2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-14 10:16:13

ᠵᠣᠬᠢᠶᠠᠭ᠍ᠴᠢ᠄ ᠾᠧᠦ ᠱᠢᠤᠸᠠᠢ ᠵᠢᠩ ᠳ᠋ᠤᠸᠠᠨ ᠱᠢᠤᠢ ᠰᠶ᠋ᠶᠸ ᠰᠢ ᠶᠣᠣ ᠣᠩᠱᠢᠭ᠍ᠰᠠᠨ ᠣᠳᠠᠭ᠎ᠠ᠄ 3

《ᠶᠠᠳᠠᠭᠤ᠎ᠡᠴᠡ ᠠᠩᠭᠢᠵᠢᠷᠠᠭᠤᠯᠬᠤ ᠪᠤᠭᠤᠮᠳᠠ ᠱᠢᠪᠲᠤᠯᠤᠬᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ 》᠂ 《 ᠶᠠᠳᠠᠭᠤ ᠡᠴᠡ ᠠᠩᠭᠢᠵᠢᠷᠠᠭᠰᠠᠨ ᠭᠠᠵᠠᠷ ᠣᠷᠣᠨ᠎ᠤ ᠠᠵᠤ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ 》᠂ 《 ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢᠨ ᠠᠵᠢᠯᠯᠠᠭ᠎ᠠ ᠵᠢ ᠠᠬᠢᠭᠤᠯᠬᠤ》 ᠁ 5 ᠤ᠋ ᠡᠳᠦᠷ ᠬᠢᠨᠠᠨ ᠵᠥᠪᠯᠡᠭᠦᠯᠬᠦ᠌᠎ᠪᠡᠷ ᠳᠡᠪᠱᠢᠭᠦᠯᠦᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠠ ᠬᠢᠨᠠᠨ ᠪᠠᠢᠴᠠᠭᠠᠯᠭᠠᠬᠤ᠎ᠪᠠᠷ ᠳᠡᠪᠱᠢᠭᠦᠯᠦᠭ᠌ᠰᠡᠨ ᠲᠥᠯᠥᠪᠯᠡᠭᠡ᠎ᠶ᠋ᠢᠨ ᠮᠡᠳᠡᠭᠦᠯᠦᠯᠲᠡ᠂ ᠲᠥᠰᠦᠪ᠎ᠦᠨ ᠮᠡᠳᠡᠭᠦᠯᠦᠯᠲᠡ᠎ᠳᠦ ᠴᠥᠮ 《 ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ 》 ᠠᠵᠢᠯ᠎ᠢ ᠰᠠᠢᠲᠤᠷ ᠬᠢᠬᠦ᠌ ᠲᠤᠬᠠᠶ ᠬᠠᠮᠢᠶ᠎ᠠ ᠪᠥᠬᠥᠶ ᠲᠣᠬᠢᠷᠠᠭᠤᠯᠤᠯᠲᠠ ᠬᠢᠪᠠ᠃ ᠰᠤᠷᠪᠤᠯᠵᠢᠯᠠᠭ᠍ᠴᠢ ᠡᠭᠦᠨ᠎ᠦ ᠲᠤᠬᠠᠶ ᠪᠥᠬᠥ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢ ᠭᠡᠱᠢᠭᠦᠳ᠎ᠢ ᠰᠤᠷᠪᠤᠯᠵᠢᠯᠠᠪᠠ᠃

ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠪᠣᠯ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠬᠣᠷᠢᠭ᠎ᠠ ᠱᠤᠭᠤᠮ᠎ᠤᠨ ᠡᠭᠦᠷᠭᠡ ᠮᠥᠨ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠬᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠬᠡᠪᠴᠢᠶᠡᠵᠢᠯ᠎ᠦᠨ ᠴᠢᠨᠠᠷᠲᠠᠶ᠎ᠪᠠᠷ ᠳᠠᠬᠢᠨ ᠶᠠᠳᠠᠭᠤᠷᠠᠬᠤ᠎ᠶ᠋ᠢ ᠡᠷᠡᠰ ᠰᠡᠷᠭᠡᠢᠯᠡᠨ᠎ᠡ ᠬᠡᠵᠥ ᠵᠢᠭᠠᠵᠥ ᠭᠠᠷᠭᠠᠪᠠ᠃ ᠲᠥᠰᠦᠪ᠎ᠦᠨ ᠮᠡᠳᠡᠭᠦᠯᠦᠯᠲᠡ᠎ᠳᠦ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠣᠷᠣᠭᠤᠯᠤᠯᠲᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠵᠤ᠂ ᠬᠤᠳᠠ ᠬᠥᠳᠡᠭᠡ᠎ᠶ᠋ᠢᠨ ᠠᠭᠤᠰᠤᠯᠴᠠᠯ ᠪᠣᠯᠤᠨ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠬᠦᠴᠦᠯᠡᠨ ᠠᠬᠢᠭᠤᠯᠤᠨ᠎ᠠ ᠭᠡᠵᠦ᠍ ᠳᠤᠷᠠᠳᠪᠠ᠃ ᠲᠥᠯᠥᠪᠯᠡᠭᠡ᠎ᠶ᠋ᠢᠨ ᠮᠡᠳᠡᠭᠦᠯᠦᠯᠲᠡ᠎ᠳᠦ᠂ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠶ ᠬᠠᠪᠰᠤᠷᠤᠨ ᠲᠡᠳᠬᠦᠬᠦ᠌ ᠱᠢᠶᠠᠨ᠎ᠳᠤ ᠳᠤᠲᠠᠭᠤᠳᠠᠯ᠎ᠢ ᠨᠥᠬᠥᠪᠥᠷᠢᠯᠡᠵᠦ᠍ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠨᠢᠭᠡ ᠪᠦᠯᠦᠭ ᠭᠣᠣᠯᠳᠠᠯᠭ᠎ᠠ᠎ᠲᠠᠶ ᠲᠦᠷᠦᠯ ᠵᠦᠢᠯ᠎ᠢ ᠬᠡᠷᠡᠭ᠌ᠵᠢᠭᠦᠯᠵᠦ᠍᠂ ᠰᠠᠭᠤᠷᠢ ᠲᠥᠬᠥᠭᠡᠷᠦᠮᠵᠢ᠎ᠶ᠋ᠢᠨ ᠨᠥᠬᠥᠴᠡᠯ᠎ᠢ ᠬᠦᠴᠦᠯᠡᠨ ᠰᠠᠢᠵᠢᠷᠠᠭᠤᠯᠵᠤ᠂ ᠶᠠᠳᠠᠭᠤ ᠡᠴᠡ ᠠᠩᠭᠢᠵᠢᠷᠠᠭᠰᠠᠨ ᠭᠠᠵᠠᠷ ᠣᠷᠣᠨ᠎ᠤ ᠠᠵᠤ ᠦᠢᠯᠡᠰ᠎ᠦᠨ ᠬᠥᠭ᠌ᠵᠢᠯ ᠮᠠᠨᠳᠤᠯ᠎ᠢ ᠠᠬᠢᠭᠤᠯᠤᠨ᠎ᠠ ᠬᠡᠵᠥ ᠳᠤᠷᠠᠳᠴᠤ ᠭᠠᠷᠭᠠᠪᠠ᠃

《ᠲᠥᠷᠥ᠎ᠶ᠋ᠢᠨ ᠪᠣᠳᠣᠯᠭ᠎ᠠ᠎ᠶ᠋ᠢᠨ ᠬᠦᠴᠦᠯᠡᠬᠦ᠌ ᠴᠡᠭ ᠪᠣᠯ ᠶᠠᠳᠠᠭᠤ ᠡᠴᠡ ᠠᠩᠭᠢᠵᠢᠷᠠᠭ᠍ᠰᠠᠨ ᠭᠠᠵᠠᠷ ᠣᠷᠣᠨ᠎ᠤ ᠬᠥᠭ᠌ᠵᠢᠯᠲᠡ᠎ᠶ᠋ᠢ ᠠᠬᠢᠭᠤᠯᠬᠤ ᠪᠡᠷ ᠭᠤᠤᠯᠳᠠᠭᠤᠯᠵᠥ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ᠎ᠢ ᠨᠡᠩ ᠢᠯᠡᠬᠦᠦ ᠪᠡᠬᠢᠵᠢᠭᠦᠯᠦᠨ ᠥᠷᠭᠡᠳᠭᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶᠢ ᠵᠣᠯᠭᠠᠭᠤᠯᠤᠨ ᠠᠬᠢᠭᠤᠯᠵᠤ᠂ ᠶᠠᠳᠠᠭᠤ ᠡᠴᠡ ᠠᠩᠭᠢᠵᠢᠷᠠᠭ᠍ᠰᠠᠨ ᠣᠯᠠᠨ ᠲᠦᠮᠡᠨ᠎ᠦ ᠣᠷᠣᠯᠭ᠎ᠠ᠎ᠶ᠋ᠢ ᠨᠡᠮᠡᠭ᠌ᠳᠡᠭᠦᠯᠬᠦ᠌᠎ᠪᠡᠷ ᠦᠨᠳᠦᠰᠦᠨ ᠠᠷᠭ᠎ᠠ ᠬᠡᠮᠵᠢᠶ᠎ᠡ ᠪᠣᠯᠭᠠᠵᠤ᠂ ᠶᠠᠳᠠᠭᠤ ᠡᠴᠡ ᠠᠩᠭᠢᠵᠢᠷᠠᠭ᠍ᠰᠠᠨ ᠱᠢᠶᠠᠨ᠎ᠤ ᠳᠦᠷᠬᠡᠨ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠱᠢᠪᠲᠤᠯᠤᠯᠲᠠ᠎ᠶ᠋ᠢᠨ ᠴᠢᠭ᠌ᠯᠡᠯ ᠪᠣᠯᠭᠠᠵᠤ᠂ ᠬᠥᠭ᠌ᠵᠢᠯᠲᠡ᠎ᠶ᠋ᠢᠨ ᠠᠷᠭ᠎ᠠ᠎ᠪᠠᠷ ᠶᠠᠳᠠᠭᠤ ᠡᠴᠡ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠨᠠᠩ ᠪᠠᠬᠢ᠂ ᠨᠠᠩ ᠦᠷᠭᠦᠯᠵᠢᠯᠡᠬᠦᠢᠴᠡ ᠪᠣᠯᠭᠠᠬᠤ ᠶᠠᠪᠤᠳᠠᠯ ᠪᠣᠯᠤᠨ᠎ᠠ ᠬᠡᠳᠡᠭ᠎ᠢ ᠤᠯᠵᠥ ᠬᠠᠷᠠᠵᠥ ᠪᠤᠯᠤᠨ᠎ᠠ》ᠬᠡᠵᠥ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠵᠠᠬᠢᠷᠤᠯ ᠰᠦᠨ ᠴᠢ ᠱᠢᠨ ᠲᠥᠯᠥᠭᠡᠯᠡᠭ᠌ᠴᠢ ᠬᠡᠯᠡᠪᠡ᠃

ᠱᠢᠯᠵᠢᠯᠲᠡ᠎ᠶ᠋ᠢᠨ ᠬᠤᠭᠤᠴᠠᠭᠠᠨ᠎ᠳᠤ ᠭᠤᠤᠯ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢ ᠶᠡᠷᠦᠩᠬᠡᠶ᠎ᠳᠡᠭᠡᠨ ᠲᠣᠭ᠍ᠲᠠᠭᠤᠨ ᠪᠠᠢᠯᠭᠠᠬᠤ᠎ᠶ᠋ᠢ ᠪᠠᠲᠤᠯᠠᠬᠤ᠎ᠪᠠᠷ ᠳᠠᠮᠵᠢᠭᠤᠯᠤᠨ᠂ ᠮᠠᠨ᠎ᠤ ᠤᠯᠤᠰ᠎ᠤᠨ ᠶᠠᠳᠠᠭᠤ ᠡᠴᠡ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠬᠦ᠌ ᠠᠵᠢᠯ ᠢᠳᠡᠪᠬᠢᠲᠡᠶ ᠦᠷ᠎ᠡ ᠪᠦᠲᠦᠮᠵᠢ ᠣᠯᠵᠤ᠂ ᠶᠠᠳᠠᠭᠤ ᠡᠴᠡ ᠠᠩᠭᠢᠵᠢᠷᠠᠭᠤᠯᠤᠭ᠍ᠰᠠᠨ ᠭᠠᠵᠠᠷ ᠣᠷᠣᠨ ᠪᠠ ᠶᠠᠳᠠᠭᠤ ᠡᠴᠡ ᠠᠩᠭᠢᠵᠢᠷᠠᠭᠤᠯᠤᠭ᠍ᠰᠠᠨ ᠬᠥᠮᠦᠨ ᠠᠮᠠ᠎ᠶ᠋ᠢᠨ ᠣᠷᠣᠯᠭ᠎ᠠ ᠨᠡᠯᠢᠶᠡᠳ ᠲᠦᠷᠭᠡᠨ ᠨᠡᠮᠡᠭ᠌ᠳᠡᠪᠡ᠃ ᠲᠣᠭ᠎ᠠ ᠪᠠᠷᠢᠮᠲᠠ᠎ᠳᠤ ᠬᠠᠷᠠᠭᠤᠯᠤᠭ᠍ᠰᠠᠨ ᠎ᠢᠶᠠᠷ᠂ 2022 ᠣᠨ᠎ᠳᠤ᠂ ᠶᠠᠳᠠᠭᠤ ᠡᠴᠡ ᠠᠩᠭᠢᠵᠢᠷᠠᠬᠰᠠᠨ ᠱᠢᠶᠠᠨ᠎ᠤ ᠲᠠᠷᠢᠶᠠᠴᠢᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ᠂ ᠶᠠᠳᠠᠭᠤ ᠡᠴᠡ ᠠᠩᠭᠢᠵᠢᠷᠠᠬᠰᠠᠨ ᠬᠥᠮᠦᠨ ᠠᠮᠠ᠎ᠶ᠋ᠢᠨ ᠬᠥᠮᠦᠨ ᠳᠤᠮᠳᠠᠴᠢ᠎ᠶ᠋ᠢᠨ ᠴᠡᠪᠡᠷ ᠣᠷᠣᠯᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ ᠴᠥᠮ ᠪᠦᠬᠦ᠌ ᠤᠯᠤᠰ᠎ᠤᠨ ᠲᠠᠷᠢᠶᠠᠴᠢᠳ᠎ᠤᠨ ᠳᠤᠮᠳᠠᠴᠢ ᠲᠦᠪᠱᠢᠨ᠎ᠡᠴᠡ ᠥᠨᠳᠥᠷ ᠪᠣᠯᠵᠠᠢ;ᠶᠠᠳᠠᠭᠤ ᠡᠴᠡ ᠠᠩᠭᠢᠵᠢᠷᠠᠭ᠍ᠰᠠᠨ ᠬᠥᠮᠦᠨ ᠠᠮᠠ᠎ᠶ᠋ᠢᠨ ᠬᠥᠮᠦᠨ ᠳᠤᠮᠳᠠᠴᠢ᠎ᠶ᠋ᠢᠨ ᠴᠡᠪᠡᠷ ᠣᠷᠣᠯᠭ᠎ᠠ 14342 ᠲᠥᠭᠥᠷᠢᠭ᠎ᠲᠦ ᠬᠦᠷᠴᠦ᠍᠂ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ 14.3% ᠎ᠪᠠᠷ ᠨᠡᠮᠡᠭ᠌ᠳᠡᠪᠡ᠃

ᠲᠥᠰᠦᠪ᠎ᠦᠨ ᠮᠡᠳᠡᠭᠦᠯᠦᠯᠲᠡ᠎ᠳᠦ᠂ ᠲᠥᠪ᠎ᠦᠨ ᠡᠳ᠋᠎ᠦᠨ ᠵᠠᠰᠠᠭ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠵᠤᠯᠭᠠᠭᠤᠯᠵᠥ ᠠᠬᠢᠭᠤᠯᠬᠤ ᠨᠥᠬᠥᠪᠥᠷᠢ ᠪᠠᠯᠠ ᠮᠥᠩᠭᠥ᠎ᠶ᠋ᠢᠨ ᠬᠡᠪᠴᠢᠶ᠎ᠡ᠎ᠶ᠋ᠢ ᠴᠢᠨᠠᠭ᠍ᠰᠢᠳᠠ ᠨᠡᠮᠡᠭ᠌ᠳᠡᠭᠦᠯᠵᠦ᠍᠂ 1750 ᠳ᠋ᠦᠩᠱᠢᠭᠤᠷ ᠲᠥᠭᠥᠷᠢᠭ ᠲᠣᠬᠢᠷᠠᠭᠤᠯᠵᠤ᠂ 100 ᠳ᠋ᠦᠩᠱᠢᠭᠤᠷ ᠲᠥᠭᠥᠷᠢᠭ ᠨᠡᠮᠡᠭ᠌ᠳᠡᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠰᠠᠭᠤᠷᠢ ᠪᠠᠷᠤᠭ᠍ᠲᠠᠶ ᠭᠠᠵᠠᠷ ᠣᠷᠣᠨ ᠳᠠᠢᠰᠢ ᠭᠤᠤᠯᠳᠠᠯᠭ᠎ᠠ᠎ᠲᠠᠶ ᠬᠡᠯᠪᠡᠢᠯᠭᠡᠨ᠎ᠡ᠃ ᠡᠭᠦᠨ᠎ᠳᠦ᠂ ᠠᠵᠤ ᠦᠶ᠋ᠯᠡᠰ᠎ᠦᠨ ᠬᠥᠭ᠌ᠵᠢᠯᠲᠡ᠎ᠳᠦ ᠬᠡᠷᠡᠭ᠌ᠯᠡᠬᠦ᠌ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠵᠤᠯᠭᠠᠭᠤᠯᠵᠥ ᠠᠬᠢᠭᠤᠯᠬᠤ ᠨᠥᠬᠥᠪᠥᠷᠢ ᠪᠠᠯᠠ ᠮᠥᠩᠭᠥ᠎ᠶ᠋ᠢᠨ ᠡᠵᠡᠯᠡᠬᠦ᠌ ᠬᠠᠷᠢᠴᠠᠯ᠎ᠢ 60% ᠡᠴᠡ ᠳᠡᠭᠡᠭ᠌ᠰᠢ ᠪᠣᠯᠲᠠᠯ᠎ᠠ ᠳᠡᠭᠡᠭ᠌ᠰᠢᠯᠡᠭᠦᠯᠬᠦ᠌᠎ᠪᠡᠷ ᠴᠢᠷᠮᠠᠢᠨ᠎ᠠ ᠬᠡᠵᠥ ᠳᠤᠷᠠᠳᠴᠤ ᠭᠠᠷᠭᠠᠪᠠ᠃

《ᠲᠥᠪ ᠎ᠤᠨ ᠡᠳ᠋ ᠎ᠤᠨ ᠵᠠᠰᠠᠭ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠢ ᠵᠤᠯᠭᠠᠭᠤᠯᠵᠥ ᠠᠬᠢᠭᠤᠯᠬᠤ ᠨᠥᠬᠥᠪᠥᠷᠢ ᠪᠡᠯᠡ ᠮᠥᠩᠭᠥ᠎ᠶ᠋ᠢ 100 ᠳ᠋ᠦᠩᠱᠢᠭᠤᠷ ᠲᠥᠭᠥᠷᠢᠭ ᠨᠡᠮᠡᠭ᠌ᠳᠡᠭᠦᠯᠦᠨ᠎ᠠ ᠭᠡᠳᠡᠭ ᠡᠴᠡ ᠬᠥᠳᠡᠭᠡ ᠠᠵᠤ ᠠᠬᠤᠢ᠎ᠶ᠋ᠢᠨ ᠬᠦᠴᠦᠷᠬᠡᠭ ᠤᠯᠤᠰ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠤᠨ ᠰᠠᠭᠤᠷᠢ ᠪᠣᠯᠬᠤ᠎ᠶ᠋ᠢ ᠨᠡᠩ ᠢᠯᠡᠭᠦᠦ ᠢᠯᠡᠷᠡᠭᠦᠯᠪᠡ 》 ᠬᠡᠵᠥ ᠭᠢᠷᠢᠨ ᠮᠤᠵᠢ᠎ᠶ᠋ᠢᠨ ᠰᠧ ᠫᠢᠩ ᠬᠣᠲᠠ᠎ᠶ᠋ᠢᠨ ᠯᠢ ᠱᠤ᠌ ᠱᠢᠶᠠᠨ᠎ᠤ ᠹᠸᠩ ᠬᠤᠸᠠᠩ ᠱᠠᠨ ᠲᠠᠷᠢᠶᠠᠯᠠᠩ᠎ᠤᠨ ᠮᠠᠱᠢᠨ᠎ᠤ ᠲᠠᠷᠢᠶᠠᠴᠢᠳ᠎ᠤᠨ ᠲᠤᠰᠭᠠᠶ ᠬᠣᠷᠱᠢᠶᠠᠨ᠎ᠤ ᠬᠡᠷᠡᠭ ᠡᠷᠬᠢᠯᠡᠭ᠌ᠴᠢᠳ᠎ᠦᠨ ᠳᠠᠷᠤᠭ᠎ᠠ ᠬᠠᠨ ᠹᠸᠩ ᠱᠢᠶᠠᠩ ᠲᠥᠯᠥᠭᠡᠯᠡᠭ᠌ᠴᠢ ᠦᠵᠡᠬᠦ ᠵᠢᠨ ᠬᠠᠮᠳᠤ᠂ ᠵᠤᠯᠭᠠᠭᠤᠯᠬᠤ ᠪᠠᠯᠠ ᠮᠥᠩᠭᠥ᠎ᠶ᠋ᠢ ᠬᠡᠷᠡᠭᠯᠡᠬᠦ ᠳ᠋ᠤ ᠭᠤᠤᠯᠳᠠᠯᠭ᠎ᠠ᠎ᠪᠠᠨ ᠨᠠᠩ ᠳᠣᠪᠣᠢᠯᠭᠠᠵᠤ᠂ ᠠᠮᠤ ᠪᠤᠳᠠᠭᠠᠨ᠎ᠤ ᠠᠮᠤᠷ ᠲᠦᠪᠱᠢᠨ ᠪᠠ ᠬᠡᠪᠴᠢᠶᠡᠵᠢᠯ᠎ᠤᠨ ᠴᠢᠨᠠᠷᠲᠠᠶ᠎ᠪᠠᠷ ᠳᠠᠬᠢᠨ ᠶᠠᠳᠠᠭᠤᠷᠠᠬᠤ ᠥᠬᠡᠶ ᠪᠠᠢᠬᠤ ᠵᠡᠷᠭᠡ ᠬᠤᠷᠢᠭ᠎ᠠ ᠱᠤᠭᠤᠮ᠎ᠢ ᠪᠠᠲᠤ ᠰᠠᠬᠢᠬᠤ᠎ᠶ᠋ᠢᠨ ᠬᠠᠮᠲᠤ ᠂ 《 ᠨᠤᠲᠤᠭ᠎ᠤᠨ ᠣᠨᠴᠠ ᠭᠠᠷᠤᠯᠲᠠ 》 ᠵᠢᠨ ᠠᠵᠢᠯ᠎ᠢ ᠰᠠᠢᠲᠤᠷ ᠬᠢᠬᠦ᠌ ᠰᠡᠳᠭᠢᠬᠦᠶ᠎ᠪᠡᠷ ᠬᠥᠳᠡᠭᠡ ᠲᠣᠰᠭᠣᠨ᠎ᠤ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠵᠤ᠂ ᠥᠭᠡᠷᠡᠴᠢᠯᠡᠯᠲᠡ᠎ᠶ᠋ᠢᠨ ᠠᠷᠭ᠎ᠠ᠎ᠪᠠᠷ ᠣᠯᠠᠨ ᠲᠦᠮᠡᠨ᠎ᠦ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠬᠦ᠌ ᠰᠠᠭᠤᠷᠢ᠎ᠶ᠋ᠢ ᠪᠡᠬᠢᠵᠢᠭᠦᠯᠵᠦ᠍᠂ ᠠᠵᠢᠯᠯᠠᠵᠥ ᠠᠮᠢᠳᠤᠷᠠᠬᠤ ᠳ᠋ᠤ ᠲᠣᠬᠢᠲᠠᠶ ᠪᠠᠢᠬᠤ ᠪᠠ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠥᠲᠥᠭᠡᠨ ᠪᠠᠢᠭᠤᠯᠬᠤ᠎ᠳᠤ ᠭᠠᠵᠠᠷ ᠣᠷᠣᠨ᠎ᠤ ᠣᠨᠴᠠᠯᠢᠭ᠎ᠢ ᠨᠠᠩ ᠢᠯᠡᠭᠦᠦ ᠢᠯᠡᠷᠡᠭᠦᠯᠬᠦ᠌ ᠬᠡᠷᠡᠭ᠌ᠲᠡᠶ ᠭᠡᠪᠡ᠃

ᠠᠵᠤ ᠦᠢᠯᠡᠰ ᠎ᠢ ᠬᠥᠭ᠌ᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠤᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠂ ᠬᠥᠳᠡᠭᠡ ᠲᠣᠰᠭᠣᠨ᠎ᠤ ᠤᠨᠴᠠᠯᠢᠬ᠍ᠳᠤ ᠠᠵᠤ ᠦᠢᠯᠡᠰ᠎ᠢ ᠬᠥᠭ᠌ᠵᠢᠭᠦᠯᠵᠦ᠍ ᠂ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭ᠌ᠳᠡᠭᠦᠯᠵᠦ᠍ ᠪᠠᠶᠠᠵᠢᠬᠤ ᠠᠷᠭ᠎ᠠ ᠵᠠᠮ᠎ᠢ ᠥᠷᠭᠡᠳᠭᠡᠨ᠎ᠡ ᠬᠡᠵᠥ ᠵᠢᠭᠠᠵᠥ ᠭᠠᠷᠭᠠᠪᠠ ᠃ ᠲᠥᠯᠥᠪᠯᠡᠭᠡ᠎ᠶ᠋ᠢᠨ ᠮᠡᠳᠡᠭᠦᠯᠦᠯᠲᠡ᠎ᠳᠦ᠂ ᠬᠥᠳᠡᠭᠡ ᠲᠣᠰᠭᠣᠨ᠎ᠤ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ ᠬᠡᠵᠥ ᠳᠤᠷᠠᠳᠴᠤ ᠭᠠᠷᠭᠠᠪᠠ᠃

《 ᠬᠥᠳᠡᠭᠡ ᠠᠵᠤ ᠠᠬᠤᠢ᠎ᠶ᠋ᠢᠨ ᠠᠵᠤ ᠦᠢᠯᠡᠰ ᠰᠠᠷᠠᠭᠤᠯ ᠢᠷᠡᠬᠡᠳᠤᠢ᠎ᠲᠡᠶ ᠶᠤᠮ᠂ ᠭᠠᠬᠴᠠ ᠬᠦ᠌ ᠬᠥᠳᠡᠭᠡ ᠲᠣᠰᠭᠣᠨ᠎ᠤ ᠠᠵᠤ ᠦᠢᠯᠡᠰ ᠬᠥᠭ᠌ᠵᠢᠨ ᠮᠠᠨᠳᠤᠪᠠᠯ ᠰᠠᠶᠢ ᠮᠡᠷᠭᠡᠵᠢᠯ᠂ ᠴᠢᠳᠠᠪᠤᠷᠢᠲᠠᠨ ᠵᠡᠷᠭᠡ᠎ᠶ᠋ᠢᠨ ᠬᠥᠳᠡᠭᠡ ᠲᠣᠰᠭᠣᠨ ᠳᠡᠢᠰᠢ ᠱᠢᠯᠵᠢᠵᠦ᠍᠂ ᠨᠡᠩ ᠤᠯᠠᠨ ᠱᠢᠯᠢᠳᠡᠭ ᠤᠶᠤᠲᠠᠳ᠎ᠤᠨ ᠬᠥᠳᠡᠭᠡ ᠠᠵᠤ ᠠᠬᠤᠢ᠎ᠳᠤ ᠣᠷᠣᠯᠴᠠᠬᠤ᠎ᠶ᠋ᠢ ᠲᠠᠲᠠᠵᠤ᠂ ᠬᠥᠳᠡᠭᠡ ᠲᠣᠰᠭᠣᠨ ᠪᠣᠯᠤᠨ ᠬᠥᠳᠡᠭᠡ ᠠᠵᠤ ᠠᠬᠤᠢ᠎ᠶ᠋ᠢ ᠠᠮᠢᠵᠢᠷᠠᠯ᠎ᠤᠨ ᠬᠦᠴᠦᠨ᠎ᠲᠡᠶ᠂ ᠡᠷᠡᠮᠡᠯᠵᠡᠯ᠎ᠲᠡᠶ ᠪᠣᠯᠭᠠᠵᠤ ᠴᠢᠳᠠᠨ᠎ᠠ 》 ᠬᠡᠵᠥ ᠮᠦ᠍ ᠶᠤᠸᠠᠨ ᠪᠤᠳᠠᠳᠤ ᠠᠵᠤ ᠦᠢᠯᠡᠰ᠎ᠦᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠣᠷᠢᠶ᠎ᠠ ᠎ᠶᠢᠨ ᠱᠦᠵᠢ ᠴᠢᠨ ᠶᠢᠩ ᠯᠢᠨ ᠲᠥᠯᠥᠭᠡᠯᠡᠭ᠌ᠴᠢ ᠦᠵᠡᠬᠦ ᠵᠢᠨ ᠬᠠᠮᠳᠤ᠂ ᠬᠥᠳᠡᠭᠡ ᠲᠣᠰᠭᠣᠨ᠎ᠤ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠤᠨᠴᠠᠯᠢᠬ᠍ᠳᠤ ᠡᠬᠢ ᠪᠠᠶᠠᠯᠢᠭ᠎ᠲᠤ ᠲᠦᠱᠢᠭ᠌ᠯᠡᠵᠦ᠍᠂ ᠬᠥᠳᠡᠭᠡ ᠲᠣᠰᠭᠣᠨ᠎ᠤ ᠠᠵᠤ ᠦᠢᠯᠡᠰ᠎ᠢ ᠶᠡᠬᠡ᠎ᠪᠡᠷ ᠬᠥᠭ᠌ᠵᠢᠭᠦᠯᠵᠦ᠍᠂ ᠬᠥᠳᠡᠭᠡ ᠲᠣᠰᠭᠣᠨ᠎ᠤ ᠤᠯᠠᠨ ᠡᠱᠢᠲᠦ ᠦᠷᠳᠡᠭ᠎ᠢ ᠠᠭᠤᠳᠠᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠱᠢᠪᠲᠤᠯᠤᠯᠲᠠ᠎ᠶ᠋ᠢᠨ ᠴᠡᠭ᠎ᠢ ᠣᠨᠣᠪᠴᠢᠲᠠᠢ ᠰᠣᠩᠭᠣᠵᠤ᠂ ᠭᠤᠷᠪᠠ ᠤᠳᠠᠭ᠎ᠠ ᠵᠢᠨ ᠠᠵᠤ ᠦᠢᠯᠡᠰ᠎ᠦᠨ ᠠᠭᠤᠰᠤᠯᠴᠠᠯ᠎ᠤᠨ ᠦᠷᠡᠵᠢᠭᠦᠯᠬᠦ᠌ ᠦᠢᠯᠡᠳᠦᠯ᠎ᠢ ᠪᠠᠳᠠᠷᠠᠭᠤᠯᠵᠤ᠂ ᠲᠠᠭᠠᠭᠤᠯᠤᠭ᠍ᠴᠢ᠎ᠶ᠋ᠢ ᠬᠦᠴᠦᠷᠬᠡᠭ᠌ᠵᠢᠭᠦᠯᠬᠦ᠌᠂ ᠬᠡᠯᠬᠢᠶ᠎ᠡ᠎ᠶ᠋ᠢ ᠨᠥᠬᠥᠪᠥᠷᠢᠯᠡᠬᠦ᠌᠂ ᠡᠵᠡᠩᠨᠡᠯᠲᠡ᠎ᠶ᠋ᠢᠨ ᠬᠡᠯᠪᠡᠷᠢ᠎ᠶ᠋ᠢ ᠬᠥᠭ᠌ᠵᠢᠭᠦᠯᠬᠦ᠌᠂ ᠲᠦᠷᠦᠯ ᠲᠡᠮᠳᠡᠭ᠎ᠢ ᠱᠤᠭᠤᠬᠤ᠎ᠪᠠᠷ ᠬᠦᠴᠦᠯᠡᠵᠦ᠍᠂ ᠠᠵᠤ ᠦᠢᠯᠡᠰ᠎ᠦᠨ ᠵᠠᠬ᠎ᠠ ᠳᠡᠯᠭᠡᠭᠦᠷ᠎ᠦᠨ ᠦᠷᠢᠰᠦᠯᠳᠦᠬᠦ᠌ ᠬᠦᠴᠦᠨ ᠪᠣᠯᠤᠨ ᠠᠶᠤᠯ ᠲᠦᠭ᠌ᠰᠢᠭᠦᠷᠢ᠎ᠶ᠋ᠢ ᠡᠰᠡᠷᠭᠦᠴᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠲᠠᠷᠢᠶᠠᠴᠢᠳ᠎ᠤᠨ ᠲᠤᠬᠠᠢ᠎ᠶ᠋ᠢᠨ ᠭᠠᠵᠠᠷ ᠤᠢ᠍ᠢᠷ᠎ᠠ ᠬᠠᠪᠢ᠎ᠳᠠᠭᠠᠨ ᠠᠵᠢᠯ ᠣᠯᠵᠤ ᠦᠢᠯᠡᠰ ᠪᠤᠰᠭᠠᠬᠤ ᠵᠢ ᠳᠠᠢᠴᠢᠯᠠᠬᠤ ᠬᠡᠷᠡᠭ᠌ᠲᠡᠢ ᠭᠡᠪᠡ᠃

《ᠪᠢᠳᠠ ᠠᠵᠤ ᠠᠬᠤᠢᠯᠠᠯ᠎ᠤᠨ ᠳᠠᠢᠴᠢᠯᠠᠬᠤ ᠦᠢᠯᠡᠳᠦᠯ ᠎ᠢ ᠭᠦᠢᠴᠡᠳ ᠪᠠᠳᠠᠷᠠᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠤᠨᠴᠠᠯᠢᠬ᠍ᠳᠤ ᠡᠬᠢ ᠪᠠᠶᠠᠯᠢᠭ᠎ᠲᠤ ᠴᠢᠩᠭ᠎ᠠ ᠲᠦᠱᠢᠭ᠌ᠯᠡᠵᠦ᠍᠂ ᠬᠥᠳᠡᠭᠡ ᠲᠣᠰᠭᠣᠨ᠎ᠤ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ 》 ᠬᠡᠵᠥ ᠮᠸᠩ ᠨᠢᠤ ᠪᠦᠯᠦᠭ᠌ᠯᠡᠯ᠎ᠦᠨ ᠰᠤᠳᠤᠯᠤᠨ ᠨᠡᠭᠡᠭᠡᠵᠥ ᠱᠢᠨ᠎ᠡ᠎ᠶ᠋ᠢ ᠡᠭᠦᠳᠬᠦ᠌ ᠬᠡᠯᠲᠡᠰ᠎ᠦᠨ ᠰᠤᠳᠤᠯᠤᠨ ᠨᠡᠭᠡᠭᠡᠬᠦ᠌ ᠶᠡᠷᠦᠩᠬᠡᠶ ᠬᠢᠨᠠᠭ᠍ᠴᠢ ᠱ᠌ᠢ ᠢᠦᠶ ᠳ᠋ᠦᠩ ᠲᠥᠯᠥᠭᠡᠯᠡᠭ᠌ᠴᠢ ᠦᠵᠡᠬᠦ ᠵᠢᠨ ᠬᠠᠮᠳᠤ᠂ ᠣᠢᠷ᠎ᠠ᠎ᠶ᠋ᠢᠨ ᠵᠢᠯ᠎ᠦᠳ᠎ᠲᠦ ᠬᠦᠳᠡᠬᠡ ᠠᠵᠥ ᠠᠬᠤᠢ ᠵᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠬᠥᠭ᠌ᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠠᠮ᠎ᠤᠨ ᠪᠠᠢᠭᠤᠯᠤᠯᠲᠠ᠎ᠪᠠᠷ ᠬᠥᠳᠡᠭᠡ ᠲᠣᠰᠭᠣᠨ᠎ᠤ ᠠᠵᠤ ᠦᠶ᠋ᠯᠡᠰ᠎ᠦᠨ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ᠎ᠪᠠᠷ ᠳᠠᠮᠵᠢᠭᠤᠯᠤᠨ᠂ ᠬᠥᠳᠡᠭᠡ ᠲᠣᠰᠭᠣᠨ᠎ᠤ ᠡᠬᠢ ᠪᠠᠶᠠᠯᠢᠭ᠎ᠤᠨ ᠳᠠᠪᠠᠭᠤᠯᠢᠭ᠂ ᠠᠮᠢ ᠠᠬᠤᠶ᠎ᠶ᠋ᠢᠨ ᠳᠠᠪᠠᠭᠤᠯᠢᠭ᠂ ᠰᠣᠶᠣᠯ᠎ᠤᠨ ᠳᠠᠪᠠᠭᠤᠯᠢᠭ᠎ᠢ ᠠᠵᠤ ᠦᠶ᠋ᠯᠡᠰ᠎ᠦᠨ ᠳᠠᠪᠠᠭᠤᠯᠢᠭ ᠪᠣᠯᠭᠠᠨ ᠬᠤᠪᠢᠷᠠᠭᠤᠯᠵᠤ ᠪᠠᠢᠨ᠎ᠠ ᠬᠡᠪᠡ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢ ᠠᠬᠢᠭᠤᠯᠤᠨ᠎ᠠ ᠬᠡᠵᠥ ᠳᠤᠷᠠᠳᠤᠨ ᠭᠠᠷᠭᠠᠪᠠ᠃ ᠲᠥᠯᠥᠪᠯᠡᠭᠡ᠎ᠶ᠋ᠢᠨ ᠮᠡᠳᠡᠭᠦᠯᠦᠯᠲᠡ᠎ᠳᠦ᠂ 《 ᠬᠥᠳᠡᠭᠡ ᠲᠣᠰᠭᠣᠨ᠎ᠤ ᠣᠷᠣᠱᠢᠨ ᠰᠠᠭᠤᠷᠢᠱᠢᠬᠤ ᠣᠷᠴᠢᠨ ᠲᠣᠭᠣᠷᠢᠨ᠎ᠢ ᠴᠡᠭ᠌ᠴᠡᠯᠡᠨ ᠵᠠᠰᠠᠵᠤ ᠳᠡᠰ ᠳᠡᠪᠰᠢᠬᠦᠯᠬᠦ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠠᠬᠢᠭᠤᠯᠬᠤ 》᠂ 《 ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠥᠳᠡᠭᠡ ᠲᠣᠰᠭᠣᠨ᠎ᠤ ᠵᠣᠷᠯᠣᠩ᠎ᠤᠨ ᠥᠭᠡᠷᠡᠴᠢᠯᠡᠯᠲᠡ᠎ᠶ᠋ᠢ ᠠᠬᠢᠭᠤᠯᠬᠤ》᠂ 《ᠬᠥᠳᠡᠭᠡ ᠲᠣᠰᠭᠣᠨ᠎ᠤ ᠵᠠᠰᠠᠯᠲᠠ᠎ᠶ᠋ᠢ ᠴᠢᠩᠭᠠᠳᠭᠠᠨ ᠰᠠᠢᠵᠢᠷᠠᠭᠤᠯᠬᠤ》 ᠵᠡᠷᠭᠡ ᠠᠷᠭ᠎ᠠ ᠬᠡᠮᠵᠢᠶ᠎ᠡ᠎ᠶ᠋ᠢ ᠳᠤᠷᠠᠳᠴᠠᠶ᠃ ᠲᠥᠰᠦᠪ᠎ᠦᠨ ᠮᠡᠳᠡᠭᠦᠯᠦᠯᠲᠡ᠎ᠳᠦ᠂ 《ᠱᠢᠨ᠎ᠡ ᠬᠡᠯᠪᠡᠷᠢ ᠵᠢᠨ ᠬᠥᠳᠡᠭᠡ ᠲᠣᠰᠭᠣᠨ᠎ᠤ ᠬᠠᠮᠲᠤ᠎ᠶ᠋ᠢᠨ ᠠᠵᠤ ᠠᠬᠤᠶ᠎ᠶ᠋ᠢ ᠬᠥᠭ᠌ᠵᠢᠭᠦᠯᠬᠦ᠌᠎ᠶ᠋ᠢ ᠳᠡᠮᠵᠢᠨ᠎ᠡ 》᠂ 《 ᠬᠦᠳᠡᠭᠡ ᠠᠵᠤ ᠠᠬᠤᠢ ᠵᠢᠨ ᠪᠦᠲᠦᠭᠡᠭ᠌ᠳᠡᠬᠦᠨ᠎ᠦ ᠭᠠᠷᠤᠯᠲᠠ᠎ᠶ᠋ᠢᠨ ᠣᠷᠣᠨ᠎ᠤ ᠬᠦᠶ᠋ᠲᠡᠨ᠎ᠢᠶᠡᠷ ᠬᠠᠳᠠᠭᠠᠯᠠᠵᠤ ᠱᠢᠨ᠎ᠡ ᠰᠣᠷᠭᠣᠭ ᠪᠠᠢᠯᠭᠠᠬᠤ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠎ᠠ 》᠂ 《 ᠤᠰᠤᠨ ᠠᠱᠢᠭ᠍ᠯᠠᠯᠲᠠ᠎ᠶ᠋ᠢᠨ ᠪᠠᠯᠠ ᠣᠷᠣᠭᠤᠯᠤᠯᠲᠠ ᠪᠠ ᠤᠰᠤᠨ ᠠᠱᠢᠭ᠍ᠯᠠᠯᠲᠠ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠥᠷᠭᠡᠳᠭᠡᠬᠦ᠌᠎ᠶ᠋ᠢ ᠳᠡᠮᠵᠢᠨ᠎ᠡ》 ᠭᠡᠵᠦ᠍ ᠳᠤᠷᠠᠳᠤᠨ ᠭᠠᠷᠭᠠᠪᠠ᠃

《 ᠭᠤᠷᠪᠠᠨ ᠮᠡᠳᠡᠭᠦᠯᠦᠯᠲᠡ᠎ᠨᠢ ᠬᠠᠲᠠᠭᠤ ᠲᠤᠨᠤᠭ᠂ ᠵᠥᠭᠡᠯᠡᠨ ᠲᠤᠨᠤᠭ᠎ᠢ ᠵᠡᠷᠭᠡ᠎ᠪᠡᠷ ᠠᠳᠭᠤᠵᠤ᠂ ᠬᠥᠳᠡᠭᠡ ᠲᠣᠰᠭᠣᠨ᠎ᠤ ᠪᠦᠳᠦᠭᠡᠨ ᠪᠠᠢᠭᠤᠯᠤᠯᠲᠠ᠎ᠳᠤ ᠪᠣᠳᠠᠲᠠᠢ ᠪᠠᠢᠷᠢᠯᠠᠭᠤᠯᠤᠯᠲᠠ ᠬᠢᠵᠡᠢ᠃ ᠡᠯ᠎ᠡ ᠭᠠᠵᠠᠷ᠎ᠤᠷᠤᠨ᠎ᠤ ᠬᠢᠨ〈ᠬᠥᠳᠡᠭᠡ ᠲᠣᠰᠭᠣᠨ᠎ᠳᠤ ᠤᠳᠤ ᠦᠶ᠎ᠡ᠎ᠶ᠋ᠢᠨ ᠠᠮᠢᠳᠤᠷᠠᠯ᠎ᠤᠨ ᠨᠥᠬᠥᠴᠡᠯ᠎ᠢ ᠦᠨᠳᠦᠰᠦᠨ᠎ᠳᠡᠭᠡᠨ ᠪᠦᠷᠢᠳᠦᠬᠦᠯᠬᠦ᠌ 〉 ᠬᠠᠷᠠᠯᠲᠠ᠎ᠶ᠋ᠢ ᠬᠠᠷᠠᠭᠠᠯᠠᠨ᠂ ᠬᠥᠳᠡᠭᠡ ᠲᠣᠰᠭᠣᠨ᠎ᠤ ᠰᠠᠭᠤᠷᠢ ᠲᠥᠬᠥᠭᠡᠷᠦᠮᠵᠢ᠎ᠶ᠋ᠢᠨ ᠪᠦᠷᠢᠨ ᠲᠡᠭᠦᠯᠳᠡᠷ᠎ᠦᠨ ᠬᠡᠮᠵᠢᠶ᠎ᠡ᠂ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠲᠦᠬᠦᠮ᠎ᠦᠨ ᠬᠡᠮᠵᠢᠶ᠎ᠡ᠂ ᠣᠷᠣᠱᠢᠨ ᠰᠠᠭᠤᠷᠢᠰᠢᠬᠤ ᠣᠷᠴᠢᠨ ᠨᠥᠬᠥᠴᠡᠯ᠎ᠦᠨ ᠲᠠᠭᠠᠯᠠᠮᠵᠢᠲᠠᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠲᠠᠷᠢᠶᠠᠴᠢᠳ᠎ᠢ ᠲᠤᠬᠠᠢ᠎ᠶ᠋ᠢᠨ ᠭᠠᠵᠠᠷ᠎ᠲᠤᠨᠢ ᠤᠳᠤᠬᠢᠴᠢᠯᠠᠬᠰᠠᠨ ᠪᠣᠯᠪᠠᠰᠤᠨ ᠠᠮᠢᠳᠤᠷᠠᠯ᠎ᠢ ᠡᠳ᠋ᠯᠡᠭᠦᠯᠬᠦ᠌ ᠬᠡᠷᠡᠭ᠌ᠲᠡᠢ 》᠃ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠵᠡᠭᠦᠨ ᠬᠣᠢᠲᠤ᠎ᠶ᠋ᠢᠨ ᠭᠠᠵᠠᠷ ᠵᠦᠶ ᠬᠢᠭᠡᠳ ᠲᠠᠷᠢᠶᠠᠯᠠᠩ᠎ᠤᠨ ᠠᠮᠢ ᠠᠬᠤᠶ᠎ᠶ᠋ᠢᠨ ᠰᠤᠳᠤᠯᠭᠠᠨ᠎ᠤ ᠭᠠᠵᠠᠷ᠎ᠤᠨ ᠳᠠᠷᠤᠭ᠎ᠠ ᠵᠢᠶᠠᠩ ᠮᠢᠩ ᠭᠡᠱᠢᠭᠦᠨ᠂ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠳᠤ ᠲᠠᠷᠢᠶᠠᠴᠢᠳ᠎ᠤᠨ ᠬᠦᠰᠡᠯ ᠰᠠᠨᠠᠭ᠎ᠠ᠎ᠶ᠋ᠢ ᠬᠦᠨᠳᠦᠳᠭᠡᠨ᠂ ᠲᠠᠷᠢᠶᠠᠴᠢᠳ᠎ᠤᠨ ᠪᠥᠬᠥ᠌ ᠶᠠᠪᠤᠴᠠ᠎ᠳᠤ ᠣᠷᠣᠯᠴᠠᠬᠤ᠎ᠶ᠋ᠢ ᠬᠥᠲᠥᠯᠥᠨ ᠳᠠᠭᠠᠭᠤᠯᠬᠤ ᠰᠠᠭᠤᠷᠢᠨ ᠳᠡᠭᠡᠷ᠎ᠡ᠂ ᠬᠣᠲᠠ ᠬᠥᠳᠡᠭᠡ᠎ᠶ᠋ᠢᠨ ᠪᠠᠢᠷᠢᠱᠢᠯ᠂ ᠬᠥᠳᠡᠭᠡ ᠲᠣᠰᠭᠣᠨ᠎ᠤ ᠬᠡᠯᠪᠡᠷᠢ ᠪᠠᠢᠳᠠᠯ᠎ᠤᠨ ᠬᠤᠪᠢᠷᠠᠯᠲᠠ᠎ᠳᠤ ᠵᠣᠬᠢᠴᠠᠭᠤᠯᠤᠨ᠂ ᠠᠮᠢ ᠠᠬᠤᠶ᠎ᠶ᠋ᠢᠨ ᠨᠤᠲᠤᠭ ᠤᠰᠤᠨ᠎ᠤ ᠣᠨᠴᠠᠯᠢᠭ᠎ᠢᠶᠠᠨ ᠢᠯᠡᠷᠡᠭᠦᠯᠵᠦ᠍᠂ ᠣᠳᠣᠬᠢᠴᠢᠯᠠᠭ᠍ᠰᠠᠨ ᠠᠮᠢᠳᠤᠷᠠᠯ ᠎ᠤᠨ ᠡᠯᠧᠮᠧᠨ᠋ᠲ᠎ᠢ ᠠᠭᠤᠰᠭᠠᠨ ᠣᠷᠣᠭᠤᠯᠵᠤ᠂ ᠨᠤᠲᠤᠭ᠎ᠤᠨ ᠵᠠᠩᠱᠢᠯ ᠨᠤᠲᠤᠭ᠎ᠤᠨ ᠲᠤᠷᠠᠰᠤᠮᠵᠢ᠎ᠶᠢ ᠦᠯᠡᠳᠡᠭᠡᠬᠦ᠌ ᠬᠡᠷᠡᠭ᠌ᠲᠡᠶ ᠭᠡᠪᠡ᠃

(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面