2023-03-14 10:52:01
( 2023 ᠣᠨ ᠤ᠋ 3 ᠰᠠᠷ᠎ᠠ ᠵᠢᠨ 13 ᠤ᠋ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠡᠴᠡ ᠪᠠᠲᠤᠯᠠᠪᠠ )
ᠠᠷᠪᠠᠨ ᠳᠥᠷᠪᠡᠳᠦᠭᠡᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠠᠩᠬᠠᠳᠤᠭᠠᠷ ᠬᠤᠷᠠᠯ᠎ᠠᠴᠠ ᠲᠦᠷᠦ᠍ ᠵᠢᠨ ᠶᠠᠪᠤᠳᠠᠯ ᠤ᠋ᠨ ᠬᠣᠷᠢᠶ᠎ᠠ᠎ᠶᠢᠨ ᠳᠤᠷᠠᠳᠤᠭ᠍ᠰᠠᠨ 《 2022 ᠣᠨ ᠤ᠋ ᠤᠯᠤᠰ ᠠᠷᠠᠳ ᠤ᠋ᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ ᠵᠢᠨ ᠲᠥᠯᠥᠪᠯᠡᠭᠡ ᠵᠢ ᠬᠡᠷᠡᠭᠵᠢᠬᠦᠯᠦᠭᠰᠡᠨ ᠪᠠᠢᠳᠠᠯ ᠬᠢᠬᠡᠳ 2023 ᠣᠨ ᠤ᠋ ᠤᠯᠤᠰ ᠠᠷᠠᠳ ᠤ᠋ᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ ᠵᠢᠨ ᠲᠥᠯᠥᠪᠯᠡᠭᠡ ᠵᠢᠨ ᠲᠥᠰᠦᠯ᠎ᠦᠨ ᠲᠤᠬᠠᠢ ᠮᠡᠳᠡᠭᠦᠯᠦᠯᠲᠡ 》 ᠵᠢᠴᠢ 2023 ᠣᠨ ᠤ᠋ ᠤᠯᠤᠰ ᠠᠷᠠᠳ ᠤ᠋ᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ ᠵᠢᠨ ᠲᠥᠯᠥᠪᠯᠡᠭᠡ ᠵᠢᠨ ᠲᠥᠰᠦᠯ ᠢ᠋ ᠬᠢᠨᠠᠨ ᠪᠠᠢᠴᠠᠭᠠᠵᠤ ᠂ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠡᠳ᠋᠎ᠦᠨ ᠵᠠᠰᠠᠭ ᠠᠵᠤ ᠠᠬᠤᠢ ᠵᠢᠨ ᠵᠥᠪᠯᠡᠯ᠎ᠦᠨ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ ᠵᠢ ᠵᠥᠪᠱᠢᠶᠡᠷᠡᠪᠡ᠃ ᠬᠤᠷᠠᠯ᠎ᠠᠴᠠ᠂ 《 2022 ᠣᠨ ᠤ᠋ ᠤᠯᠤᠰ ᠠᠷᠠᠳ ᠤ᠋ᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ ᠵᠢᠨ ᠲᠥᠯᠥᠪᠯᠡᠭᠡ ᠵᠢ ᠬᠡᠷᠡᠭ᠌ᠵᠢᠭᠦᠯᠦᠭ᠌ᠰᠡᠨ ᠪᠠᠢᠳᠠᠯ ᠬᠢᠬᠡᠳ 2023 ᠣᠨ ᠤ᠋ ᠤᠯᠤᠰ ᠠᠷᠠᠳ ᠤ᠋ᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ ᠵᠢᠨ ᠲᠥᠯᠥᠪᠯᠡᠭᠡ ᠵᠢᠨ ᠲᠥᠰᠦᠯ᠎ᠦᠨ ᠲᠤᠬᠠᠶ ᠮᠡᠳᠡᠭᠦᠯᠦᠯᠲᠡ》 ᠵᠢ ᠵᠥᠪᠱᠢᠶᠡᠷᠡᠵᠦ᠍ ᠂ 2023 ᠣᠨ ᠤ᠋ ᠤᠯᠤᠰ ᠠᠷᠠᠳ ᠤ᠋ᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ ᠵᠢᠨ ᠲᠥᠯᠥᠪᠯᠡᠭᠡ ᠵᠢ ᠵᠥᠪᠱᠢᠶᠡᠷᠡᠬᠦ ᠪᠡᠷ ᠲᠣᠭ᠍ᠲᠠᠪᠠ ᠃
( ᠱᠢᠨᠬᠤᠸᠠ ᠬᠣᠷᠢᠶ᠎ᠠ᠎ᠵᠢᠨ ᠪᠡᠭᠡᠵᠢᠩ ᠤ᠋ᠨ 3 ᠰᠠᠷ᠎ᠠ ᠵᠢᠨ 13 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃