2023-03-14 10:09:34
ᠬᠤᠷᠠᠯ ᠡᠴᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠶ ᠱᠢᠶ᠋ᠳᠪᠦᠷᠢ ᠵᠡᠷᠭᠡ᠎ᠶ᠋ᠢ ᠪᠠᠲᠤᠯᠠᠪᠠ
ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠢ ᠪᠠᠳᠤᠯᠠᠵᠦ ᠰᠢ ᠵᠢᠨ ᠫᠢᠩ ᠲᠡᠷᠢᠭᠦᠯᠡᠭ᠌ᠴᠢ ᠶ᠋ᠢᠨ ᠵᠠᠷᠯᠢᠭ ᠲᠦ᠍ ᠭᠠᠷᠤᠨ ᠥᠰᠥᠭ ᠵᠢᠷᠤᠵᠤ ᠨᠡᠢᠳᠡᠯᠡᠵᠡᠢ
ᠵᠣᠣ ᠯᠧ ᠵᠢᠶ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ
ᠯᠢ ᠴᠢᠶᠠᠩ ᠸᠠᠩ ᠬᠤ᠌ ᠨᠢᠩ ᠼᠠᠢ ᠴᠢ ᠳ᠋ᠢᠩ ᠱᠢᠤᠸᠠᠢ ᠱᠢᠶᠠᠩ ᠯᠢ ᠰᠢ ᠬᠠᠨ ᠵᠧᠩ᠎ᠨᠡᠷ ᠬᠤᠷᠠᠯ᠎ᠳᠤ ᠣᠷᠣᠯᠴᠠᠵᠠᠢ
ᠯᠢ ᠺᠸ ᠴᠢᠶᠠᠩ ᠯᠢ ᠵᠠᠨ ᠱᠤ᠌ ᠸᠠᠩ ᠶᠠᠩ ᠸᠠᠩ ᠴᠢ ᠱᠠᠨ᠎ᠨᠠᠷ ᠲᠡᠷᠢᠭᠦᠯᠡᠭ᠌ᠴᠢ᠎ᠶ᠋ᠢᠨ ᠲᠠᠢᠰᠠᠨ᠎ᠳᠤ ᠰᠠᠭᠠᠲᠠᠪᠠ

3 ᠰᠠᠷ᠎ᠠ ᠵᠢᠨ 13 ᠦ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠶᠡᠨ ᠶᠡᠨ ᠰᠡᠬᠦᠳᠡᠷᠯᠡᠪᠡ
ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠡᠯ᠎ᠡ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠵᠥᠪᠯᠡᠵᠦ᠍ ᠳᠠᠭᠤᠰᠭᠠᠨ᠂ ᠱᠢᠨ᠎ᠡ ᠨᠢᠭᠡ ᠬᠤᠭᠤᠴᠠᠭᠠᠨ᠎ᠤ ᠲᠦᠷᠦ᠍᠎ᠶ᠋ᠢᠨ ᠪᠠᠢᠭᠤᠯᠤᠮᠵᠢ᠎ᠶ᠋ᠢᠨ ᠪᠦᠷᠢᠯᠳᠦᠬᠦᠨ᠎ᠢ ᠰᠣᠩᠭᠣᠨ ᠭᠠᠷᠭᠠᠭᠠᠳ 13 ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃
ᠶᠡᠬᠡ ᠬᠤᠷᠠᠯ ᠡᠴᠡ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠬᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠥ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠢᠲᠡᠭᠡᠯ ᠵᠣᠷᠢᠭ᠎ᠢᠶᠠᠨ ᠪᠠᠲᠤᠳᠭᠠᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠱᠢᠷᠭᠠᠭᠤ ᠬᠠᠲᠠᠭᠤᠵᠢᠯᠲᠠᠢ ᠠᠵᠢᠯᠯᠠᠨ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ ᠬᠡᠵᠥ ᠤᠷᠢᠶᠠᠯᠠᠪᠠ!
ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠡᠨᠡ ᠤᠳᠠᠭ᠎ᠠ᠎ᠶ᠋ᠢᠨ ᠶᠡᠬᠡ ᠬᠤᠷᠠᠯ ᠡᠴᠡ ᠨᠠᠮᠠᠶ᠋ᠢ ᠰᠤᠩᠭᠤᠵᠤ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭ᠌ᠴᠢ᠎ᠶ᠋ᠢᠨ ᠲᠤᠱᠢᠶᠠᠯ᠎ᠢ ᠦᠷᠭᠦᠯᠵᠢᠯᠡᠨ ᠡᠭᠦᠷᠭᠡᠯᠡᠭᠦᠯᠦᠭᠰᠡᠨ ᠪᠠᠢᠨ᠎ᠠ᠂ ᠪᠢ ᠲᠥᠯᠥᠭᠡᠯᠡᠭ᠌ᠴᠢᠳ ᠪᠣᠯᠤᠨ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠢᠲᠡᠭᠡᠯ᠎ᠳᠦ ᠴᠢᠩ ᠰᠡᠳᠭᠢᠯ᠎ᠡᠴᠡ᠎ᠪᠡᠨ ᠲᠠᠯᠠᠷᠬᠠᠵᠤ ᠪᠠᠢᠨ᠎ᠠ᠃ ᠠᠷᠠᠳ ᠲᠦᠮᠡᠨ᠎ᠦ ᠢᠲᠡᠭᠡᠯ ᠪᠣᠯ ᠮᠢᠨᠦ᠍ ᠤᠷᠤᠭ᠍ᠰᠢᠯᠠᠯᠲᠠ᠎ᠶ᠋ᠢᠨ ᠬᠠᠮᠤᠭ᠎ᠤᠨ ᠶᠡᠬᠡ ᠬᠥᠳᠡᠯᠭᠡᠬᠦ᠌ ᠬᠦᠴᠦᠨ ᠮᠥᠨ᠂ ᠪᠠᠰᠠ ᠴᠤ᠌ ᠮᠢᠨᠦ᠍ ᠮᠥᠷᠥᠨ ᠳᠡᠭᠡᠷᠡᠬᠢ ᠬᠦᠨᠳᠦ ᠬᠠᠷᠢᠭᠤᠴᠠᠯᠭ᠎ᠠ ᠮᠥᠨ᠃ ᠪᠢ ᠦᠨᠳᠦᠰᠦᠨ ᠬᠠᠤᠯᠢ ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ ᠱᠢᠳᠤᠷᠭᠤ᠎ᠪᠠᠷ ᠭᠦᠢᠴᠡᠳᠭᠡᠵᠦ᠍᠂ ᠤᠯᠤᠰ ᠣᠷᠣᠨ᠎ᠤ ᠬᠡᠷᠡᠭ᠌ᠴᠡᠭᠡ᠎ᠪᠡᠷ ᠡᠭᠦᠷᠭᠡ ᠬᠠᠷᠢᠭᠤᠴᠠᠯᠭ᠎ᠠ᠎ᠪᠠᠨ ᠪᠣᠯᠭᠠᠨ᠂ ᠠᠷᠠᠳ ᠲᠦᠮᠡᠨ᠎ᠦ ᠠᠱᠢᠭ ᠲᠤᠰᠠ᠎ᠪᠠᠷ ᠪᠠᠷᠢᠮᠵᠢᠶ᠎ᠠ ᠪᠣᠯᠭᠠᠵᠤ᠂ ᠡᠭᠦᠷᠭᠡ ᠲᠤᠱᠢᠶᠠᠯ᠎ᠢᠶᠠᠨ ᠬᠢᠴᠢᠶᠡᠩᠭᠦᠢᠯᠡᠨ ᠭᠦᠢᠴᠡᠳᠭᠡᠵᠦ᠍᠂ ᠴᠢᠩ ᠦᠨᠡᠨᠴᠢ᠎ᠪᠡᠷ ᠵᠢᠳᠬᠦᠨ᠂ ᠲᠥᠯᠥᠭᠡᠯᠡᠭ᠌ᠴᠢᠳ ᠪᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠶᠠᠭᠠᠬᠢᠭ᠍ᠰᠠᠨ ᠴᠤ᠌ ᠬᠥᠰᠡᠷᠳᠡᠭᠦᠯᠬᠦ᠌ ᠦᠭᠡᠢ ᠬᠡᠵᠥ ᠢᠯᠡᠳᠬᠡᠪᠡ᠃

3 ᠰᠠᠷ᠎ᠠ ᠵᠢᠨ 13 ᠦ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠰᠢ ᠵᠢᠨ ᠫᠢᠩ ᠵᠡᠷᠭᠡ ᠨᠠᠮ ᠪᠣᠯᠤᠨ ᠲᠦᠷᠦ᠍᠎ᠶ᠋ᠢᠨ ᠤᠳᠤᠷᠢᠳᠭᠤ ᠬᠥᠮᠦᠰ ᠲᠡᠷᠢᠭᠦᠯᠡᠭ᠌ᠴᠢ᠎ᠶ᠋ᠢᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠬᠤᠸᠠᠩ ᠵᠢᠩ ᠸᠸᠨ ᠰᠡᠬᠦᠳᠡᠷᠯᠡᠪᠡ
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠤᠷᠢᠶᠠᠨ ᠳᠠᠷᠤᠭ᠎ᠠ᠂ ᠳᠡᠳ᠋ ᠬᠤᠷᠢᠶᠠᠨ ᠳᠠᠷᠤᠭ᠎ᠠ᠂ ᠨᠠᠷᠢᠨ ᠪᠢᠴᠢᠭ᠎ᠦᠨ ᠳᠠᠷᠤᠭ᠎ᠠ ᠶᠡᠬᠡ ᠬᠤᠷᠠᠯ᠎ᠤᠨ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠭᠰᠡᠨ ᠪᠦᠬᠡᠳ ᠲᠡᠷᠢᠭᠦᠯᠡᠭ᠌ᠴᠢ᠎ᠶ᠋ᠢᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃ ᠲᠡᠳᠡ ᠪᠣᠯ ᠄ ᠵᠤᠤ ᠯᠧ ᠵᠶ᠋ᠢ᠂ ᠯᠢ ᠬᠣᠩ ᠵᠦᠩ᠂ ᠸᠠᠩ ᠳ᠋ᠦᠩ ᠮᠢᠩ᠂ ᠱᠢᠶᠣᠤ ᠵᠢᠶᠧ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠧᠩ᠂ ᠾᠧ ᠸᠧᠢ᠂ ᠡᠦ ᠸᠧᠢ ᠬᠤᠸᠠ᠂ ᠲᠢᠶᠧ ᠨᠢᠩ᠂ ᠫᠧᠩ ᠴᠢᠩ ᠬᠤᠸᠠ᠂ ᠵᠠᠩ ᠴᠢᠩ ᠸᠧᠢ᠂ ᠯᠣᠪᠰᠠᠩᠵᠠᠮᠰᠤ᠂ ᠱᠢᠤᠸᠠᠢᠺᠧᠯᠠᠢᠲ᠋ᠢ·ᠵᠠᠺᠸᠯ᠂ ᠯᠢᠦ ᠴᠢ ᠪᠣᠯᠤᠨ᠎ᠠ᠃
ᠯᠢ ᠴᠢᠶᠠᠩ᠂ ᠸᠠᠩ ᠬ᠍ᠤ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ ᠵᠡᠷᠭᠡ ᠨᠠᠮ ᠪᠣᠯᠤᠨ ᠲᠦᠷᠦ᠍᠎ᠶ᠋ᠢᠨ ᠤᠳᠤᠷᠢᠳᠭᠤ ᠬᠥᠮᠦᠰ ᠬᠤᠷᠠᠯ᠎ᠳᠤ ᠣᠷᠣᠯᠴᠠᠪᠠ᠃
ᠯᠢ ᠺᠸ ᠴᠢᠶᠠᠩ᠂ ᠯᠢ ᠵᠠᠨ ᠱᠤ᠌᠂ ᠸᠠᠩ ᠶᠠᠩ᠂ ᠸᠠᠩ ᠴᠢ ᠱᠠᠨ᠎ᠨᠠᠷ ᠲᠡᠷᠢᠭᠦᠯᠡᠭ᠌ᠴᠢ ᠵᠢᠨ ᠲᠠᠢᠰᠠᠨ᠎ᠳᠤ ᠰᠠᠭᠠᠲᠠᠵᠠᠢ᠃
ᠬᠤᠷᠠᠯ᠎ᠳᠤ ᠣᠷᠣᠯᠴᠠᠬᠤ ᠶᠣᠰᠣᠲᠠᠢ ᠲᠥᠯᠥᠭᠡᠯᠡᠭ᠌ᠴᠢ 2977 ᠬᠥᠮᠦᠨ᠂ 2947 ᠬᠥᠮᠦᠨ ᠣᠷᠣᠯᠴᠠᠵᠤ᠂ 30 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠭᠰᠡᠨ ᠪᠠᠢᠨ᠎ᠠ᠃
ᠶᠡᠬᠡ ᠬᠤᠷᠠᠯ᠎ᠤᠨ ᠭᠦᠢᠴᠡᠳᠭᠡᠭ᠌ᠴᠢ ᠲᠡᠷᠢᠭᠦᠯᠡᠭ᠌ᠴᠢ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠤᠷᠢᠶᠠᠨ ᠳᠠᠷᠤᠭ᠎ᠠ ᠵᠤᠤ ᠯᠸ ᠵᠶ᠋ᠢ ᠲᠡᠭᠦᠰᠭᠦ ᠬᠤᠷᠠᠯ᠎ᠢ ᠡᠷᠬᠢᠯᠡᠪᠡ᠃
ᠦᠳᠡ᠎ᠶ᠋ᠢᠨ ᠡᠮᠦᠨᠡᠬᠢ 9 ᠴᠠᠭ᠎ᠲᠤ᠂ ᠵᠣᠣ ᠯᠸ ᠵᠢᠶ ᠬᠤᠷᠠᠯ ᠡᠬᠢᠯᠡᠭ᠌ᠰᠡᠨ᠎ᠢ ᠨᠡᠢᠳᠡᠯᠡᠵᠡᠢ᠃
ᠬᠤᠷᠠᠯ ᠡᠴᠡ ᠪᠠᠲᠤᠯᠠᠯᠲᠠ ᠬᠢᠬᠦ᠌᠎ᠪᠡᠷ ᠳᠡᠮᠵᠢᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠱᠢᠶ᠋ᠳᠪᠦᠷᠢ᠎ᠶ᠋ᠢ ᠪᠠᠲᠤᠯᠠᠪᠠ᠃ ᠱᠢᠢᠳᠪᠦᠷᠢᠳᠦ᠂ ᠬᠤᠷᠠᠯ᠎ᠠᠴᠠ ᠱᠢᠨ᠎ᠡ ᠴᠠᠭ ᠦᠶ᠎ᠡ᠎ᠶ᠋ᠢᠨ ᠠᠷᠪᠠᠨ ᠵᠢᠯ᠎ᠤᠨ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠲᠡᠦᠬᠡᠲᠦ ᠴᠢᠨᠠᠷᠲᠠᠢ ᠠᠮᠵᠢᠯᠲᠠ᠂ ᠲᠡᠦᠬᠡᠲᠦ ᠴᠢᠨᠠᠷᠲᠠᠢ ᠬᠤᠪᠢᠰᠤᠯᠲᠠ᠎ᠶ᠋ᠢ ᠳᠡᠭᠡᠳᠦ ᠬᠡᠮᠵᠢᠶ᠎ᠡ᠎ᠪᠡᠷ ᠦᠨᠡᠯᠡᠵᠦ᠍᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠥᠩᠭᠡᠷᠡᠭ᠌ᠰᠡᠨ ᠨᠢᠭᠡ ᠵᠢᠯ ᠪᠣᠯᠤᠨ ᠲᠠᠪᠤᠨ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠢᠯᠡᠳᠭᠡᠯ᠎ᠳᠦ ᠳᠤᠷᠠᠳᠤᠭ᠍ᠰᠠᠨ 2023 ᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠶᠡᠷᠦᠩᠬᠡᠢ ᠱᠠᠭᠠᠷᠳᠠᠯᠭ᠎ᠠ ᠂ ᠭᠣᠣᠯ ᠬᠠᠷᠠᠯᠲᠠ᠂ ᠲᠦᠷᠦ᠍᠎ᠶ᠋ᠢᠨ ᠪᠤᠳᠤᠯᠭ᠎ᠠ᠎ᠶ᠋ᠢᠨ ᠴᠢᠭᠯᠡᠯ ᠪᠣᠯᠤᠨ ᠭᠣᠣᠯᠳᠠᠯᠭ᠎ᠠ᠎ᠲᠠᠶ ᠠᠵᠢᠯ᠎ᠢ ᠵᠥᠪᠱᠢᠶᠡᠷᠡᠵᠦ᠍᠂ ᠡᠨᠡ ᠬᠦ᠌ ᠢᠯᠡᠳᠭᠡᠯ᠎ᠢ ᠵᠥᠪᠱᠢᠶᠡᠷᠡᠬᠦ᠌᠎ᠪᠡᠷ ᠲᠣᠭ᠍ᠲᠠᠵᠠᠢ ᠬᠡᠵᠥ ᠵᠢᠭᠠᠵᠥ ᠭᠠᠷᠭᠠᠪᠠ᠃
ᠬᠤᠷᠠᠯ ᠡᠴᠡ ᠪᠠᠲᠤᠯᠠᠯᠲᠠ ᠬᠢᠬᠦ᠌᠎ᠪᠡᠷ ᠲᠠᠮᠵᠢᠨ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠢ ᠪᠠᠲᠤᠯᠠᠪᠠ᠃ 2023 ᠣᠨ᠎ᠤ 3 ᠰᠠᠷ᠎ᠠ᠎ᠶ᠋ᠢᠨ 15 ᠤ᠋ ᠡᠳᠦᠷ᠎ᠡᠴᠡ ᠡᠬᠢᠯᠡᠨ ᠬᠡᠷᠡᠭ᠌ᠵᠢᠭᠦᠯᠬᠦ᠌᠎ᠪᠡᠷ ᠲᠣᠭ᠍ᠲᠠᠪᠠ᠃ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠭᠤᠷᠪᠠᠳᠤᠭᠠᠷ ᠲᠣᠭᠠᠲᠤ ᠲᠡᠷᠢᠭᠦᠯᠡᠭ᠌ᠴᠢ᠎ᠶ᠋ᠢᠨ ᠵᠠᠷᠯᠢᠭ᠎ᠲᠤ ᠭᠠᠷᠤᠨ ᠦᠰᠦᠭ ᠵᠢᠷᠤᠵᠤ ᠨᠡᠢᠲᠡᠯᠡᠪᠡ᠃
ᠬᠤᠷᠠᠯ ᠡᠴᠡ ᠪᠠᠳᠤᠯᠠᠯᠳᠠ ᠬᠢᠬᠦ ᠪᠡᠷ ᠳᠠᠮᠵᠢᠨ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠱᠢᠶ᠋ᠳᠪᠦᠷᠢ᠎ᠶ᠋ᠢ ᠪᠠᠲᠤᠯᠠᠵᠤ᠂ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠲᠤᠬᠠᠶ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠪᠡᠷ ᠲᠣᠭ᠍ᠲᠠᠵᠤ ᠂ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠵᠥᠪᠱᠢᠶᠡᠷᠡᠬᠦ ᠪᠡᠷ ᠳᠤᠬᠳᠠᠪᠠ; 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠬᠢᠭᠡᠳ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠱᠢᠶ᠋ᠳᠪᠦᠷᠢ᠎ᠶ᠋ᠢ ᠪᠠᠲᠤᠯᠠᠵᠤ᠂ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠬᠢᠭᠡᠳ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠲᠤᠬᠠᠶ ᠮᠡᠳᠡᠭᠦᠯᠦᠯᠲᠡ᠎ᠶᠢ ᠵᠦᠪᠰᠢᠶᠡᠷᠡᠬᠦ ᠪᠡᠷ ᠲᠤᠭᠳᠠᠵᠤ᠂ 2023 ᠣᠨ᠎ᠤ ᠲᠥᠪ᠎ᠦᠨ ᠲᠥᠰᠦᠪ᠎ᠢ ᠵᠥᠪᠱᠢᠶᠡᠷᠡᠵᠡᠢ᠃
ᠬᠤᠷᠠᠯ᠎ᠡᠴᠡ ᠪᠠᠳᠤᠯᠠᠯᠳᠠ ᠬᠢᠬᠦ ᠪᠡᠷ ᠲᠠᠮᠵᠢᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠱᠢᠢᠳᠪᠦᠷᠢ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠱᠢᠢᠳᠪᠦᠷᠢ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠱᠢᠢᠳᠪᠦᠷᠢ᠎ᠶ᠋ᠢ ᠪᠠᠲᠤᠯᠠᠵᠤ᠂ ᠡᠨᠡ ᠭᠤᠷᠪᠠᠨ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠪᠡᠷ ᠲᠣᠭ᠍ᠲᠠᠵᠠᠢ᠃
ᠳᠡᠭᠡᠷ᠎ᠡ ᠳᠤᠷᠠᠳᠤᠭ᠍ᠰᠠᠨ ᠵᠥᠪᠯᠡᠬᠦ᠌ ᠵᠦᠢᠯ ᠢ ᠬᠦᠢᠴᠡᠳᠭᠡᠭᠰᠡᠨ ᠤ ᠳᠠᠷᠠᠭ᠎ᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃
ᠰᠢ ᠵᠢᠨ ᠫᠢᠩ᠂ ᠲᠠᠪᠤᠨ ᠮᠢᠩᠭ᠎ᠠ ᠭᠠᠷᠤᠢ ᠵᠢᠯ᠎ᠦᠨ ᠪᠣᠯᠪᠠᠰᠤᠨ ᠲᠡᠦᠬᠡ᠎ᠲᠡᠶ ᠳᠤᠮᠳᠠᠳᠤ᠎ᠶ᠋ᠢᠨ ᠦᠨᠳᠦᠰᠦᠲᠡᠨ ᠲᠡᠦᠬᠡᠨ ᠳᠡᠭᠡᠷ᠎ᠡ ᠲᠣᠭ᠎ᠠ ᠲᠣᠮᠰᠢ ᠦᠭᠡᠢ ᠭᠡᠷᠡᠯ ᠰᠠᠴᠤᠷᠠᠩᠭᠤᠢ ᠠᠮᠵᠢᠯᠲᠠ᠎ᠶ᠋ᠢ ᠡᠭᠦᠳᠦᠭ᠌ᠰᠡᠨ ᠪᠥᠭᠡᠳ ᠪᠠᠰᠠ ᠮᠠᠰᠢ ᠤᠯᠠᠨ ᠬᠠᠯᠠ ᠵᠣᠪᠠᠯᠠᠩ᠎ᠢ ᠥᠩᠭᠡᠷᠡᠭᠦᠯᠦᠭᠰᠡᠨ ᠶᠤᠮ᠃ ᠤᠢᠷ᠎ᠠ ᠦᠶ᠎ᠡ᠎ᠡᠴᠡ ᠨᠠᠭᠠᠰᠢ᠂ ᠳᠤᠮᠳᠠᠳᠤ ᠤᠯᠤᠰ ᠠᠯᠬᠤᠮ ᠠᠯᠬᠤᠮ᠎ᠢᠶᠠᠷ ᠬᠠᠭᠠᠰ ᠺᠣᠯᠣᠨᠢ ᠬᠠᠭᠠᠰ ᠹᠸᠤᠳᠠᠯ᠎ᠤᠨ ᠨᠡᠢᠭᠡᠮ ᠪᠤᠯᠵᠤ᠂ ᠬᠦᠴᠦᠷᠬᠡᠭ ᠤᠯᠤᠰ᠎ᠤᠳ᠎ᠤᠨ ᠳᠠᠷᠤᠯᠠᠯ ᠳᠤᠷᠤᠮᠵᠢᠯᠠᠯ᠎ᠢ ᠬᠠᠱᠢᠷᠠᠲᠠᠯ᠎ᠠ ᠠᠮᠰᠠᠵᠤ᠂ ᠵᠦᠭ ᠵᠦᠭᠲᠡᠬᠡᠨ ᠬᠠᠭᠠᠴᠠᠨ ᠵᠠᠳᠠᠷᠠᠵᠤ᠂ ᠳᠠᠢ᠌ᠨ ᠳᠠᠵᠢᠨ ᠣᠯᠠᠨᠲᠠ ᠡᠭᠦᠰᠴᠦ᠍᠂ ᠠᠷᠠᠳ ᠢᠷᠭᠡᠳ ᠠᠶᠤᠯ ᠵᠣᠪᠠᠯᠠᠩ ᠠᠮᠰᠠᠵᠤ ᠪᠠᠢᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ᠎ᠤ ᠳᠠᠷᠠᠭ᠎ᠠ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠨᠢᠬᠳᠠ ᠪᠦᠯᠬᠦᠮᠳᠡᠭᠦᠯᠦᠨ ᠳᠠᠭᠠᠭᠤᠯᠵᠤ᠂ ᠵᠠᠭᠤᠨ ᠵᠢᠯ᠎ᠦᠨ ᠲᠡᠮᠡᠴᠡᠯ᠎ᠢᠶᠡᠷ ᠳᠠᠮᠵᠢᠨ᠂ ᠦᠨᠳᠦᠰᠦᠲᠡᠨ᠎ᠦ ᠢᠴᠢᠭᠦᠷᠢ᠎ᠶ᠋ᠢ ᠠᠷᠢᠯᠭᠠᠵᠤ᠂ ᠳᠤᠮᠳᠠᠳᠤ ᠤᠯᠤᠰ᠎ᠤᠨ ᠠᠷᠠᠳ ᠲᠦᠮᠡᠨ ᠥᠪᠡᠷ᠎ᠦᠨ ᠬᠤᠪᠢ ᠵᠠᠶᠠᠭᠠᠨ᠎ᠤ᠎ᠪᠠᠨ ᠡᠵᠡᠨ ᠨᠢ ᠪᠤᠯᠵᠤ᠂ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ᠂ ᠴᠢᠨᠡᠭᠡᠯᠢᠭ᠌ᠵᠢᠭ᠌ᠰᠡᠨ᠎ᠡᠴᠡ ᠪᠠᠨ ᠬᠦᠴᠦᠷᠬᠡᠭ᠌ᠵᠢᠭ᠌ᠰᠡᠨ ᠠᠭᠤᠤ ᠶᠡᠬᠡ ᠦᠰᠦᠷᠦᠯᠲᠡ᠎ᠶ᠋ᠢ ᠤᠭ᠍ᠲᠤᠨ ᠠᠪᠴᠤ᠌᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠬᠤᠷᠢᠬ᠍ᠯᠠᠬ᠍ᠳᠠᠰᠢ ᠦᠭᠡᠢ ᠲᠡᠦᠬᠡᠨ ᠠᠬᠢᠴᠠ᠎ᠳᠠᠭᠠᠨ ᠣᠷᠣᠪᠠ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠤᠳᠤ᠎ᠡᠴᠡ ᠡᠬᠢᠯᠡᠨ ᠲᠤᠰ ᠵᠠᠭᠤᠨ᠎ᠤ ᠳᠤᠮᠳᠠᠴᠢ ᠦᠶ᠎ᠠ ᠪᠣᠯᠲᠠᠯ᠎ᠠ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠪᠣᠯ ᠪᠦᠬᠦ᠌ ᠨᠠᠮ ᠪᠦᠬᠦ᠌ ᠤᠯᠤᠰ᠎ᠤᠨ ᠠᠷᠠᠳ ᠲᠦᠮᠡᠨ᠎ᠦ ᠭᠣᠣᠯ ᠡᠭᠦᠷᠭᠡ ᠮᠦᠨ᠃ ᠤᠯᠤᠰ᠎ᠢᠶᠠᠨ ᠬᠦᠴᠦᠷᠬᠡᠭ᠌ᠵᠢᠭᠦᠯᠬᠦ᠌ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠪᠤᠤᠬᠢᠶ᠎ᠠ ᠨᠢ ᠲᠡᠦᠭᠡᠳᠦ ᠴᠢᠨᠠᠷᠳᠠᠢ ᠪᠡᠷ ᠮᠠᠨ᠎ᠤ ᠡᠨᠡ ᠨᠢᠭᠡ ᠦᠶ᠎ᠡ᠎ᠶ᠋ᠢᠨ ᠬᠥᠮᠦᠰ᠎ᠦᠨ ᠪᠡᠶ᠎ᠠ ᠳᠡᠭᠡᠷ᠎ᠡ ᠲᠠᠯᠪᠢᠭᠳᠠᠪᠠ᠃ ᠪᠢᠳᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠶᠣᠰᠣᠭᠠᠷ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠢ ᠪᠠᠢᠷᠢᠰᠢᠭᠤᠯᠤᠯᠲᠠ᠎ᠶ᠋ᠢ ᠨᠢᠭᠡᠳᠦᠯᠲᠡᠢ ᠲᠦᠯᠦᠪᠵᠢᠭᠦᠯᠦᠨ ᠠᠬᠢᠭᠤᠯᠬᠤ᠎ᠶ᠋ᠢ ᠪᠠᠷᠢᠮᠲᠠᠯᠠᠵᠤ᠂ 《ᠲᠦᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠵᠣᠬᠢᠴᠠᠭᠤᠯᠤᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠪᠦᠯᠬᠦᠮᠳᠡᠨ ᠲᠡᠮᠡᠴᠡᠵᠦ᠍᠂ ᠵᠠᠮ ᠨᠡᠭᠡᠭᠡᠨ ᠱᠢᠨ᠎ᠡ᠎ᠶ᠋ᠢ ᠡᠭᠦᠳᠴᠦ᠍᠂ ᠱᠢᠨ᠎ᠡ ᠠᠶᠠᠨᠳ᠋ᠠᠭᠠᠨ ᠴᠠᠭ ᠦᠶ᠎ᠡ ᠳ᠋ᠤ ᠤᠰᠤᠯᠳᠠᠰᠢ ᠦᠭᠡᠢ᠂ ᠲᠡᠦᠬᠡ ᠳ᠋ᠤ ᠤᠰᠤᠯᠳᠠᠰᠢ ᠦᠭᠡᠢ᠂ ᠠᠷᠠᠳ ᠲᠦᠮᠡᠨ᠎ᠳᠦ ᠣᠰᠣᠯᠳᠠᠰᠢ ᠦᠭᠡᠢ ᠠᠮᠵᠢᠯᠲᠠ ᠪᠦᠲᠦᠮᠵᠢ ᠭᠠᠷᠭᠠᠵᠤ᠂ ᠤᠯᠤᠰ᠎ᠢᠶᠡᠨ ᠬᠦᠴᠦᠷᠭᠡᠭᠵᠢᠭᠦᠯᠬᠦ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠠᠬᠢᠭᠤᠯᠬᠤ᠎ᠳᠤ ᠮᠠᠨ᠎ᠤ ᠡᠨᠡ ᠦᠶ᠎ᠡ᠎ᠶ᠋ᠢᠨ ᠬᠥᠮᠦᠰ᠎ᠦᠨ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠱᠢᠨ᠎ᠡ ᠠᠶᠠᠨ᠎ᠳᠤ᠂ ᠪᠢᠳᠡ ᠴᠢᠨᠠᠷ ᠰᠠᠢᠲᠠᠢ ᠬᠥᠭ᠌ᠵᠢᠯᠲᠡ᠎ᠶ᠋ᠢ ᠭᠤᠢᠪᠢᠰᠢ ᠦᠭᠡᠢ ᠠᠬᠢᠭᠤᠯᠬᠤ ᠬᠡᠷᠡᠭ᠌ᠲᠡᠢ᠃ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠡᠷ ᠤᠯᠤᠰ᠎ᠢᠶᠠᠨ ᠮᠠᠨᠳᠤᠭᠤᠯᠬᠤ ᠪᠠᠢᠯᠳᠤᠬᠤ ᠪᠤᠳᠤᠯᠭ᠎ᠠ᠂ ᠴᠢᠳᠠᠪᠤᠷᠢᠲᠠᠨ᠎ᠢᠶᠠᠷ ᠤᠯᠤᠰ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠤᠳᠤᠯᠭ᠎ᠠ᠂ ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠯ᠎ᠠ ᠪᠠᠷ ᠪᠡᠶ᠎ᠡ᠎ᠪᠡᠨ ᠳᠠᠭᠠᠭᠠᠵᠤ ᠦᠪᠡᠷ᠎ᠢ ᠪᠠᠨ ᠬᠦᠴᠦᠷᠬᠡᠭ᠌ᠵᠢᠭᠦᠯᠬᠦ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠠᠬᠢᠭᠤᠯᠵᠤ᠂ ᠬᠤᠳᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠣᠬᠢᠷᠲᠤᠯ ᠦᠭᠡᠢ᠂ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠤᠪᠢᠷᠠᠬᠤ᠎ᠶ᠋ᠢ ᠠᠬᠢᠭᠤᠯᠵᠤ᠂ ᠠᠵᠤ ᠠᠬᠤᠢ᠎ᠶ᠋ᠢᠨ ᠶᠠᠰᠤ ᠴᠢᠨᠠᠷ᠎ᠤᠨ ᠪᠦᠲᠦᠮᠵᠢᠲᠡᠢ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠦ ᠵᠣᠬᠢᠰᠲᠠᠢ ᠨᠡᠮᠡᠭ᠌ᠳᠡᠯ᠎ᠢ ᠪᠡᠶᠡᠯᠡᠭᠦᠯᠬᠦ᠌᠎ᠶ᠋ᠢ ᠠᠬᠢᠭᠤᠯᠵᠤ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠳᠠᠲᠤ ᠬᠦᠴᠦᠨ᠂ ᠶᠡᠷᠦᠩᠬᠡᠢᠯᠡᠭ᠌ᠰᠡᠨ ᠤᠯᠤᠰ᠎ᠤᠨ ᠬᠦᠴᠦᠨ᠎ᠢ ᠲᠠᠰᠤᠷᠠᠯᠳᠠ ᠦᠭᠡᠢ ᠪᠤᠵᠠᠭᠠᠢᠷᠠᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠪᠢᠳᠡ ᠠᠷᠠᠳ ᠲᠦᠮᠡᠨ᠎ᠢ ᠳᠡᠭᠡᠳᠦᠯᠡᠬᠦ᠌᠎ᠶ᠋ᠢ ᠢᠮᠠᠭ᠍ᠲᠠ ᠪᠠᠷᠢᠮᠲᠠᠯᠠᠬᠤ ᠬᠡᠷᠡᠭ᠌ᠲᠡᠢ᠃ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠠᠷᠠᠳ ᠲᠦᠮᠡᠨ ᠪᠣᠯ ᠱᠢᠢᠳᠪᠦᠷᠢᠯᠡᠭ᠌ᠴᠢ ᠴᠢᠨᠠᠷᠲᠠᠢ ᠬᠦᠴᠦᠨ ᠮᠥᠨ᠃ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠢᠳᠡᠪᠬᠢᠲᠡᠢ ᠬᠥᠭ᠌ᠵᠢᠭᠦᠯᠵᠦ᠍᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌ ᠳᠦᠷᠢᠮ᠎ᠦᠨ ᠱᠢᠰᠲ᠋ᠧᠮ᠎ᠢ ᠪᠦᠷᠢᠨᠱᠢᠬᠦᠯᠵᠤ᠂ ᠠᠷᠠᠳ ᠲᠦᠮᠡᠨ᠎ᠦ ᠬᠦᠰᠡᠯ ᠵᠣᠷᠢᠯᠲᠠ᠎ᠶ᠋ᠢ ᠪᠡᠶᠡᠯᠡᠭᠦᠯᠵᠦ᠍᠂ ᠠᠷᠠᠳ ᠲᠦᠮᠡᠨ᠎ᠦ ᠡᠷᠬᠡ ᠠᠱᠢᠭ᠎ᠢ ᠪᠠᠲᠤᠯᠠᠵᠤ᠂ ᠪᠦᠬᠦ᠌ ᠠᠷᠠᠳ ᠲᠦᠮᠡᠨ᠎ᠦ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠭᠦᠢᠴᠡᠳ ᠬᠥᠭ᠌ᠵᠢᠭᠡᠬᠦ᠌ ᠬᠡᠷᠡᠭ᠌ᠲᠡᠢ᠃ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠬᠤᠪᠢᠶᠠᠷᠢᠯᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠵᠤ᠂ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠴᠢᠩᠭᠠᠳᠭᠠᠵᠤ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠵᠤ᠂ ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠠᠢᠲᠤᠷ ᠱᠢᠢᠳᠪᠦᠷᠢᠯᠡᠵᠦ᠂ ᠣᠳᠣᠬᠢᠴᠢᠯᠠᠯᠳᠠ ᠵᠢᠨ ᠪᠦᠳᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠪᠦᠬᠦ᠌ ᠠᠷᠠᠳ ᠲᠦᠮᠡᠨ᠎ᠳᠦ ᠨᠡᠩ ᠤᠯᠠᠨ ᠨᠡᠩ ᠭᠣᠣᠯᠴᠢ᠎ᠪᠠᠷ ᠬᠦᠷᠲᠡᠭᠡᠵᠦ᠍᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ ᠲᠠᠯ᠎ᠠ᠎ᠪᠠᠷ ᠲᠠᠰᠤᠷᠠᠯᠳᠠ ᠦᠭᠡᠢ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠶ ᠪᠣᠯᠭᠠᠬᠤ ᠬᠡᠷᠡᠭ᠌ᠲᠡᠢ᠃ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠶᠡᠬᠡ ᠪᠦᠯᠬᠦᠮᠳᠡᠯ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠲᠠᠰᠤᠷᠠᠯᠳᠠ ᠦᠭᠡᠢ ᠪᠡᠬᠢᠵᠢᠭᠦᠯᠦᠨ ᠬᠥᠭ᠌ᠵᠢᠭᠦᠯᠵᠦ᠍᠂ ᠢᠳᠡᠪᠬᠢ ᠬᠦᠴᠦᠨ ᠵᠦᠢᠯ ᠪᠦᠬᠦᠨ᠎ᠢ ᠭᠦᠢᠴᠡᠳ ᠲᠠᠢ᠌ᠴᠢᠯᠠᠵᠤ᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠠᠮᠤᠷ ᠲᠦᠪᠱᠢᠨ ᠪᠣᠯ ᠬᠥᠭ᠌ᠵᠢᠯᠲᠡ᠎ᠶ᠋ᠢᠨ ᠰᠠᠭᠤᠷᠢ ᠮᠦᠨ᠂ ᠲᠣᠭ᠍ᠲᠠᠭᠤᠨ ᠪᠠᠢᠬᠤ ᠪᠣᠯ ᠬᠦᠴᠦᠷᠭᠡᠭᠵᠢᠨ ᠮᠠᠨᠳᠤᠬᠤ ᠵᠢᠨ ᠤᠷᠢᠲᠠᠯ ᠮᠥᠨ᠃ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠲᠤᠭᠤᠱᠢᠯᠠᠭᠤᠯᠵᠤ᠂ ᠤᠯᠤᠰ᠎ᠤᠨ ᠠᠮᠤᠷ ᠲᠦᠪᠱᠢᠨ᠎ᠦ ᠱᠢᠰᠲ᠋ᠧᠮ᠎ᠢ ᠪᠦᠷᠢᠨᠱᠢᠬᠦᠯᠵᠦ᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠴᠢᠳᠠᠪᠤᠷᠢ᠎ᠶ᠋ᠢ ᠴᠢᠩᠭᠠᠳᠭᠠᠵᠤ᠂ ᠤᠯᠠᠨ ᠨᠡᠢᠲᠡ᠎ᠶ᠋ᠢᠨ ᠠᠮᠤᠷ ᠲᠦᠪᠱᠢᠨ᠎ᠦ ᠵᠠᠰᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠂ ᠨᠡᠢᠭᠡᠮ᠎ᠦᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠱᠢᠨ᠎ᠡ ᠠᠮᠤᠷ ᠲᠦᠪᠱᠢᠨ᠎ᠦ ᠪᠠᠢᠷᠢᠱᠢᠯ᠎ᠢᠶᠠᠷ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠲᠤᠯᠠᠬᠤ ᠬᠡᠷᠡᠭ᠌ᠲᠡᠢ᠃ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠨᠭᠭᠢ᠎ᠶ᠋ᠢᠨ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠠᠷᠠᠳ᠎ᠤᠨ ᠴᠡᠷᠢᠭ ᠠᠩᠭᠢ᠎ᠶ᠋ᠢ ᠤᠯᠤᠰ ᠣᠷᠣᠨ᠎ᠤ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠪᠦᠲᠦᠮᠵᠢᠲᠡᠢ ᠬᠠᠮᠠᠭᠠᠯᠠᠬᠤ ᠪᠠᠲᠤ ᠪᠡᠬᠢ ᠤᠷᠳᠤ ᠴᠠᠭᠠᠨ ᠬᠡᠷᠡᠮ ᠪᠣᠯᠭᠠᠨ ᠪᠦᠳᠦᠭᠡᠨ ᠪᠠᠢᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠤᠯᠤᠰ᠎ᠵᠢᠡᠨ ᠬᠦᠴᠦᠷᠬᠡᠭᠵᠢᠭᠦᠯᠬᠦ ᠪᠦᠳᠦᠬᠡᠨ ᠪᠠᠢᠭᠤᠯᠤᠯᠲᠠ᠎ᠶ᠋ᠢ ᠠᠬᠢᠭᠤᠯᠬᠤ᠎ᠳᠤ ᠱᠢᠶᠠᠩᠭᠠᠩ᠂ ᠣᠣᠮᠧᠨ᠎ᠦ ᠤᠷᠳᠤ ᠬᠤᠭᠤᠴᠠᠭᠠᠨ᠎ᠤ ᠴᠡᠴᠡᠭ᠌ᠯᠡᠯ ᠬᠥᠭ᠌ᠵᠢᠯ ᠪᠠ ᠲᠣᠭ᠍ᠲᠠᠭᠤᠨ ᠪᠠᠢᠳᠠᠯ᠎ᠡᠴᠡ ᠰᠠᠯᠵᠤ ᠴᠢᠳᠠᠬᠤ ᠦᠬᠡᠢ ᠶᠤᠮ᠃ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭ᠌ᠵᠢᠭᠦᠯᠬᠦ᠌》 ᠂ 《ᠱᠢᠶᠠᠩᠭᠠᠩᠴᠤᠳ ᠱᠢᠶᠠᠩᠭᠠᠩ᠎ᠢ ᠵᠠᠰᠠᠬᠤ》᠂ 《ᠣᠣᠮᠧᠨᠴᠤᠳ ᠣᠣᠮᠧᠨ᠎ᠢ ᠵᠠᠰᠠᠬᠤ》᠂ ᠳᠡᠭᠡᠳᠦ ᠬᠡᠮᠵᠢᠶ᠎ᠡ᠎ᠪᠡᠷ ᠥᠪᠡᠷᠲᠡᠭᠡᠨ ᠵᠠᠰᠠᠬᠤ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ᠂ ᠡᠷᠡᠰ ᠭᠤᠢᠪᠢᠰᠢ ᠦᠭᠡᠢ ᠲᠤᠭᠤᠱᠢᠯᠠᠭᠤᠯᠵᠤ᠂ ᠬᠠᠤᠯᠢ ᠪᠡᠷ ᠱᠢᠶᠠᠩᠭᠠᠩ ᠣᠣᠮᠧᠨ᠎ᠢ ᠵᠠᠰᠠᠬᠤ᠎ᠶ᠋ᠢ ᠪᠠᠷᠢᠮᠲᠠᠯᠠᠵᠤ᠂ ᠱᠢᠶᠠᠩᠭᠠᠩ᠂ ᠣᠣᠮᠧᠨ᠎ᠦ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠵᠤ ᠠᠬᠤᠢ᠎ᠪᠠᠨ ᠬᠥᠭ᠌ᠵᠢᠭᠦᠯᠬᠦ᠌᠂ ᠠᠷᠠᠳ᠎ᠤᠨ ᠠᠮᠢᠳᠤᠷᠠᠯ᠎ᠢᠶᠠᠨ ᠰᠠᠢᠵᠢᠷᠠᠭᠤᠯᠬᠤ᠎ᠶ᠋ᠢ ᠳᠡᠮᠵᠢᠵᠦ᠍᠂ ᠤᠯᠤᠰ ᠣᠷᠣᠨ᠎ᠤ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠡᠩ ᠰᠠᠢᠲᠤᠷ ᠠᠭᠤᠰᠤᠯᠴᠠᠭᠤᠯᠬᠤ ᠬᠡᠷᠡᠭ᠌ᠲᠡᠢ᠃ ᠡᠬᠡ ᠣᠷᠣᠨ᠎ᠤ ᠪᠦᠷᠢᠨ ᠨᠢᠭᠡᠳᠦᠯ᠎ᠢ ᠪᠡᠶᠡᠯᠡᠭᠦᠯᠬᠦ᠌ ᠪᠣᠯ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠦᠨ ᠬᠠᠮᠲᠤ᠎ᠶ᠋ᠢᠨ ᠬᠦᠰᠡᠯ ᠡᠷᠡᠮᠡᠯᠵᠡᠯ ᠮᠥᠨ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠰᠡᠳᠦᠪ᠎ᠦᠨ ᠳᠣᠲᠣᠷᠠᠬᠢ ᠤᠳᠭ᠎ᠠ ᠠᠭᠤᠯᠭ᠎ᠠ ᠮᠥᠨ᠃ ᠱᠢᠨ᠎ᠡ ᠴᠠᠭ ᠦᠶ᠎ᠡ᠎ᠶ᠋ᠢᠨ ᠨᠠᠮ᠎ᠤᠨ ᠲᠠᠢᠸᠠᠨ᠎ᠤ ᠠᠰᠠᠭᠤᠳᠠᠯ᠎ᠢ ᠱᠢᠢᠳᠪᠦᠷᠢᠯᠡᠬᠦ᠌ ᠶᠡᠷᠦᠩᠬᠡᠢ ᠠᠷᠭ᠎ᠠ ᠪᠤᠳᠤᠯᠭ᠎ᠠ᠎ᠶ᠋ᠢ ᠲᠤᠭᠤᠱᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠢᠬᠤ ᠵᠠᠷᠴᠢᠮ ᠪᠠ 《ᠶᠡᠷᠡᠨ ᠬᠣᠶᠠᠷ ᠣᠨ᠎ᠤ ᠬᠠᠮᠲᠤ᠎ᠶ᠋ᠢᠨ ᠲᠠᠨᠢᠯᠲᠠ》 ᠶ᠋ᠢ ᠪᠠᠷᠢᠮᠲᠠᠯᠠᠵᠤ᠂ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡ᠎ᠶ᠋ᠢᠨ ᠬᠠᠷᠢᠴᠠᠭ᠎ᠠ᠎ᠶ᠋ᠢᠨ ᠨᠠᠢᠷᠠᠮᠳᠠᠯ᠎ᠢᠶᠠᠷ ᠬᠥᠭ᠌ᠵᠢᠬᠦ᠌᠎ᠶ᠋ᠢ ᠢᠳᠡᠪᠬᠢᠲᠡᠢ ᠠᠬᠢᠭᠤᠯᠵᠤ᠂ ᠭᠠᠳᠠᠭᠠᠳᠤ᠎ᠶ᠋ᠢᠨ ᠬᠦᠴᠦᠨ᠎ᠦ ᠭᠠᠷ ᠲᠦᠷᠦᠭᠦ᠌ ᠪᠠ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠬᠠᠭᠠᠴᠠᠭᠤᠯᠬᠤ ᠠᠵᠢᠯᠯᠠᠭ᠎ᠠ᠎ᠶ᠋ᠢ ᠡᠷᠡᠰ ᠡᠰᠡᠷᠭᠦᠴᠡᠵᠦ᠍᠂ ᠡᠬᠡ ᠣᠷᠣᠨ᠎ᠢᠶᠠᠨ ᠨᠢᠭᠡᠳᠭᠡᠬᠦ᠌ ᠠᠬᠢᠴᠠ᠎ᠶ᠋ᠢ ᠭᠤᠢᠪᠢᠰᠢ ᠦᠭᠡᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠳᠤᠮᠳᠠᠳᠤ ᠤᠯᠤᠰ᠎ᠤᠨ ᠬᠥᠭ᠌ᠵᠢᠯᠲᠡ ᠳᠡᠯᠡᠬᠡᠢ ᠳ᠋ᠠᠬᠢᠨ᠎ᠳᠤ ᠠᠱᠢᠭ ᠬᠦᠷᠲᠡᠭᠡᠵᠦ᠍᠂ ᠳᠤᠮᠳᠠᠳᠤ ᠤᠯᠤᠰ᠎ᠤᠨ ᠬᠥᠭ᠌ᠵᠢᠯᠲᠡ ᠳᠡᠯᠡᠬᠡᠢ ᠳ᠋ᠠᠬᠢᠨ᠎ᠡᠴᠡ ᠰᠠᠯᠵᠤ ᠴᠢᠳᠠᠬᠤ ᠦᠭᠡᠢ ᠶᠤᠮ᠃ ᠪᠢᠳᠠ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ᠌ ᠪᠥᠮᠪᠥᠷᠴᠡᠭ᠎ᠦᠨ ᠵᠠᠬ᠎ᠠ ᠳᠡᠯᠭᠡᠭᠦᠷ ᠪᠣᠯᠤᠨ ᠡᠬᠢ ᠪᠠᠶᠠᠯᠢᠭ᠎ᠢ ᠰᠠᠢᠲᠤᠷ ᠠᠱᠢᠭ᠍ᠯᠠᠨ ᠥᠪᠡᠷ᠎ᠢ᠎ᠪᠡᠨ ᠬᠥᠭ᠌ᠵᠢᠭᠦᠯᠬᠦ᠌ ᠪᠥᠭᠡᠳ ᠳᠡᠯᠡᠬᠡᠢ᠎ᠶ᠋ᠢᠨ ᠬᠠᠮᠲᠤ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠪᠢᠳᠡ ᠡᠩᠬᠡ ᠲᠠᠢᠪᠤᠩ᠂ ᠬᠥᠭ᠌ᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠱᠢᠭ ᠭᠥᠷᠳᠡᠬᠦ᠌ ᠲᠣᠭ᠎ᠢ ᠥᠨᠳᠥᠷ ᠮᠠᠨᠳᠤᠭᠤᠯᠵᠤ᠂ ᠢᠮᠠᠭ᠍ᠲᠠ ᠲᠡᠦᠬᠡ᠎ᠶ᠋ᠢᠨ ᠵᠥᠪ ᠲᠠᠯ᠎ᠠ᠎ᠳᠤ ᠵᠣᠭ᠍ᠰᠣᠵᠤ᠂ ᠵᠢᠩᠬᠢᠨᠢ ᠣᠯᠠᠨ ᠲᠠᠯᠠᠲᠤ ᠦᠵᠡᠯ᠎ᠢ ᠦᠶ᠋ᠯᠡᠳᠦᠯᠭᠡᠵᠢᠭᠦᠯᠵᠦ᠍᠂ ᠪᠥᠬᠥ᠌ ᠬᠥᠮᠦᠨ ᠲᠥᠷᠥᠯᠬᠢᠲᠡᠨ᠎ᠦ ᠬᠠᠮᠲᠤ᠎ᠶ᠋ᠢᠨ ᠥᠷᠲᠡᠭ᠎ᠢ ᠦᠶ᠋ᠯᠡᠳᠦᠯᠭᠡᠵᠢᠭᠦᠯᠵᠦ᠍᠂ ᠪᠥᠬᠥ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠦᠨ ᠥᠭᠡᠷᠡᠴᠢᠯᠡᠯᠲᠡ ᠪᠠ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠵᠤ᠂ ᠨᠡᠭᠡᠭᠡᠯᠲᠡᠲᠦ ᠬᠡᠯᠪᠡᠷᠢ᠎ᠶ᠋ᠢᠨ ᠳᠡᠯᠡᠬᠡᠶ᠎ᠶ᠋ᠢᠨ ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠪᠥᠬᠥ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠥᠬᠥ᠌ ᠪᠥᠮᠪᠥᠷᠴᠡᠭ᠎ᠦᠨ ᠠᠮᠤᠷ ᠲᠦᠪᠱᠢᠨ᠎ᠦ ᠰᠠᠨᠠᠭᠠᠴᠢᠯᠠᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠳᠡᠯᠡᠬᠡᠶ᠎ᠶ᠋ᠢᠨ ᠡᠩᠬᠡ ᠲᠠᠢᠪᠤᠩ ᠬᠥᠭ᠌ᠵᠢᠯᠲᠡ᠎ᠳᠦ ᠨᠠᠩ ᠣᠯᠠᠨ ᠲᠣᠭ᠍ᠲᠠᠭᠤᠨ ᠴᠢᠨᠠᠷ ᠪᠠ ᠢᠳᠡᠪᠬᠢ ᠬᠦᠴᠦᠨ᠎ᠢ ᠨᠡᠮᠡᠭ᠌ᠳᠡᠭᠦᠯᠵᠦ᠍᠂ ᠮᠠᠨ᠎ᠤ ᠤᠯᠤᠰ᠎ᠤᠨ ᠬᠥᠭ᠌ᠵᠢᠯᠲᠡ᠎ᠳᠦ ᠰᠠᠢᠨ ᠰᠠᠢᠬᠠᠨ ᠳᠡᠯᠡᠬᠡᠶ᠎ᠶ᠋ᠢᠨ ᠣᠷᠴᠢᠨ ᠨᠥᠬᠥᠴᠡᠯ᠎ᠢ ᠪᠣᠶ ᠪᠣᠯᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠰᠢ ᠵᠢᠨ ᠫᠢᠩ᠂ ᠤᠯᠤᠰ᠎ᠢ ᠵᠠᠰᠠᠬᠤ᠎ᠳᠤ ᠡᠷᠬᠡᠪᠰᠢ ᠤᠷᠢᠳ᠎ᠢᠶᠡᠷ ᠨᠠᠮ᠎ᠢ ᠵᠠᠰᠠᠬᠤ ᠬᠡᠷᠡᠭ᠌ᠲᠡᠢ᠂ ᠨᠠᠮ ᠮᠠᠨᠳᠤᠪᠠᠯ ᠰᠠᠶᠢ ᠤᠯᠤᠰ ᠬᠦᠴᠦᠷᠬᠡᠭ᠌ᠵᠢᠵᠦ᠍ ᠴᠢᠳᠠᠨ᠎ᠠ᠃ ᠤᠯᠤᠰ᠎ᠵᠢᠡᠨ ᠬᠦᠴᠦᠷᠬᠡᠭᠵᠢᠭᠦᠯᠬᠦ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ᠂ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠤᠨ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ᠎ᠶ᠋ᠢ ᠦᠨᠡᠨ ᠬᠦ᠌ ᠴᠢᠩᠭᠠᠳᠭᠠᠬᠤ ᠬᠡᠷᠡᠭ᠌ᠲᠡᠢ᠃ ᠲᠤᠮᠤ ᠨᠠᠮ᠎ᠤᠨ ᠥᠪᠡᠷᠮᠢᠴᠡ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠰᠡᠷᠭᠡᠭ ᠴᠢᠨᠠᠷ ᠪᠠ ᠡᠷᠡᠰ ᠪᠠᠲᠤ ᠴᠢᠨᠠᠷ᠎ᠢ ᠴᠠᠭ ᠢᠮᠠᠭ᠍ᠲᠠ ᠪᠠᠲᠤᠯᠠᠵᠤ᠂ ᠵᠣᠷᠢᠭ᠍ᠲᠠᠢ᠎ᠪᠠᠷ ᠥᠪᠡᠷᠪᠡᠶᠡ ᠵᠢᠨ ᠬᠤᠪᠢᠰᠭᠠᠯ ᠬᠢᠵᠦ᠍᠂ ᠨᠢᠭᠡ ᠮᠦᠴᠡ ᠴᠦ᠍ ᠵᠤᠭᠰᠤᠰᠢ ᠦᠭᠡᠢ ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠪᠠᠷᠢᠮᠳᠠᠯᠠᠵᠤ᠂ ᠢᠯᠵᠠᠷᠠᠯ᠎ᠢ ᠭᠤᠢᠪᠢᠰᠢ ᠦᠭᠡᠢ ᠡᠰᠡᠷᠭᠦᠴᠡᠵᠦ᠍᠂ ᠨᠠᠮ᠎ᠤᠨ ᠪᠦᠯᠬᠦᠮᠳᠡᠯ ᠨᠢᠭᠡᠳᠦᠯ᠎ᠢ ᠢᠮᠠᠭ᠍ᠲᠠ ᠪᠠᠲᠤᠯᠠᠵᠤ᠂ ᠨᠠᠮ᠎ᠤᠨ ᠡᠭᠦᠷᠢᠳᠡ ᠴᠢᠨᠠᠷ ᠬᠤᠪᠢᠷᠠᠬᠤ ᠦᠭᠡᠢ᠂ ᠦᠨᠭ᠌ᠭᠡ ᠬᠤᠪᠢᠷᠠᠬᠤ ᠦᠭᠡᠢ᠂ ᠰᠤᠷᠳᠠᠯ ᠬᠤᠪᠢᠷᠠᠬᠤ ᠦᠭᠡᠢ ᠪᠠᠢᠬᠤ᠎ᠶ᠋ᠢ ᠦᠨᠡᠨ ᠬᠦ᠌ ᠪᠠᠲᠤᠯᠠᠵᠤ᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠤᠭ᠎ᠠ ᠬᠠᠷᠠᠯᠲᠠ ᠬᠥᠮᠦᠰ᠎ᠢ ᠵᠣᠷᠢᠭ᠍ᠵᠢᠭᠤᠯᠵᠤ᠂ ᠡᠷᠡᠮᠡᠬᠡᠢᠯᠡᠨ ᠤᠷᠤᠭ᠍ᠰᠢᠯᠠᠭᠤᠯᠵᠤ ᠪᠠᠢᠨ᠎ᠠ᠃ ᠪᠢᠳᠡ ᠥᠷᠯᠥᠭᠡ ᠦᠳᠡᠰᠢ᠎ᠶ᠋ᠢ ᠲᠡᠮᠡᠴᠡᠨ᠂ ᠲᠡᠦᠬᠡ᠎ᠶ᠋ᠢᠨ ᠢᠲᠡᠭᠡᠯ᠎ᠢᠶᠡᠨ ᠪᠠᠲᠤᠳᠭᠠᠵᠤ᠂ ᠲᠡᠦᠬᠡ᠎ᠶ᠋ᠢᠨ ᠰᠠᠨᠠᠭᠠᠴᠢᠯᠠᠭᠠᠲᠤ ᠴᠢᠨᠠᠷ᠎ᠢᠶᠠᠨ ᠴᠢᠩᠭᠠᠳᠭᠠᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠲᠡᠮᠡᠴᠡᠯ᠎ᠦᠨ ᠵᠣᠷᠢᠭ ᠰᠠᠨᠠᠭ᠎ᠠ᠎ᠪᠠᠨ ᠪᠠᠳᠠᠷᠠᠭᠤᠯᠵᠤ᠂ ᠵᠣᠷᠢᠭ᠍ᠲᠠᠶ᠎ᠪᠠᠷ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠵᠤ᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠲᠦ ᠲᠠᠰᠤᠷᠠᠯᠲᠠ ᠥᠬᠡᠶ ᠬᠦᠴᠦ᠍ ᠨᠡᠮᠡᠷᠢᠯᠡᠨ ᠬᠡᠷᠡᠯ ᠭᠢᠯᠪᠠᠭ᠎ᠠ ᠨᠡᠮᠡᠷᠢᠯᠡᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃
ᠰᠢ ᠵᠢᠨ ᠫᠢᠩ᠎ᠦᠨ ᠶᠠᠷᠢᠶ᠎ᠠ ᠲᠠᠯᠠᠪᠠᠢ ᠲᠠᠶᠠᠭᠠᠷ ᠤ᠋ᠨ ᠤᠯᠠᠨ ᠤᠳᠠᠭ᠎ᠠ ᠵᠢᠨ ᠬᠠᠯᠠᠭᠤᠨ ᠠᠯᠠᠭ᠎ᠠ ᠲᠠᠱᠢᠯᠳᠠ᠎ᠶ᠋ᠢ ᠤᠯᠵᠠᠢ᠃
ᠲᠠᠷᠠᠭ᠎ᠠ ᠨᠢ ᠵᠣᠣ ᠯᠧ ᠵᠢᠶ ᠶᠠᠷᠢᠶ᠎ᠠ ᠲᠠᠯᠪᠢᠪᠠ᠃ ᠲᠡᠷᠡ᠂ ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠪᠦᠷᠢᠮᠦᠰᠦᠨ ᠵᠥᠪᠱᠢᠶᠡᠷᠡᠵᠦ᠍ ᠬᠦᠷᠢᠶᠡᠯᠡᠨ᠎ᠡ᠃ ᠶᠠᠷᠢᠶ᠎ᠠ ᠨᠢ ᠠᠷᠠᠳ ᠲᠦᠮᠡᠨ᠎ᠦ ᠵᠣᠭ᠍ᠰᠣᠯᠲᠠ᠎ᠶ᠋ᠢ ᠪᠠᠲᠤ ᠰᠠᠬᠢᠵᠤ᠂ ᠲᠡᠦᠬᠡ᠎ᠶ᠋ᠢᠨ ᠢᠲᠡᠭᠡᠯ᠎ᠢ ᠪᠠᠲᠤᠳᠭᠠᠵᠤ᠂ ᠡᠭᠦᠷᠭᠡ ᠬᠠᠷᠢᠭᠤᠴᠠᠯᠭ᠎ᠠ᠎ᠵᠢ ᠢᠯᠡᠷᠡᠭᠦᠯᠵᠦ᠍᠂ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠵᠢᠭᠠᠪᠠ᠂ ᠡᠨᠡ ᠨᠢ ᠯᠠᠪᠲᠠᠢ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠱᠢᠨ᠎ᠡ ᠠᠶᠠᠨ᠎ᠳᠤ ᠤᠮᠤᠭ ᠵᠤᠷᠢᠭ ᠪᠠᠳᠠᠷᠠᠩᠭᠤᠢ ᠪᠡᠷ ᠵᠤᠷᠢᠭᠳᠠᠢ ᠤᠷᠤᠭ᠍ᠰᠢᠯᠠᠬᠤ᠎ᠶ᠋ᠢ ᠵᠣᠷᠢᠭ᠍ᠵᠢᠭᠤᠯᠵᠤ᠂ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠤᠯᠤᠨ᠎ᠠ ᠭᠡᠵᠦ ᠬᠡᠯᠡᠪᠡ᠃ ᠲᠡᠷᠡ᠂ ᠰᠢ ᠵᠢᠨ ᠫᠢᠩ ᠨᠥᠬᠥᠷ ᠳᠠᠬᠢᠨᠲᠠ ᠪᠦᠷᠢᠨ ᠪᠢᠯᠧᠲ᠎ᠢᠶᠡᠷ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭ᠌ᠴᠢ᠂ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ᠎ᠪᠡᠷ ᠰᠣᠩᠭᠣᠭ᠍ᠳᠠᠪᠠ᠂ ᠡᠨᠡ ᠨᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠦᠨ ᠬᠠᠮᠲᠤ᠎ᠶ᠋ᠢᠨ ᠵᠣᠷᠢᠭ ᠰᠠᠨᠠᠭ᠎ᠠ ᠪᠣᠯᠤᠨ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ᠎ᠢ ᠲᠤᠰᠭᠠᠪᠠ᠃ ᠨᠠᠮ᠎ᠡᠴᠡ ᠰᠢ ᠵᠢᠨ ᠫᠢᠩ ᠨᠥᠬᠥᠷ᠎ᠦᠨ ᠨᠠᠮ᠎ᠤᠨ ᠲᠥᠪ ᠬᠤᠷᠢᠶ᠎ᠠ ᠵᠢᠨ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠲᠣᠭ᠍ᠲᠠᠭᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠣᠳᠭᠤ ᠪᠠᠢᠷᠢ ᠰᠠᠭᠤᠷᠢ᠎ᠶ᠋ᠢ ᠲᠣᠭ᠍ᠲᠠᠭᠠᠭ᠍ᠰᠠᠨ ᠨᠢ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡᠨ ᠠᠬᠢᠴᠠ᠎ᠶ᠋ᠢ ᠠᠬᠢᠭᠤᠯᠬᠤ᠎ᠳᠤ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠲᠠᠶ ᠶᠤᠮ᠃《ᠬᠣᠶᠠᠷ᠎ᠢ ᠲᠣᠭ᠍ᠲᠠᠭᠠᠬᠰᠠᠨ》 ᠢ᠋ ᠡᠷᠡᠰ ᠬᠦᠷᠢᠶᠡᠯᠡᠵᠦ᠍᠂ ᠤᠬᠠᠮᠰᠠᠷ᠎ᠡᠴᠡ᠎ᠪᠠᠨ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ᠌ ᠬᠡᠷᠡᠭ᠌ᠲᠡᠢ ᠭᠡᠵᠦ ᠬᠡᠯᠡᠪᠡ᠃
ᠵᠤᠤ ᠯᠸ ᠵᠶ᠋ᠢ᠂ ᠶᠡᠬᠡ ᠬᠤᠷᠠᠯ᠎ᠡᠴᠡ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠠᠩᠬᠠᠳᠤᠭᠠᠷ᠂ ᠬᠣᠶᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠡᠯ᠎ᠡ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠠᠷᠠᠳᠴᠢᠯᠠᠯ᠎ᠲᠠᠶ᠂ ᠪᠦᠯᠬᠦᠮᠳᠡᠯ᠎ᠲᠡᠶ᠂ ᠪᠤᠳᠠᠳᠠᠢ᠎ᠶᠢ ᠡᠷᠬᠢᠮᠯᠡᠭᠰᠡᠨ᠂ ᠡᠷᠡᠯᠬᠡᠭ᠌ᠯᠡᠨ ᠤᠷᠤᠭ᠍ᠰᠢᠯᠠᠭ᠍ᠰᠠᠨ ᠶᠡᠬᠡ ᠬᠤᠷᠠᠯ ᠪᠣᠯᠵᠠᠢ᠃ ᠲᠡᠷᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠤᠷᠢᠶ᠎ᠠ ᠵᠢᠨ ᠡᠮᠦᠨ᠎ᠡ᠎ᠡᠴᠡ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠪᠦᠷᠢᠯᠳᠦᠬᠦᠨ᠂ ᠯᠢ ᠵᠠᠨ ᠱᠤ᠌ ᠨᠥᠬᠥᠷ᠎ᠲᠦ ᠡᠷᠬᠢᠮ ᠳᠡᠭᠡᠳᠦ ᠬᠦᠨᠳᠦᠳᠭᠡᠯ ᠳᠡᠪᠱᠢᠭᠦᠯᠦᠶᠠ ᠭᠡᠵᠦ ᠭᠡᠯᠡᠪᠡ!
ᠵᠤᠤ ᠯᠸ ᠵᠶ᠋ᠢ᠂ ᠶᠡᠬᠡ ᠬᠤᠷᠠᠯ᠎ᠡᠴᠡ ᠰᠤᠩᠭᠤᠭᠤᠯᠢ ᠪᠡᠷ ᠲᠠᠮᠵᠢᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢ ᠰᠣᠩᠭᠣᠨ ᠭᠠᠷᠭᠠᠭ᠍ᠰᠠᠨ ᠪᠥᠭᠡᠳ ᠨᠠᠮᠠᠶ᠋ᠢ ᠬᠤᠷᠢᠶᠠᠨ ᠳᠠᠷᠤᠭ᠎ᠠ᠎ᠪᠠᠷ ᠰᠣᠩᠭᠣᠪᠠ᠃ ᠪᠢᠳᠡ ᠲᠥᠯᠥᠭᠡᠯᠡᠭ᠌ᠴᠢᠳ᠎ᠦᠨ ᠢᠲᠡᠭᠡᠯ ᠨᠠᠢᠳᠠᠯᠭ᠎ᠠ᠎ᠳᠤ ᠴᠢᠩ ᠰᠡᠳᠭᠢᠯ᠎ᠡᠴᠡ᠎ᠪᠡᠨ ᠲᠠᠯᠠᠷᠬᠠᠵᠤ᠂ ᠡᠭᠦᠷᠭᠡ ᠲᠤᠰᠢᠶᠠᠯ ᠡᠷᠬᠢᠮ ᠳᠡᠭᠡᠳᠦ᠂ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠭᠦᠨᠵᠡᠭᠡᠢ ᠮᠡᠳᠡᠷᠡᠵᠦ᠍ ᠪᠠᠢᠨ᠎ᠠ᠃ ᠪᠢᠳᠡ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠨ ᠠᠷᠠᠳ ᠤᠯᠠᠨ ᠳ᠋ᠦ ᠴᠢᠩᠭ᠎ᠠ ᠲᠦᠱᠢᠭ᠌ᠯᠡᠵᠦ᠍᠂ ᠦᠨᠳᠦᠰᠦᠨ ᠬᠠᠤᠯᠢ᠎ᠶ᠋ᠢ ᠬᠦᠨᠳᠦᠳᠭᠡᠵᠦ᠍᠂ ᠡᠭᠦᠷᠭᠡ ᠲᠤᠱᠢᠶᠠᠯ᠎ᠢᠶᠠᠨ ᠬᠢᠴᠢᠶᠡᠩᠭᠦᠢᠯᠡᠨ ᠭᠦᠢᠴᠡᠳᠭᠡᠵᠦ᠍᠂ ᠠᠷᠢᠭᠤᠨ ᠴᠢᠬᠡᠴᠢ᠎ᠪᠡᠷ ᠠᠯᠪᠠᠨ᠎ᠳᠤ ᠦᠢᠯᠡᠴᠢᠯᠡᠵᠦ᠍᠂ ᠠᠷᠠᠳ ᠲᠦᠮᠡᠨ᠎ᠦ ᠬᠢᠨᠠᠯᠲᠠ᠎ᠶ᠋ᠢ ᠬᠦᠯᠢᠶᠡᠵᠦ᠍᠂ ᠨᠠᠮ ᠪᠣᠯᠤᠨ ᠤᠯᠤᠰ᠎ᠤᠨ ᠦᠢᠯᠡᠰ᠎ᠦᠨ ᠲᠥᠯᠥᠭᠡ ᠴᠢᠩ ᠦᠨᠡᠨᠴᠢ᠎ᠪᠡᠷ ᠵᠢᠳᠬᠦᠵᠦ᠍᠂ ᠲᠥᠯᠥᠭᠡᠯᠡᠭ᠌ᠴᠢᠳ ᠪᠣᠯᠤᠨ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠶᠠᠭᠠᠬᠢᠭ᠍ᠰᠠᠨ ᠴᠤ᠌ ᠬᠥᠰᠡᠷᠳᠡᠭᠦᠯᠬᠦ᠌ ᠦᠭᠡᠢ ᠭᠡᠵᠤ ᠬᠡᠯᠡᠪᠡ᠃
ᠵᠤᠤ ᠯᠸ ᠵᠶ᠋ᠢ᠂ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠠᠤᠭ᠎ᠠ ᠲᠥᠰᠦᠪ᠎ᠢ ᠵᠢᠷᠤᠭ᠍ᠯᠠᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠵᠦ᠍᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠠᠷᠠᠳ᠎ᠤᠨ ᠲᠥᠯᠥᠭᠡᠯᠡᠭ᠌ᠴᠢᠳ ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠍᠂ ᠰᠠᠢᠲᠤᠷ ᠬᠡᠷᠡᠭ᠌ᠵᠢᠭᠦᠯᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠤ ᠬᠡᠯᠡᠪᠡ᠃
ᠵᠤᠤ ᠯᠸ ᠵᠶ᠋ᠢ᠂ ᠪᠢᠳᠡ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠠᠷᠠᠳ ᠲᠦᠮᠡᠨ᠎ᠦ ᠬᠠᠤᠯᠢ ᠶᠣᠰᠣᠭᠠᠷ ᠠᠷᠠᠳᠴᠢᠯᠠᠯ᠎ᠢᠶᠠᠷ ᠰᠣᠩᠭᠣᠭᠤᠯᠢ ᠶᠠᠪᠤᠭᠤᠯᠬᠤ᠂ ᠠᠷᠠᠳᠴᠢᠯᠠᠯ᠎ᠢᠶᠠᠷ ᠵᠥᠪᠯᠡᠬᠦ᠌᠂ ᠠᠷᠠᠳᠴᠢᠯᠠᠯ᠎ᠢᠶᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠠᠷᠠᠳᠴᠢᠯᠠᠯ᠎ᠢᠶᠠᠷ ᠬᠠᠮᠢᠶᠠᠷᠬᠤ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠪᠠᠲᠤᠯᠠᠬᠤ ᠬᠡᠷᠡᠭ᠌ᠲᠡᠢ᠃ ᠦᠨᠳᠦᠰᠦᠨ ᠬᠠᠤᠯᠢ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠬᠦ᠌᠎ᠶ᠋ᠢ ᠪᠠᠲᠤᠯᠠᠬᠤ ᠳᠦᠷᠢᠮ᠎ᠦᠨ ᠱᠢᠰᠲ᠋ᠧᠮ᠎ᠢ ᠪᠦᠷᠢᠨᠱᠢᠭᠦᠯᠵᠦ᠍᠂ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ ᠪᠠ ᠬᠢᠨᠠᠯᠲᠠ ᠲᠠᠯᠪᠢᠬᠤ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ ᠭᠡᠷᠡᠭᠳᠠᠢ᠃ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠭᠦᠨᠵᠡᠭᠡᠢ ᠠᠬᠢᠭᠤᠯᠵᠤ᠂ ᠬᠠᠤᠯᠢ ᠴᠠᠭᠠᠵᠠ᠎ᠶ᠋ᠢᠨ ᠱᠢᠰᠲ᠋ᠧᠮ᠎ᠢ ᠨᠡᠩ ᠱᠢᠨᠵᠢᠯᠡᠬᠦ᠌ ᠤᠬᠠᠭᠠᠨᠴᠢ ᠪᠥᠭᠡᠳ ᠪᠦᠷᠢᠨ ᠲᠡᠭᠦᠯᠳᠡᠷ᠂ ᠨᠡᠩ ᠨᠢᠭᠡᠳᠦᠯᠲᠡᠢ ᠡᠷᠬᠡ ᠰᠦᠷ᠎ᠲᠡᠶ ᠪᠣᠯᠭᠠᠬᠤ ᠭᠡᠷᠡᠭᠳᠠᠢ᠃ ᠵᠥᠪ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ᠎ᠶ᠋ᠢ ᠬᠡᠷᠡᠭ᠌ᠵᠢᠭᠦᠯᠵᠦ᠍᠂ ᠦᠨᠳᠦᠰᠦᠨ ᠬᠠᠤᠯᠢ ᠬᠠᠤᠯᠢ ᠴᠠᠭᠠᠵᠠ᠎ᠶ᠋ᠢᠨ ᠪᠦᠬᠦ᠌ ᠲᠠᠯ᠎ᠠ᠎ᠪᠠᠷ ᠪᠦᠲᠦᠮᠵᠢᠲᠡᠢ ᠬᠡᠷᠡᠭ᠌ᠵᠢᠭᠦᠯᠦᠭ᠌ᠳᠡᠬᠦ᠌᠎ᠶ᠋ᠢ ᠪᠠᠲᠤᠯᠠᠬᠤ ᠭᠡᠷᠡᠭᠳᠠᠢ᠃ ᠲᠥᠯᠥᠭᠡᠯᠡᠭ᠌ᠴᠢᠳ ᠠᠷᠠᠳ ᠲᠦᠮᠡᠨ᠎ᠡᠴᠡ ᠢᠷᠡᠵᠦ᠍᠂ ᠠᠷᠠᠳ ᠲᠦᠮᠡᠨ᠎ᠦ ᠳᠤᠮᠳᠠ ᠭᠦᠨᠵᠡᠭᠡᠢᠷᠡᠬᠦ᠌ ᠣᠨᠴᠠᠯᠢᠭ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠨᠠᠮ ᠪᠠ ᠤᠯᠤᠰ᠎ᠤᠨ ᠠᠷᠠᠳ ᠤᠯᠠᠨ᠎ᠲᠠᠶ ᠬᠠᠷᠢᠯᠴᠠᠬᠤ ᠬᠥᠭᠥᠷᠭᠡ ᠬᠣᠯᠪᠣᠭᠠᠰᠤ ᠪᠣᠯᠬᠤ ᠬᠡᠷᠡᠭ᠌ᠲᠡᠢ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠵᠢᠨ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠡᠴᠡ ᠣᠯᠭᠣᠭ᠍ᠰᠠᠨ ᠡᠭᠦᠷᠭᠡ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠬᠦ ᠭᠡᠷᠡᠭᠳᠠᠢ ᠭᠡᠵᠤ ᠬᠡᠯᠡᠪᠡ᠃
9 ᠴᠠᠭ 57 ᠮᠢᠨᠦ᠋ᠲ᠎ᠲᠦ᠂ ᠵᠤᠤ ᠯᠸ ᠵᠶ᠋ᠢ᠄ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠲᠡᠭᠦᠰᠪᠠ ᠭᠡᠵᠤ ᠨᠠᠢᠳᠠᠯᠠᠪᠠ᠃ ᠶᠡᠬᠡ ᠬᠤᠷᠠᠯ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ᠎ᠶ᠋ᠢᠨ ᠠᠶ᠎ᠠ ᠳᠤᠮᠳᠠ ᠦᠨᠳᠤᠷᠯᠡᠵᠡᠢ᠃
ᠲᠠᠷᠢᠬᠦᠯᠡᠭᠴᠢ ᠵᠢᠨ ᠲᠠᠢᠰᠠᠨ ᠳ᠋ᠤ ᠰᠠᠭᠠᠳᠠᠬᠰᠡᠳ ᠲᠤ᠌ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ ᠱᠢᠲᠡᠶ ᠹᠧᠩ᠂ ᠯᠢᠦ ᠭᠦᠸᠧ ᠵᠦᠩ᠂ ᠯᠢ ᠭᠠᠨ ᠵᠢᠶᠧ᠂ ᠯᠢ ᠱᠣ᠌ ᠯᠸᠢ᠂ ᠾᠧ ᠸᠧᠶ ᠳ᠋ᠦᠩ᠂ ᠾᠧ ᠯᠢ ᠹᠧᠩ᠂ ᠵᠠᠩ ᠶᠢᠦ ᠱᠢᠶᠠ᠂ ᠵᠠᠩ ᠭᠦᠸᠧ ᠴᠢᠩ᠂ ᠴᠧᠨ ᠸᠸᠨ ᠴᠢᠩ᠂ ᠴᠧᠨ ᠵᠢᠶ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ᠍᠎ᠶ᠋ᠢᠨ ᠭᠦᠸᠧ᠂ ᠸᠠᠩ ᠱᠢᠶᠤᠤ ᠬᠣᠩ᠂ ᠯᠢ ᠱᠠᠩ ᠹᠦ᠂ ᠡᠸ᠋ ᠵᠧᠩ ᠯᠦᠩ᠂ ᠱᠸᠨ ᠢ ᠴᠢᠨ᠂ ᠴᠢᠨ ᠭᠠᠩ᠂ ᠵᠠᠩ ᠵᠢᠶᠦ᠋ᠨ᠂ ᠶᠢᠩ ᠶᠦᠩ᠂ ᠬᠣ᠌ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠸ᠋ ᠴᠢᠶᠠᠩ᠂ ᠫᠠᠪᠠᠯᠠ· ᠭᠧᠯᠸᠭ᠌ᠨᠡᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠣ᠌ ᠬᠣᠶ᠂ ᠱᠤᠤ ᠬᠣᠩ᠂ ᠭᠤᠤ ᠶᠦᠨ ᠯᠦᠩ᠂ ᠴᠧᠨ ᠡᠣ᠂ ᠮᠤ᠌ ᠬᠤᠩ᠂ ᠱᠢᠶᠠᠨ ᠬᠣᠶ᠂ ᠸᠠᠩ ᠳ᠋ᠦᠩ ᠹᠧᠩ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠣ᠌ ᠶᠦᠩ ᠱᠢᠨ᠂ ᠶᠠᠩ ᠵᠧᠨ ᠪᠣᠯᠤᠨ ᠱᠢᠤᠢ ᠴᠢ ᠯᠢᠶᠠᠩ᠂ ᠰᠦᠨ ᠴᠦᠨ ᠯᠠᠨ᠂ ᠸᠠᠩ ᠴᠧᠨ᠂ ᠯᠢᠦ ᠾᠧ᠂ ᠶᠠᠩ ᠱᠢᠶᠣᠤ ᠳ᠋ᠦ᠋᠂ ᠼᠤᠤ ᠵᠢᠶᠠᠨ ᠮᠢᠩ᠂ ᠵᠠᠩ ᠴᠦᠨ ᠱᠢᠶᠠᠨ᠂ ᠵᠢᠶ ᠪᠢᠩ ᠱᠢᠤᠸᠠᠨ᠂ ᠠᠢ᠌ᠯᠢᠭ᠌ᠸᠩ· ᠢᠮᠢᠩᠪᠠᠬᠠᠢ᠂ ᠸᠠᠨ ᠧ ᠱᠢᠶᠠᠩ᠂ ᠴᠧᠨ ᠵᠦ᠍᠂ ᠪᠠᠳᠮᠠᠫᠸᠷᠠᠩᠯᠠᠢ᠂ ᠸᠧᠶ ᠹᠧᠩ ᠾᠧ᠂ ᠵᠣᠣ ᠺᠧ ᡁᠢ᠂ ᠵᠠᠩ ᠴᠢᠩ ᠯᠢ᠂ ᠯᠢᠦ ᠴᠢ ᠪᠦᠦ᠂ ᠸᠠᠨ ᠭᠠᠩ᠂ ᠯᠦ᠍ ᠵᠠᠨ ᠬᠥᠩ᠂ ᠮᠠ ᠪᠢᠶᠤᠤ᠂ ᠱᠢᠶᠠ ᠪᠦᠦ ᠯᠦᠩ᠂ ᠶᠠᠩ ᠴᠤᠸᠠᠨ ᠲᠠᠩ᠂ ᠯᠢ ᠪᠢᠨ᠂ ᠸᠠᠩ ᠶᠦᠩ ᠴᠢᠩ᠂ ᠬᠦ ᠱᠸᠩ ᠽᠣ᠌᠂ ᠯᠢᠦ ᠱᠢᠨ ᠴᠧᠩ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠭᠡᠱᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨᠨᠡᠷ ᠪᠠᠢᠨ᠎ᠠ᠃
ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠯᠢ ᠵᠢᠶᠠ ᠴᠤᠤ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠾᠧ ᠢ ᠴᠧᠩ ᠬᠤᠷᠠᠯ᠎ᠳᠤ ᠰᠤᠯᠠ ᠣᠷᠣᠯᠴᠠᠭ᠍ᠰᠠᠨ ᠪᠥᠭᠡᠳ ᠲᠡᠷᠢᠭᠦᠯᠡᠭ᠌ᠴᠢ᠎ᠶ᠋ᠢᠨ ᠲᠠᠢᠰᠠᠨ᠎ᠳᠤ ᠰᠠᠭᠠᠲᠠᠪᠠ᠃
ᠲᠥᠪ᠎ᠦᠨ ᠪᠠ ᠳᠦᠷᠦ ᠵᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠴᠢᠯᠥᠭᠡᠯᠡᠬᠦ᠌ ᠴᠡᠷᠢᠭ᠎ᠦᠨ ᠬᠣᠯᠪᠣᠭ᠍ᠳᠠᠯ ᠪᠦᠬᠦᠢ ᠨᠢᠭᠡᠴᠢ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠂ ᠡᠯ᠎ᠡ ᠠᠷᠠᠳ᠎ᠤᠨ ᠪᠦᠯᠬᠦᠮ᠎ᠦᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠶᠡᠬᠡ ᠬᠤᠷᠠᠯ᠎ᠳᠤ ᠰᠤᠯᠠ ᠣᠷᠣᠯᠴᠠᠭ᠍ᠰᠠᠨ ᠪᠤᠶᠤ ᠶᠡᠬᠡ ᠬᠤᠷᠠᠯ᠎ᠢ ᠰᠤᠯᠠ ᠰᠣᠨᠣᠰᠪᠠ᠃
ᠡᠯ᠎ᠠ ᠤᠯᠤᠰ ᠤ᠋ᠨ ᠲᠤᠮᠳᠠᠳᠤ ᠳ᠋ᠤ ᠰᠠᠭᠤᠭ᠎ᠠ ᠡᠯᠴᠢᠳ ᠶᠡᠬᠡ ᠬᠤᠷᠠᠯ᠎ᠢ ᠰᠤᠯᠠ ᠰᠣᠨᠣᠰᠪᠠ᠃
13 ᠤ᠋ ᠦᠳᠡ᠎ᠶ᠋ᠢᠨ ᠬᠣᠢᠨ᠎ᠠ᠂ ᠰᠢ ᠵᠢᠨ ᠫᠢᠩ ᠵᠡᠷᠭᠡ ᠨᠠᠮ ᠪᠣᠯᠤᠨ ᠲᠦᠷᠦ᠍᠎ᠶ᠋ᠢᠨ ᠤᠳᠤᠷᠢᠳᠭᠤ ᠬᠥᠮᠦᠰ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠳᠤ ᠣᠷᠣᠯᠴᠠᠭ᠍ᠰᠠᠨ ᠪᠦᠬᠦ᠌ ᠲᠥᠯᠥᠭᠡᠯᠡᠭ᠌ᠴᠢᠳ᠎ᠲᠡᠶ ᠠᠭᠤᠯᠵᠠᠵᠤ᠂ ᠲᠡᠳᠡᠨ᠎ᠲᠡᠶ ᠬᠠᠮᠲᠤ ᠵᠢᠨ ᠰᠡᠭᠦᠳᠡᠷ ᠲᠠᠲᠠᠭᠤᠯᠵᠤ ᠳᠤᠷᠠᠰᠭᠠᠯ ᠦᠯᠡᠳᠡᠭᠡᠪᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 13 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃