2023-03-13 10:56:41
ᠸᠠᠩ ᠬ᠍ᠤ ᠨᠢᠩ ᠣᠷᠣᠯᠴᠠᠵᠠᠢ
ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠠᠩᠬᠠᠳᠤᠭᠠᠷ ᠬᠤᠷᠠᠯ 12 ᠤ᠋ᠨ ᠦᠳᠡ᠎ᠶ᠋ᠢᠨ ᠬᠣᠢᠨ᠎ᠠ ᠪᠡᠭᠡᠵᠢᠩ᠎ᠳᠦ ᠡᠬᠢᠯᠡᠪᠡ᠃ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬ᠍ᠤ ᠨᠢᠩ ᠣᠷᠣᠯᠴᠠᠪᠠ᠃
ᠬᠤᠷᠠᠯ᠎ᠡᠴᠠ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠠᠩᠬᠠᠳᠤᠭᠠᠷ ᠬᠤᠷᠠᠯ᠎ᠤᠨ ᠵᠥᠪᠯᠡᠬᠦ᠌ ᠵᠦᠢᠯ᠎ᠢ ᠬᠢᠨᠠᠨ ᠵᠥᠪᠯᠡᠵᠦ᠍ ᠪᠠᠲᠤᠯᠠᠪᠠ; ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠲᠤᠰᠭᠠᠶ ᠵᠥᠪᠯᠡᠯ ᠪᠠᠢᠭᠤᠯᠬᠤ ᠲᠤᠬᠠᠶ ᠲᠣᠭ᠍ᠲᠠᠭᠠᠯ (ᠲᠥᠰᠦᠯ) ᠤ᠋ᠨ ᠲᠣᠳᠣᠷᠬᠠᠢᠯᠠᠯᠲᠠ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠡᠯ᠎ᠡ ᠲᠤᠰᠭᠠᠶ ᠵᠥᠪᠯᠡᠯ᠎ᠦᠨ ᠡᠷᠬᠢᠯᠡᠭ᠌ᠴᠢ᠂ ᠳᠡᠳ᠋ ᠡᠷᠬᠢᠯᠡᠭ᠌ᠴᠢ᠎ᠶ᠋ᠢᠨ ᠨᠡᠷᠡᠰ (ᠲᠥᠰᠦᠯ) ᠤ᠋ᠨ ᠲᠤᠬᠠᠶ ᠲᠣᠳᠣᠷᠬᠠᠢᠯᠠᠯᠲᠠ᠎ᠶ᠋ᠢ ᠰᠣᠨᠣᠰᠪᠠ᠃
ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ᠎ᠶ᠋ᠢᠨ ᠲᠣᠪᠴᠢᠶ᠎ᠠ ᠵᠢᠨᠭᠡᠱᠢᠭᠦᠨ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ ᠡᠬᠢᠯᠡᠬᠦ ᠬᠤᠷᠠᠯ᠎ᠢ ᠡᠷᠭᠢᠯᠡᠪᠡ᠃ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠪᠥᠭᠡᠳ ᠨᠠᠷᠢᠨ ᠪᠢᠴᠢᠭ᠎ᠦᠨ ᠳᠠᠷᠤᠭ᠎ᠠ ᠸᠠᠩ ᠳ᠋ᠦᠩ ᠹᠸᠩ ᠬᠣᠯᠪᠣᠭ᠍ᠳᠠᠯ ᠪᠥᠬᠥᠶ ᠵᠥᠪᠯᠡᠬᠦ᠌ ᠵᠦᠢᠯ᠎ᠦᠨ ᠲᠤᠬᠠᠶ ᠲᠣᠳᠣᠷᠬᠠᠢᠯᠠᠯᠲᠠ ᠬᠢᠪᠠ᠃
ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠬᠤ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠸ᠋ ᠴᠢᠶᠠᠩ᠂ ᠫᠠᠪᠠᠯᠠ·ᠭᠧᠯᠸᠭ᠌ᠨᠡᠮᠵᠢᠯ᠂ ᠾᠧ ᠾᠧᠦ ᠬᠤᠸᠠ ᠂ ᠯᠢᠶᠠᠩ ᠵᠧᠨ ᠶᠢᠩ ᠂ ᠪᠠᠭᠠᠲᠤᠷ ᠂ ᠰᠤ᠌ ᠬᠣᠶ ᠂ ᠱᠤᠤ ᠬᠣᠩ ᠂ ᠭᠤᠤ ᠶᠦᠨ ᠯᠦᠩ ᠂ ᠴᠧᠨ ᠦ᠋ ᠂ ᠮᠥ᠍ ᠬᠣᠩ ᠂ ᠱᠢᠶᠠᠨ ᠬᠣᠶ ᠂ ᠵᠢᠶᠠᠩ ᠱᠢᠨ ᡁᠢ ᠂ ᠵᠢᠶᠠᠩ ᠽᠦᠸᠧ ᠵᠢᠶᠦ᠋ᠨ ᠂ ᠾᠧ ᠪᠦᠦ ᠱᠢᠶᠠᠩ ᠂ ᠸᠠᠩ ᠭᠤᠸᠠᠩ ᠴᠢᠶᠠᠨ ᠂ ᠴᠢᠨ ᠪᠥᠸᠧ ᠶᠦᠩ ᠂ ᠵᠦ᠍ ᠶᠦᠩ ᠱᠢᠨ ᠂ ᠶᠠᠩ ᠵᠧᠨ ᠬᠤᠷᠠᠯ᠎ᠳᠤ ᠣᠷᠣᠯᠴᠠᠪᠠ᠃
( ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 12 ᠤ᠋ᠨ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃