2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-13 11:07:58

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3


QQ截图20230313101144.png

ᠯᠢ ᠱᠠᠩ ᠹᠦ᠋


ᠯᠢ ᠱᠠᠩ ᠹᠦ᠋ ᠂ ᠡᠷᠡᠭ᠌ᠲᠡᠢ ᠂ ᠬᠢᠲᠠᠳ ᠦᠨᠳᠦᠰᠦᠲᠡᠨ᠂ 1958 ᠣᠨ᠎ᠤ 2 ᠰᠠᠷ᠎ᠠ᠎ᠳᠤ ᠲᠦᠷᠦᠵᠠᠢ ᠂ ᠵᠢᠶᠠᠩᠰᠢ᠎ᠶ᠋ᠢᠨ ᠱᠢᠩᠭᠦ᠋ᠸᠸ ᠶ᠋ᠢᠨ ᠬᠥᠮᠦᠨ᠃ 1974 ᠣᠨ᠎ᠤ 5 ᠰᠠᠷ᠎ᠠ᠎ᠳᠤ ᠠᠵᠢᠯ᠎ᠳᠤ ᠣᠷᠣᠵᠤ ᠂ 1982 ᠣᠨ᠎ᠤ 8 ᠰᠠᠷ᠎ᠠ᠎ᠳᠤ ᠴᠡᠷᠢᠭ᠎ᠲᠦ ᠣᠷᠣᠵᠤ ᠂ 1980 ᠣᠨ᠎ᠤ 6 ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠵᠠᠢ᠃ ᠴᠦᠩᠴᠢᠩ ᠶᠡᠬᠡ ᠰᠤᠷᠭᠠᠭᠤᠯᠢ᠎ᠶ᠋ᠢᠨ ᠡᠵᠡᠮᠱᠢᠯ᠎ᠦᠨ ᠤᠨᠤᠯ ᠪᠠ ᠡᠵᠡᠮᠱᠢᠯ᠎ᠦᠨ ᠢᠨᠵᠧᠨᠧᠷᠢᠩ᠎ᠦᠨ ᠲᠤᠰᠭᠠᠢ ᠮᠡᠷᠭᠡᠵᠢᠯ᠎ᠡᠴᠡ ᠲᠡᠭᠦᠰᠴᠡᠢ ᠂ ᠠᠵᠢᠯ᠎ᠤᠨ ᠪᠠᠢᠷᠢ ᠲᠡᠭᠡᠷ᠎ᠠ ᠪᠡᠨ ᠰᠤᠷᠤᠯᠴᠠᠬᠰᠡᠨ ᠠᠰᠫᠢᠷᠠᠨᠲ᠎ᠤᠨ ᠰᠤᠷᠤᠯᠭ᠎ᠠ᠎ᠶ᠋ᠢᠨ ᠨᠠᠮᠲᠠᠷ᠎ᠲᠠᠶ᠂ ᠢᠨᠵᠸᠨ᠋ᠸᠷᠢᠩ ᠤ᠋ᠨ ᠤᠬᠠᠭᠠᠨ᠎ᠤ ᠳ᠋ᠣᠺᠲ᠋ᠣᠷ ᠴᠣᠯᠠ᠎ᠲᠠᠶ᠃

ᠤᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠡᠱᠢᠭᠦᠨ ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠭᠡᠱᠢᠭᠦᠨ᠂ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠭᠡᠱᠢᠭᠦᠨ ᠂ ᠲᠦᠷᠦ᠍᠎ᠶ᠋ᠢᠨ ᠶᠠᠪᠤᠳᠠᠯ᠎ᠤᠨ ᠭᠡᠱᠢᠭᠦᠨ ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠶᠠᠮᠤᠨ᠎ᠤ ᠰᠠᠢᠳ ᠎ᠤᠨ ᠲᠤᠱᠢᠶᠠᠯ᠎ᠢ ᠡᠭᠦᠷᠭᠡᠯᠡᠵᠦ᠍ ᠪᠠᠢᠨ᠎ᠠ ᠃ ᠬᠠᠭᠤᠷᠠᠢ ᠵᠠᠮ᠎ᠤᠨ ᠴᠡᠷᠢᠭ᠎ᠦᠨ ᠬᠤᠷᠠᠩᠳᠠ ᠭᠧᠨᠧᠷᠠᠯ᠎ᠤᠨ ᠴᠡᠷᠢᠭ᠎ᠦᠨ ᠴᠣᠯᠠ᠎ᠲᠠᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面