2023-03-05 16:04:23
《ᠥᠩᠭᠡᠷᠡᠭᠡᠭ᠌ᠰᠡᠨ᠎ᠳᠦ ᠵᠠᠮ ᠮᠠᠭᠤ ᠂ ᠪᠠᠷᠠᠭ᠎ᠠ ᠬᠦᠷᠭᠡᠵᠦ᠍ ᠢᠷᠡᠬᠦ᠌ ᠬᠥᠮᠦᠨ ᠦᠭᠡᠢ ᠂ ᠣᠳᠣ ᠡᠯ᠎ᠡ ᠵᠦᠢᠯ᠎ᠦᠨ ᠰᠤᠯᠠ ᠪᠠᠷᠠᠭ᠎ᠠ᠎ᠶ᠋ᠢ ᠪᠦᠷ ᠮᠠᠰᠢᠨ ᠲᠡᠷᠭᠡ᠎ᠪᠡᠷ ᠬᠦᠷᠭᠡᠵᠦ᠍ ᠪᠠᠢᠨ᠎ᠠ ᠂ ᠡᠳᠦᠷ ᠲᠣᠲᠤᠮ᠎ᠤᠨ ᠬᠡᠷᠡᠭ᠌ᠯᠡᠭᠡᠨ᠎ᠦ ᠵᠦᠢᠯ ᠂ ᠭᠤᠯᠢᠷ ᠪᠤᠳᠠᠭ᠎ᠠ ᠂ ᠠᠮᠤ ᠲᠣᠰᠣ ᠂ ᠰᠤᠯᠠ ᠢᠳᠡᠭᠡᠨ ᠵᠡᠷᠭᠡ᠎ᠶ᠋ᠢ ᠪᠦᠷ ᠬᠦᠷᠭᠡᠵᠦ᠍ ᠠᠪᠴᠢᠷᠠᠵᠤ ᠳᠡᠢᠯᠦᠨ᠎ᠡ ᠂ ᠮᠠᠢᠮᠠᠢ ᠤᠤᠯ᠎ᠤᠨ ᠬᠢ᠎ᠡᠴᠡ ᠬᠣᠯᠠ ᠰᠠᠢᠨ ᠪᠣᠯᠵᠠᠢ》 ᠭᠡᠵᠦ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠮᠥᠩᠭᠥᠨᠲᠣᠯᠣᠭᠠᠶ ᠠᠭᠤᠷᠬᠠᠶ᠎ᠶ᠋ᠢᠨ ᠣᠷᠣᠨ᠎ᠳᠤ ᠬᠡᠲᠦ ᠳᠡᠯᠭᠡᠭᠦᠷ ᠡᠵᠡᠩᠨᠡᠵᠦ᠍ ᠪᠠᠢᠭ᠎ᠠ ᠳ᠋ᠧᠩ ᠴᠠᠩ ᠹᠸᠩ ᠵᠠᠮ ᠵᠠᠰᠠᠬᠤ᠎ᠶ᠋ᠢᠨ ᠰᠠᠢᠨ ᠲᠠᠶ ᠲᠠᠯ᠎ᠠ᠎ᠶ᠋ᠢ ᠶᠠᠷᠢᠨ᠎ᠠ᠃
ᠴᠣ ᠱᠢᠨ᠎ᠡ ᠴᠠᠷᠳᠠᠮᠠᠯ ᠵᠠᠮ᠂ ᠠᠨᠭᠬᠠᠷᠤᠯ᠎ᠢ ᠲᠠᠲᠠᠭᠰᠠᠨ ᠵᠠᠮ ᠬᠠᠷᠢᠯᠴᠠᠭᠠᠨ᠎ᠤ ᠲᠡᠮᠳᠡᠭ ᠱᠤᠭᠤᠮ ᠂ ᠮᠥᠩᠬᠦᠨᠲᠣᠯᠣᠭᠠᠶ ᠠᠭᠤᠷᠬᠠᠶ᠎ᠶ᠋ᠢᠨ ᠣᠷᠣᠨ᠎ᠠᠴᠠ ᠳᠥᠷᠪᠡᠳ ᠪᠠᠯᠭᠠᠰᠤᠨ᠎ᠤ ᠱᠤᠸᠠᠩ᠎ᠵᠢᠨ ᠭᠠᠴᠠᠭ᠎ᠠ᠎ᠳᠤ ᠬᠥᠷᠬᠥ᠌ ᠵᠠᠮ᠎ᠢ ᠱᠢᠨ᠎ᠡ᠎ᠪᠡᠷ ᠪᠠᠢᠭᠤᠯᠬᠤ ᠪᠠᠷᠢᠯᠭ᠎ᠠ᠎ᠶ᠋ᠢᠨ ᠠᠵᠢᠯ ᠳᠠᠭᠤᠰᠭᠤ᠎ᠶ᠋ᠢ ᠳᠠᠭᠠᠯᠳᠤᠨ᠂ ᠡᠷᠬᠢᠨ ᠲᠣᠭᠣᠷᠢᠨ᠎ᠤ ᠮᠠᠯᠴᠢᠨ ᠲᠠᠷᠢᠶᠠᠴᠢᠨ ᠣᠯᠠᠨ ᠲᠦᠮᠡᠨ ᠲᠣᠭᠣᠰᠣ ᠱᠢᠷᠣᠶ ᠪᠤᠳᠠᠷᠠᠭ᠍ᠰᠠᠨ ᠬᠠᠢᠷ ᠴᠢᠯᠠᠭᠤᠨ ᠵᠠᠮ᠎ᠠᠴᠠ ᠲᠤᠢᠯᠪᠤᠷᠢᠲᠠᠶ ᠰᠠᠯᠵᠤ ᠂ ᠳ᠋ᠧᠩ ᠴᠠᠩ ᠹᠸᠩ᠎ᠤᠨ ᠬᠡᠲᠦ ᠳᠡᠯᠭᠡᠭᠦᠷ ᠴᠦ᠍ ᠬᠦᠷ ᠬᠦᠭᠵᠢᠶᠡᠨ ᠲᠠᠢ ᠪᠤᠯᠪᠠ᠃
2022 ᠣᠨ᠎ᠳᠤ᠂ ᠬᠢᠩᠭᠠᠨ ᠠᠢᠮᠠᠭ ᠨᠡᠢ᠌ᠲᠡ 182 ᠰᠠᠭᠤᠷᠢ ᠲᠥᠬᠥᠭᠡᠷᠦᠮᠵᠢ᠎ᠶ᠋ᠢᠨ ᠲᠦᠷᠦᠯ ᠵᠦᠢᠯ᠎ᠢ ᠬᠡᠷᠡᠭ᠌ᠵᠢᠭᠦᠯᠵᠦ᠍᠂ 189.2 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶ᠋ᠢ ᠪᠡᠶᠡᠯᠡᠭᠦᠯᠵᠦ᠍ ᠂ ᠵᠠᠰᠠᠮᠠᠯ ᠵᠠᠮ᠎ᠢᠶᠠᠷ ᠭᠣᠣᠯ ᠴᠣᠭ᠍ᠴᠠ ᠪᠣᠯᠭᠠᠭ᠍ᠰᠠᠨ᠂ ᠲᠡᠮᠦᠷ ᠵᠠᠮ ᠪᠠ ᠠᠭᠠᠷ᠎ᠤᠨ ᠠᠶᠠᠯᠠᠯ᠎ᠢᠶᠠᠷ ᠲᠤᠯᠭᠠᠭᠤᠷᠢ ᠪᠣᠯᠭᠠᠭ᠍ᠰᠠᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠣᠣᠷ ᠠᠭᠠᠵᠢᠮ᠎ᠢᠶᠠᠷ ᠳᠡᠯᠭᠡᠭ᠌ᠳᠡᠵᠦ᠍᠂ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ ᠪᠠ ᠵᠣᠯ ᠵᠢᠷᠭᠠᠯ᠎ᠤᠨ ᠵᠢᠭᠠᠯᠲᠠ ᠲᠣᠭ᠎ᠠ ᠵᠠᠯᠭᠠᠭ᠎ᠠ᠎ᠪᠠᠷ ᠳᠡᠭᠡᠭ᠌ᠰᠢᠯᠡᠪᠡ᠃
《 ᠮᠠᠨ᠎ᠤ ᠰᠠᠭᠤᠵᠤ ᠪᠠᠢᠭ᠎ᠠ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠪᠠᠢᠭᠤᠯᠤᠭ᠍ᠰᠠᠨ᠎ᠤ ᠳᠠᠷᠠᠭ᠎ᠠ ᠴᠡᠪᠡᠷ ᠲᠡᠭ᠌ᠰᠢ ᠂ ᠴᠡᠴᠡᠷᠯᠢᠭ ᠪᠠ ᠬᠡᠦᠬᠡᠳ᠎ᠦᠨ ᠴᠡᠩᠭᠡᠯ᠎ᠦᠨ ᠭᠠᠵᠠᠷ ᠪᠠᠢᠬᠤ᠎ᠪᠠᠷ ᠪᠠᠷᠠᠬᠤ ᠥᠬᠡᠶ ᠂ ᠠᠳᠠᠯ ᠠᠬᠤᠶ᠎ᠶ᠋ᠢᠨ ᠬᠠᠮᠢᠶᠠᠷᠤᠯᠲᠠ ᠴᠤ᠌ ᠱᠢᠨ᠎ᠡ ᠰᠠᠭᠤᠭᠠᠯᠢ ᠠᠷᠠᠳ᠎ᠤᠨ ᠲᠣᠭᠣᠷᠢᠭ᠎ᠠᠴᠠ ᠵᠢᠭᠠᠬᠠᠨ ᠴᠤ᠌ ᠳᠤᠤᠷ᠎ᠠ ᠥᠬᠡᠶ ᠪᠠᠢᠨ᠎ᠠ》 ᠭᠡᠵᠦ᠍ ᠬᠥᠬᠡᠬᠣᠲᠠ᠎ᠶ᠋ᠢᠨ ᠣᠷᠴᠢᠨ ᠲᠣᠭᠣᠷᠢᠨ᠎ᠤ ᠠᠷᠢᠭᠤᠨ ᠴᠡᠪᠡᠷ᠎ᠦᠨ ᠠᠵᠢᠯᠴᠢᠨ ᠵᠠᠩ ᠢᠦᠶ ᠮᠧᠶ ᠬᠡᠯᠡᠪᠡ᠃ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠲᠤ ᠰᠠᠭᠤᠵᠤ ᠪᠠᠢᠭ᠎ᠠ ᠰᠠᠭᠤᠭᠠᠯᠢ ᠠᠷᠠᠳ ᠪᠣᠯᠤᠭ᠍ᠰᠠᠨ᠎ᠤ ᠬᠤᠪᠢ᠎ᠳᠤ ᠂ ᠲᠡᠷᠡ ᠬᠣᠲᠠ᠎ᠶ᠋ᠢᠨ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢᠨ ᠠᠱᠢᠭ ᠬᠦᠷᠲᠡᠭ᠌ᠴᠢ ᠪᠣᠯᠬᠤ᠎ᠪᠠᠷ ᠪᠠᠷᠠᠬᠤ ᠥᠬᠡᠶ᠂ ᠪᠠᠰᠠ ᠴᠤ᠌ ᠬᠣᠲᠠ᠎ᠶ᠋ᠢᠨ ᠬᠥᠭ᠌ᠵᠢᠯᠲᠡ ᠬᠤᠪᠢᠷᠠᠯᠲᠠ᠎ᠶ᠋ᠢᠨ ᠭᠡᠷᠡᠴᠢᠯᠡᠭ᠌ᠴᠢ ᠪᠤᠯᠤᠨ᠎ᠠ᠃
ᠤᠢ᠍ᠢᠷ᠎ᠠ᠎ᠶ᠋ᠢᠨ ᠵᠢᠯ᠎ᠡᠴᠡ ᠂ ᠬᠥᠬᠡᠬᠣᠲᠠ᠎ᠶ᠋ᠢᠨ ᠬᠢᠨ ᠤᠯᠠᠨ ᠲᠦᠮᠡᠨ᠎ᠦ ᠪᠣᠳᠠᠲᠠᠢ ᠬᠡᠷᠡᠭ᠌ᠴᠡᠭᠡ᠎ᠡᠴᠡ ᠡᠭᠦᠰᠴᠦ᠍ ᠂ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌᠎ᠶ᠋ᠢ ᠠᠷᠠᠳ ᠲᠦᠮᠡᠨ᠎ᠦ ᠲᠤᠰ ᠪᠡᠶ᠎ᠡ᠎ᠶ᠋ᠢᠨ ᠠᠱᠢᠭ ᠲᠤᠰᠠ᠎ᠳᠤ ᠬᠣᠯᠪᠣᠭ᠍ᠳᠠᠬᠤ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠠ ᠰᠠᠭᠤᠭᠠᠯᠢ ᠠᠷᠠᠳ᠎ᠤᠨ ᠵᠣᠯ ᠵᠢᠷᠭᠠᠯ᠎ᠤᠨ ᠵᠢᠭᠠᠯᠲᠠ ᠲᠣᠭ᠎ᠠ᠎ᠶ᠋ᠢ ᠳᠡᠭᠡᠭ᠌ᠰᠢᠯᠡᠭᠦᠯᠬᠦ᠌ ᠠᠷᠠᠳ᠎ᠤᠨ ᠰᠡᠳᠭᠢᠯ᠎ᠦᠨ ᠢᠨᠵᠧᠨᠧᠷᠢᠩ ᠪᠣᠯᠭᠠᠨ ᠠᠳᠭᠤᠵᠤ ᠂ ᠲᠤᠢᠯᠪᠤᠷᠢᠲᠠᠢ ᠥᠭᠡᠷᠡᠴᠢᠯᠡᠨ ᠰᠠᠢᠵᠢᠷᠠᠭᠤᠯᠤᠭᠰᠠᠨ ᠵᠢᠨᠷ ᠪᠠᠷᠠᠬᠤ ᠦᠭᠡᠢ ᠨᠠᠷᠢᠯᠢᠭ ᠥᠭᠡᠷᠡᠴᠢᠯᠡᠨ ᠰᠠᠢᠵᠢᠷᠠᠭᠤᠯᠵᠤ᠂ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠤᠨ ᠡᠯ᠎ᠡ ᠵᠦᠢᠯ᠎ᠦᠨ ᠥᠭᠡᠷᠡᠴᠢᠯᠡᠯᠲᠡ᠎ᠶ᠋ᠢ ᠨᠠᠷᠢᠯᠢᠭ ᠂ ᠭᠦᠨᠵᠡᠭᠡᠢ ᠂ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠵᠤ ᠂ ᠬᠤᠳᠠ᠎ᠶ᠋ᠢᠨ ᠲᠣᠭᠣᠷᠢᠭ᠎ᠤᠨ ᠬᠠᠭᠤᠴᠢᠨ ᠠᠰᠠᠷ᠎ᠢ 《ᠭᠤᠶᠤ》 ᠪᠥᠭᠡᠳ 《ᠲᠣᠬᠢᠯᠢᠭ》 ᠪᠤᠯᠭᠠᠪᠠ᠃ 2022 ᠣᠨ᠎ᠳᠤ ᠂ ᠬᠥᠬᠡᠬᠣᠲᠠ 392 ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠱᠢᠨᠡᠳᠭᠡᠵᠦ᠍ ᠂ 8 ᠳᠥᠭᠥᠮ ᠪᠦᠳᠦᠴᠡᠳᠦ ᠣᠷᠣᠨ ᠰᠠᠭᠤᠴᠠ ᠵᠢᠨ ᠲᠣᠭᠣᠷᠢᠭ᠎ᠢ ᠥᠭᠡᠷᠡᠴᠢᠯᠡᠨ ᠱᠢᠨᠡᠳᠭᠡᠪᠡ᠃
ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠮᠥᠩᠭᠥᠨᠲᠣᠯᠣᠭᠠᠶ ᠠᠭᠤᠷᠬᠠᠶ᠎ᠶ᠋ᠢᠨ ᠣᠷᠣᠨ ᠡᠴᠡ ᠣᠷᠣᠨ᠎ᠤ ᠲᠥᠪ ᠬᠥᠬᠡᠬᠣᠲᠠ ᠬᠦᠷᠲᠡᠯ᠎ᠡ᠂ ᠥᠩᠭᠡᠷᠡᠭ᠌ᠰᠡᠨ ᠲᠠᠪᠤᠨ ᠵᠢᠯ᠎ᠳᠦ᠂ ᠥᠪᠥᠷ ᠮᠣᠩᠭᠣᠯ᠎ᠤᠨ ᠡᠯ᠎ᠡ ᠭᠠᠵᠠᠷ᠎ᠤᠨ ᠬᠣᠲᠠ ᠬᠥᠳᠡᠭᠡ᠎ᠶ᠋ᠢᠨ ᠳᠦᠷᠰᠦ ᠪᠠᠢᠳᠠᠯ᠎ᠳᠤ ᠯᠤᠲᠤ ᠶᠡᠬᠡ ᠬᠤᠪᠢᠷᠠᠯᠲᠠ ᠭᠠᠷᠴᠤ᠌᠂ ᠬᠣᠲᠠ ᠪᠠᠯᠭᠠᠰᠤᠵᠢᠯᠲᠠ᠎ᠶ᠋ᠢᠨ ᠨᠣᠷᠮ᠎ᠠ 64.6 % ᠪᠠᠢᠭ᠍ᠰᠠᠨ᠎ᠠᠴᠠ᠎ᠪᠠᠨ ᠳᠡᠭᠡᠭ᠌ᠰᠢᠯᠡᠭᠡᠳ 69 % ᠱᠢᠬᠠᠮ ᠪᠣᠯᠵᠣ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠵᠡᠭᠦᠨ ᠳᠤᠮᠳᠠ ᠪᠠᠷᠠᠭᠤᠨ ᠬᠡᠰᠡᠭ᠎ᠦᠨ ᠵᠦᠷᠢᠶᠡᠴᠢᠯᠡᠭ᠌ᠰᠡᠨ ᠵᠣᠬᠢᠴᠠᠩᠭᠤᠶ ᠬᠥᠭ᠌ᠵᠢᠯᠲᠡ᠎ᠶ᠋ᠢᠨ ᠪᠠᠢᠷᠢᠱᠢᠯ᠎ᠢ ᠠᠩᠬ᠎ᠠ ᠠᠯᠬᠤᠮ ᠪᠦᠷᠢᠯᠳᠦᠭᠦᠯᠪᠡ᠃ ᠴᠢᠭᠤᠯᠤᠯᠲᠤ ᠬᠠᠭᠠᠯᠭ᠎ᠠ᠎ᠠᠴᠠ ᠬᠥᠬᠡᠬᠣᠲᠠ ᠬᠦᠷᠬᠦ᠌ ᠂ ᠰᠢᠨ ᠮᠢᠨ ᠡᠴᠡ ᠲᠦᠨᠭᠯᠢᠶᠤᠤ ᠬᠦᠷᠬᠦ᠌ ᠂ ᠬᠠᠷᠠᠴᠢᠨ ᠤᠯᠠᠭᠠᠨᠬᠠᠳᠠ ᠬᠦᠷᠬᠦ᠌ ᠲᠦᠷᠭᠡᠨ᠎ᠦ ᠲᠡᠮᠦᠷ ᠵᠠᠮ ᠵᠠᠯᠭᠠᠭ᠎ᠠ᠎ᠪᠠᠷ ᠲᠡᠷᠭᠡ ᠨᠡᠪᠲᠡᠷᠡᠵᠦ᠍᠂ ᠵᠠᠰᠠᠮᠠᠯ ᠵᠠᠮ᠎ᠤᠨ ᠤᠷᠲᠤ 1.7 ᠲᠦᠮᠡᠨ ᠺᠢᠯᠣᠮᠧᠲᠷ ᠨᠡᠮᠡᠭ᠌ᠳᠡᠵᠦ᠍ ᠂ ᠬᠥᠬᠡᠬᠣᠲᠠ᠎ᠶ᠋ᠢᠨ ᠱᠢᠨ᠎ᠡ ᠨᠢᠰᠭᠡᠯ᠎ᠦᠨ ᠪᠠᠭᠤᠳᠠᠯ᠎ᠤᠨ ᠭᠣᠣᠯ ᠴᠣᠭ᠍ᠴᠠ᠎ᠶ᠋ᠢᠨ ᠪᠠᠷᠢᠯᠭ᠎ᠠ᠎ᠶ᠋ᠢ ᠳᠠᠭᠤᠰᠭᠠᠵᠤ᠂ 21 ᠨᠡᠢᠳᠡᠮ᠎ᠤᠨ ᠬᠡᠷᠡᠭ᠌ᠯᠡᠭᠡᠨ᠎ᠦ ᠨᠢᠰᠭᠡᠯ᠎ᠦᠨ ᠪᠠᠭᠤᠳᠠᠯ᠎ᠤᠨ ᠪᠦᠲᠦᠭᠡᠨ ᠪᠠᠢᠭᠤᠯᠤᠯᠲᠠ᠎ᠶ᠋ᠢ ᠳᠠᠭᠤᠰᠭᠠᠵᠤ ᠂ ᠤᠰᠤᠨ ᠠᠱᠢᠭ᠍ᠯᠠᠯᠲᠠ ᠂ ᠡᠨᠧᠷᠭᠢ ᠂ ᠮᠡᠳᠡᠭᠡ ᠵᠠᠩᠭᠢ ᠵᠡᠷᠭᠡ ᠨᠢᠭᠡ ᠪᠦᠯᠦᠭ ᠴᠢᠬᠤᠯᠠ ᠶᠡᠬᠡ ᠢᠨᠵᠧᠨᠧᠷᠢᠩ᠎ᠢ ᠪᠠᠢᠭᠤᠯᠤᠨ ᠳᠠᠭᠤᠰᠭᠠᠵᠤ ᠠᠱᠢᠭ᠍ᠯᠠᠯᠲᠠ᠎ᠳᠤ ᠣᠷᠣᠭᠤᠯᠪᠠ᠃
ᠡᠳᠦᠭᠡ᠂ ᠥᠪᠥᠷ ᠮᠣᠩᠭᠣᠯ᠎ᠤᠨ ᠬᠤᠳᠠ᠎ᠶ᠋ᠢᠨ ᠵᠠᠮ ᠨᠢ ᠴᠡᠪᠡᠷ ᠴᠡᠮᠴᠡᠭᠡᠷ ᠂ ᠨᠣᠭᠣᠭᠠᠷᠠᠭᠤᠯᠤᠯᠲᠠ᠎ᠶ᠋ᠢᠨ ᠲᠡᠰ ᠳᠠᠪᠬᠤᠷᠭ᠎ᠠ ᠨᠢ ᠲᠣᠳᠣᠷᠬᠠᠢ ᠂ ᠦᠵᠡᠮᠵᠢ ᠨᠢ ᠡᠲᠡᠭᠡᠳ ᠭᠤᠶᠤ᠂ ᠬᠥᠳᠡᠭᠡ ᠲᠣᠰᠭᠣᠨ᠎ᠤ 《ᠤᠰᠤ ᠴᠠᠬᠢᠯᠭᠠᠨ ᠵᠠᠮ ᠰᠦᠯᠵᠢᠶ᠎ᠡ》 ᠲᠣᠰᠭᠣᠨ ᠪᠣᠯᠭᠠᠨ᠎ᠳᠤ ᠨᠡᠪᠳᠡᠷᠡᠵᠤ᠂ ᠬᠥᠳᠡᠭᠡ ᠲᠣᠰᠭᠣᠨ᠎ᠤ ᠬᠦᠷᠢᠶ᠎ᠡ ᠬᠠᠱᠢᠶ᠎ᠠ ᠴᠡᠪᠡᠷ ᠴᠡᠮᠴᠡᠭᠡᠷ ᠪᠣᠯᠪᠠ᠃ ᠬᠤᠳᠠ ᠬᠥᠳᠡᠭᠡ᠎ᠶ᠋ᠢᠨ 《ᠦᠩᠭᠡ ᠵᠢᠰᠦ》 ᠨᠢ ᠭᠤᠶᠤᠵᠢᠵᠥ᠍ ᠂ ᠤᠯᠠᠨ ᠲᠦᠮᠡᠨ᠎ᠦ ᠠᠮᠢᠳᠤᠷᠠᠯ᠎ᠤᠨ ᠲᠦᠪᠰᠢᠨ ᠳᠡᠭᠡᠭᠰᠢᠯᠡᠵᠦ᠍᠂ ᠠᠮᠢᠵᠢᠷᠠᠯ᠎ᠤᠨ ᠬᠦᠴᠦᠨ᠎ᠢᠶᠡᠷ ᠪᠢᠯᠬᠠᠭ᠍ᠰᠠᠨ ᠦᠵᠡᠰᠭᠦᠯᠡᠩᠲᠦ ᠰᠠᠢᠬᠠᠨ ᠵᠢᠷᠤᠭ ᠲᠦᠷᠰᠦ ᠲᠠᠯ᠎ᠠ ᠨᠤᠲᠤᠭ᠎ᠲᠤ ᠠᠯᠭᠤᠷᠬᠠᠨ ᠳᠡᠯᠭᠡᠭ᠌ᠳᠡᠵᠦ᠍᠂ ᠬᠥᠬᠡᠮᠳᠦᠭ ᠨᠤᠭᠤᠭᠠᠨ ᠠᠭᠤᠯᠠ ᠤᠰᠤ᠂ ᠬᠤᠳᠠ ᠪᠣᠯᠤᠨ ᠬᠥᠳᠡᠭᠡ ᠲᠣᠰᠭᠣᠨ᠂ ᠢᠷᠡᠭᠡᠳᠦᠢ ᠪᠣᠯᠤᠨ ᠬᠦᠰᠡᠯ ᠡᠷᠡᠮᠡᠯᠵᠡᠯ᠎ᠢ ᠬᠣᠯᠪᠣᠨ ᠵᠢᠷᠤᠭᠯᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃