023-03-13 10:41:27
ᠵᠤᠤ ᠯᠸ ᠵᠶ᠋ᠢ ᠬᠤᠷᠠᠯ᠎ᠢ ᠡᠷᠭᠢᠯᠡᠵᠡᠢ
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠳᠣᠯᠣᠳᠤᠭᠠᠷ ᠬᠤᠷᠠᠯ 12 ᠤ᠋ᠨ ᠦᠳᠡ᠎ᠶ᠋ᠢᠨ ᠬᠣᠢᠨ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠤᠷᠠᠯᠳᠤᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ ᠬᠤᠷᠠᠯ᠎ᠢ ᠡᠷᠬᠢᠯᠡᠵᠡᠢ᠃
ᠬᠤᠷᠠᠯ᠎ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ ᠯᠢᠦ ᠵᠢᠶᠦ᠋ᠨ ᠴᠧᠨ᠎ᠦ ᠬᠢᠭ᠌ᠰᠡᠨ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠂ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠬᠦᠢᠴᠡᠳᠬᠡᠭᠰᠡᠨ ᠪᠠᠢᠳᠠᠯ ᠬᠢᠭᠡᠳ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ 6 ᠱᠢᠶ᠋ᠳᠪᠦᠷᠢ᠎ᠶ᠋ᠢᠨ ᠲᠥᠰᠦᠯ᠎ᠢ ᠬᠢᠨᠠᠨ ᠵᠥᠪᠯᠡᠭ᠌ᠰᠡᠨ ᠪᠠᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠡᠨᠡ 6 ᠱᠢᠶ᠋ᠳᠪᠦᠷᠢ᠎ᠶ᠋ᠢᠨ ᠲᠥᠰᠦᠯ᠎ᠦᠨ ᠪᠠᠲᠤᠯᠠᠬᠤ ᠨᠤᠤᠷᠠᠭ᠎ᠢ ᠬᠢᠨᠠᠨ ᠵᠥᠪᠯᠡᠪᠡ᠃
ᠬᠤᠷᠠᠯ᠎ᠡᠴᠡ ᠳᠡᠭᠡᠷ᠎ᠡ ᠳᠤᠷᠠᠳᠤᠭ᠍ᠰᠠᠨ ᠱᠢᠶ᠋ᠳᠪᠦᠷᠢ᠎ᠶ᠋ᠢᠨ ᠲᠥᠰᠦᠯ᠎ᠦᠨ ᠪᠠᠲᠤᠯᠠᠬᠤ ᠨᠤᠤᠷᠠᠭ᠎ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠶᠢᠰᠦᠳᠦᠭᠡᠷ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠶ᠋ᠢ ᠵᠥᠪᠱᠢᠶᠡᠷᠡᠪᠡ᠃
ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠭᠠᠨ ᠵᠢᠶᠧ᠂ ᠯᠢ ᠬᠣᠩ ᠵᠥᠩ᠂ ᠸᠠᠩ ᠳ᠋ᠦᠩ ᠮᠢᠩ᠂ ᠱᠢᠶᠤᠤ ᠵᠢᠶᠧ᠂ ᠵᠧᠩ ᠵᠢᠶᠠᠨ ᠪᠠᠩ᠂ ᠳ᠋ᠢᠩ ᠵᠥᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠶ᠂ ᠦ᠋ ᠸᠧᠶ ᠬᠤᠸᠠ ᠬᠤᠷᠠᠯ᠎ᠳᠤ ᠣᠷᠣᠯᠴᠠᠵᠠᠢ᠃
( ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 12 ᠤ᠋ᠨ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃