2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-04 21:28:17

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡᠬᠤᠷᠠᠯ᠎ᠤᠨ ᠠᠩᠬᠠᠳᠤᠭᠠᠷ ᠬᠤᠷᠠᠯ 4᠎ᠦ ᠡᠳᠦᠷ᠎ᠦᠨ 12 ᠴᠠᠭ᠎ᠲᠤ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨᠰᠣᠨᠢᠨ ᠮᠡᠳᠡᠭᠡ ᠨᠡᠢᠲᠡᠯᠡᠬᠦ ᠲᠢᠩᠬᠢᠮ᠎ᠳᠦ ᠰᠣᠨᠢᠨ ᠮᠡᠳᠡᠭᠡ ᠨᠡᠢᠲᠡᠯᠡᠬᠦ ᠬᠤᠷᠠᠯ ᠬᠤᠷᠠᠯᠳᠤᠭᠤᠯᠵᠤ᠂ᠶᠡᠬᠡ ᠬᠤᠷᠠᠯ᠎ᠤᠨ ᠥᠭᠦᠯᠡᠭᠴᠢ᠎ᠡᠴᠡ ᠶᠡᠬᠡ ᠬᠤᠷᠠᠯ᠎ᠤᠨ ᠵᠥᠪᠯᠡᠭᠦ ᠵᠦᠢᠯ ᠪᠣᠯᠣᠨ ᠠᠷᠠᠳ᠎ᠤᠨᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠵᠢᠯ᠎ᠤᠨ ᠬᠣᠯᠪᠣᠭᠳᠠᠯ ᠪᠦᠬᠦᠢ ᠠᠰᠠᠭᠤᠳᠠᠯ ᠎ᠤᠨ ᠲᠤᠬᠠᠢᠳᠤᠮᠳᠠᠳᠤ ᠭᠠᠳᠠᠭᠠᠳᠤ᠎ᠶᠢᠨ ᠰᠤᠷᠪᠤᠯᠵᠢᠯᠠᠬ᠍ᠴᠢᠳ᠎ᠤᠨ ᠠᠰᠠᠭᠤᠯᠲᠠ᠎ᠶᠢ ᠬᠠᠷᠢᠭᠤᠯᠵᠠᠢ ᠃

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡᠬᠤᠷᠠᠯ᠎ᠤᠨ ᠠᠩᠬᠠᠳᠤᠭᠠᠷ ᠬᠤᠷᠠᠯ᠎ᠤᠨ ᠶᠡᠬᠡ ᠬᠤᠷᠠᠯ᠎ᠤᠨ ᠥᠭᠦᠯᠡᠭᠴᠢ ᠸᠠᠩ ᠴᠤᠤ ᠭᠡᠯᠡᠭᠦ᠎ᠳᠡᠭᠡᠨ᠂ ᠲᠤᠰ ᠤᠳᠠᠭᠠᠨ᠎ᠤ ᠶᠡᠬᠡᠬᠤᠷᠠᠯ 3 ᠰᠠᠷ᠎ᠠ᠎ᠶᠢᠨ 5᠎ᠤ ᠡᠳᠦᠷ᠎ᠤᠨ ᠦᠳᠡ᠎ᠶᠢᠨ ᠡᠮᠦᠨ᠎ᠡ ᠡᠬᠢᠯᠡᠵᠦ᠂ 13᠎ᠤ ᠡᠳᠦᠷ᠎ᠤᠨ ᠦᠳᠡ᠎ᠶᠢᠨᠡᠮᠦᠨ᠎ᠡ ᠲᠡᠭᠦᠰᠴᠦ᠂ ᠬᠤᠷᠠᠯ᠎ᠤᠨ ᠬᠤᠭᠤᠴᠠᠭ᠎ᠠ 8 ᠡᠳᠦᠷ ᠬᠠᠭᠠᠰ ᠪᠣᠯᠣᠨ᠎ᠠ ᠃

ᠸᠠᠩ ᠴᠤᠤ ᠲᠠᠨᠢᠯᠴᠠᠭᠤᠯᠤᠭᠰᠠᠨ ᠨᠢ᠂ ᠶᠡᠬᠡ ᠬᠤᠷᠠᠯ᠎ᠤᠨ ᠵᠥᠪᠯᠡᠭᠦ ᠵᠦᠢᠯ᠎ᠳᠦ ᠵᠠᠰᠠᠭ᠎ᠤᠨᠣᠷᠳᠣᠨ᠎ᠤ ᠠᠵᠢᠯ᠎ᠤᠨ ᠢᠯᠡᠳᠬᠡᠯ᠎ᠢ ᠬᠢᠨᠠᠨ ᠶᠠᠷᠢᠯᠴᠠᠬᠤ ᠵᠡᠷᠭᠡ 6 ᠮᠡᠳᠡᠭᠦᠯᠦᠯᠲᠡ᠎ᠶᠢ ᠪᠠᠭᠲᠠᠭᠠᠭᠰᠠᠨ 9ᠵᠦᠢᠯ ᠪᠠᠢᠵᠤ ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢ ᠲᠣᠭᠲᠠᠭᠠᠬᠤ ᠬᠠᠤᠯᠢ (ᠵᠠᠰᠠᠪᠤᠷᠢᠣᠷᠣᠭᠤᠯᠬᠤ ᠲᠥᠰᠥᠯ )》᠎ᠢ ᠬᠢᠨᠠᠨ ᠶᠠᠷᠢᠯᠴᠠᠵᠤ᠂ ᠲᠥᠷᠥ᠍᠎ᠶᠢᠨ ᠶᠠᠪᠤᠳᠠᠯ᠎ᠤᠨ ᠬᠣᠷᠢᠶᠠᠨ᠎ᠤᠪᠠᠢᠭᠤᠯᠤᠮᠵᠢ᠎ᠶᠢ ᠥᠭᠡᠷᠡᠴᠢᠯᠡᠬᠦ ᠲᠥᠰᠥᠯ᠎ᠢ ᠬᠢᠨᠠᠨ ᠶᠠᠷᠢᠯᠴᠠᠵᠤ᠂ ᠲᠥᠷᠥ᠍᠎ᠶᠢᠨ ᠪᠠᠢᠭᠤᠯᠤᠮᠵᠢ᠎ᠶᠢᠨᠪᠦᠷᠢᠯᠳᠦᠭᠦᠨ᠎ᠢ ᠰᠣᠩᠭᠣᠬᠤ ᠪᠠ ᠲᠣᠭᠲᠠᠭᠠᠨ᠎ᠠ᠃ ᠶᠡᠬᠡ ᠬᠤᠷᠠᠯ᠎ᠤᠨ ᠡᠯ᠎ᠡ ᠵᠦᠢᠯ᠎ᠦᠨ ᠪᠡᠯᠡᠳᠬᠡᠯ ᠠᠵᠢᠯᠨᠢᠭᠡᠨᠲᠡ ᠪᠡᠯᠡᠬᠡᠨ ᠪᠣᠯᠪᠠ᠃

( ᠢᠷᠡᠯᠳᠡ᠄ ᠰᠢᠨᠬᠤᠸᠠᠬᠤᠷᠢᠶ᠎ᠠ ᠠᠷᠠᠳ᠎ᠤᠨ ᠡᠳᠦᠷ᠎ᠤᠨ ᠰᠤᠨᠢᠨ )


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面