2023-03-13 10:52:00
3 ᠰᠠᠷ᠎ᠠ᠎ᠶ᠋ᠢᠨ 12 ᠤ᠋ᠨ ᠡᠳᠦᠷ᠎ᠡᠴᠡ 13 ᠤ᠋ ᠡᠳᠦᠷ ᠪᠣᠯᠲᠠᠯ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠠᠩᠬᠠᠳᠤᠭᠠᠷ ᠬᠤᠷᠠᠯ᠎ᠢ ᠬᠤᠷᠠᠯᠳᠤᠭᠤᠯᠬᠤ᠎ᠪᠠᠷ ᠲᠣᠭ᠍ᠲᠠᠪᠠ
ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠤᠳᠠᠭ᠎ᠠ᠎ᠶ᠋ᠢᠨ ᠲᠡᠷᠢᠭᠦᠯᠡᠭ᠌ᠴᠢᠳ᠎ᠦᠨ ᠬᠤᠷᠠᠯ 12᠎ᠤ᠋ᠨ ᠦᠳᠡ᠎ᠶ᠋ᠢᠨ ᠡᠮᠦᠨ᠎ᠡ ᠪᠡᠭᠡᠵᠢᠩ᠎ᠳᠦ ᠬᠤᠷᠠᠯᠳᠤᠪᠠ᠃ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠤ᠌ ᠨᠢᠩ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠪᠠ᠃
ᠬᠤᠷᠠᠯ᠎ᠡᠴᠡ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠵᠥᠪᠯᠡᠬᠦ᠌ ᠵᠦᠶ᠋ᠯ (ᠲᠥᠰᠦᠯ) ᠪᠣᠯᠤᠨ ᠡᠳᠦᠷ᠎ᠦᠨ ᠳᠠᠷᠠᠭᠠᠯᠠᠯ᠎ᠢ ᠬᠢᠨᠠᠨ ᠵᠥᠪᠯᠡᠵᠦ᠍ ᠪᠠᠲᠤᠯᠠᠨ᠂ 3 ᠰᠠᠷ᠎ᠠ᠎ᠶ᠋ᠢᠨ 12 ᠤ᠋ᠨ ᠡᠳᠦᠷ᠎ᠡᠴᠡ 13 ᠤ᠋ ᠡᠳᠦᠷ ᠪᠣᠯᠲᠠᠯ᠎ᠠ ᠪᠡᠭᠡᠵᠢᠩ᠎ᠳᠦ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠠᠢᠩᠭᠤ᠎ᠶ᠋ᠢᠨ ᠬᠤᠷᠢᠶ᠎ᠠ ᠵᠢᠨ ᠠᠩᠬᠠᠳᠤᠭᠠᠷ ᠬᠤᠷᠠᠯ᠎ᠢ ᠬᠤᠷᠠᠯᠳᠤᠭᠤᠯᠬᠤ᠎ᠪᠠᠷ ᠲᠣᠭ᠍ᠲᠠᠪᠠ᠃ ᠬᠤᠷᠠᠯ᠎ᠡᠴᠡ ᠪᠠᠰᠠ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠲᠤᠰᠭᠠᠢ ᠵᠥᠪᠯᠡᠯ ᠪᠠᠢᠭᠤᠯᠬᠤ ᠲᠤᠬᠠᠢ ᠲᠣᠭ᠍ᠲᠠᠭᠠᠯ (ᠲᠥᠰᠦᠯ) ᠪᠣᠯᠤᠨ ᠬᠣᠯᠪᠣᠭ᠍ᠳᠠᠯ ᠪᠦᠬᠦᠢ ᠠᠵᠢᠯᠳᠠᠨ᠎ᠤ ᠶᠠᠪᠤᠳᠠᠯ᠎ᠤᠨ ᠵᠦᠢᠯᠡᠰ (ᠲᠥᠰᠦᠯ) ᠵᠡᠷᠭᠡ᠎ᠶ᠋ᠢ ᠬᠢᠨᠠᠨ ᠵᠥᠪᠯᠡᠵᠦ᠍ ᠪᠠᠲᠤᠯᠠᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠪᠦᠬᠦ᠌ ᠤᠯᠤᠰ᠎ᠤᠨ ᠬᠤᠷᠢᠶ᠎ᠠ ᠵᠢᠨ 2023 ᠣᠨ᠎ᠤ ᠠᠵᠢᠯ᠎ᠤᠨ ᠭᠣᠣᠯᠳᠠᠯᠭ᠎ᠠ᠎ᠶ᠋ᠢ ᠬᠢᠨᠠᠨ ᠵᠥᠪᠯᠡᠵᠦ᠍ ᠵᠠᠷᠴᠢᠮ ᠳᠡᠭᠡᠷ᠎ᠡ᠎ᠪᠡᠨ ᠪᠠᠲᠤᠯᠠᠪᠠ᠃ ᠬᠤᠷᠠᠯ᠎ᠡᠴᠡ᠂ ᠳᠡᠭᠡᠷ᠎ᠡ ᠳᠤᠷᠠᠳᠤᠭ᠍ᠰᠠᠨ ᠲᠥᠰᠦᠯ᠎ᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠠᠩᠬᠠᠳᠤᠭᠠᠷ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
ᠸᠠᠩ ᠬᠤ᠌ ᠨᠢᠩ᠂ ᠰᠠᠶᠢᠬᠠᠨ ᠲᠡᠭᠦᠰᠦᠭ᠌ᠰᠡᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ ᠡᠴᠡ᠂ ᠰᠣᠩᠭᠣᠭᠤᠯᠢ᠎ᠪᠠᠷ ᠲᠡᠷᠢᠭᠦᠯᠡᠭ᠌ᠴᠢᠳ᠎ᠦᠨ ᠬᠤᠷᠠᠯ᠎ᠢ ᠪᠦᠷᠢᠯᠳᠦᠭᠦᠯᠵᠦ᠍᠂ ᠱᠢᠨ᠎ᠡ ᠨᠢᠭᠡ ᠬᠤᠭᠤᠴᠠᠭᠠᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠤᠳᠤᠷᠢᠳᠭᠤ ᠪᠠᠭ᠎ᠢ ᠪᠠᠢᠭᠤᠯᠪᠠ᠂ ᠡᠨᠡ ᠪᠣᠯ ᠨᠠᠮ ᠪᠣᠯᠤᠨ ᠠᠷᠠᠳ ᠲᠦᠮᠡᠨ᠎ᠦ ᠬᠦᠨᠳᠦ ᠨᠠᠢᠳᠠᠯᠭ᠎ᠠ᠂ ᠮᠥᠨ ᠴᠦ᠍ ᠪᠦᠬᠦ᠌ ᠭᠡᠱᠢᠭᠦᠳ᠎ᠦᠨ ᠢᠲᠡᠭᠡᠯ ᠪᠣᠯᠤᠨ᠎ᠠ᠃ ᠲᠡᠷᠢᠭᠦᠯᠡᠭ᠌ᠴᠢᠳ᠎ᠦᠨ ᠬᠤᠷᠠᠯ᠎ᠤᠨ ᠪᠦᠷᠢᠯᠳᠦᠬᠦᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠰᠤᠷᠤᠯᠴᠠᠵᠦ ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠨ᠂ 《ᠳᠥᠷᠪᠡᠨ ᠤᠬᠠᠮᠰᠠᠷ》 ᠵᠢᠡᠨ ᠴᠢᠩᠭᠠᠳᠭᠠᠨ᠂ 《ᠳᠥᠷᠪᠡᠨ ᠢᠲᠡᠭᠡᠯ》 ᠵᠢᠡᠨ ᠪᠠᠲᠤᠳᠭᠠᠵᠤ ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠤᠯᠤᠰ ᠣᠷᠣᠨᠤᠲᠥᠯᠥᠭᠡ ᠲᠤᠱᠢᠶᠠᠯ ᠬᠠᠷᠢᠭᠤᠴᠠᠯᠭ᠎ᠠ᠎ᠪᠡᠨ ᠭᠦᠶ᠋ᠴᠡᠳᠭᠡᠵᠦ᠍᠂ ᠠᠷᠠᠳ᠎ᠤᠨ ᠲᠥᠯᠥᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠶᠠᠪᠤᠴᠠ ᠳᠤᠮᠳᠠ᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠭᠦᠢᠴᠡᠳᠭᠡᠬᠦ᠌ ᠴᠢᠳᠠᠪᠤᠷᠢ ᠪᠠᠨ ᠴᠢᠨᠠᠭᠰᠢᠳᠠ ᠳᠡᠭᠡᠭ᠌ᠰᠢᠯᠡᠭᠦᠯᠵᠦ᠂ ᠢᠮᠠᠭ᠍ᠲᠠ ᠤᠯᠤᠰ ᠲᠥᠷᠥ᠎ᠶ᠋ᠢᠨ ᠵᠥᠪ ᠴᠢᠭ᠌ᠯᠡᠯ᠎ᠢ ᠪᠠᠷᠢᠮᠲᠠᠯᠠᠵᠦ᠂ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠦ᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠦᠷᠭᠦᠯᠵᠢᠯᠡᠨ ᠴᠢᠩᠭᠠᠳᠭᠠᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠠᠬᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠷᠮᠠᠢᠨ ᠠᠬᠢᠭᠤᠯᠤᠨ᠎ᠠ ᠭᠡᠵᠦ ᠢᠯᠡᠳᠭᠡᠪᠡ᠃
ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠪᠥᠭᠡᠳ ᠨᠠᠷᠢᠨ ᠪᠢᠴᠢᠭ᠎ᠦᠨ ᠳᠠᠷᠤᠭ᠎ᠠ ᠸᠠᠩ ᠳ᠋ᠦᠩ ᠹᠧᠩᠨᠡᠷ ᠬᠠᠮᠢᠶ᠎ᠠ ᠪᠦᠬᠦᠢ ᠵᠥᠪᠯᠡᠬᠦ᠌ ᠵᠦᠢᠯ᠎ᠦᠨ ᠲᠤᠬᠠᠶ ᠲᠣᠳᠣᠷᠬᠠᠢᠯᠠᠯᠲᠠ ᠬᠢᠵᠡᠶ᠃
ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ᠂ ᠬᠤ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ· ᠭᠸᠯᠸᠭᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠤ᠌ ᠬᠤᠢ᠂ ᠱᠤᠤ ᠬᠣᠩ᠂ ᠭᠤᠤ ᠶᠦᠨ ᠯᠦᠩ᠂ ᠴᠧᠨ ᠦ᠋᠂ ᠮᠦ᠍ ᠬᠣᠩ᠂ ᠱᠢᠶᠠᠨ ᠬᠤᠢ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ᠍ ᠶᠦᠩ ᠱᠢᠨ᠂ ᠶᠠᠩ ᠵᠧᠨ ᠬᠤᠷᠠᠯ᠎ᠳᠤ ᠣᠷᠣᠯᠴᠠᠵᠠᠢ᠃
( ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 12 ᠤ᠋ᠨ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃