2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠣᠨᠴᠠ ᠮᠡᠳᠡᠭᠡᠯᠡᠯ

2023-03-05 13:35:36

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠦᠷ ᠳᠠᠯᠠᠢᠴᠠᠲᠠᠢ ᠠᠭᠤᠤ ᠶᠡᠬᠡ ᠴᠠᠭ ᠦᠶ᠎ᠡ ᠳ᠋ᠤ᠂ ᠡᠷᠡᠮᠡᠬᠡᠢᠯᠡᠨ ᠤᠷᠤᠭᠰᠢᠯᠠᠭᠰᠠᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶ᠋ᠢ ᠭᠡᠷᠡᠴᠢᠯᠡᠪᠡ᠄ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠬᠦ᠌ ᠠᠤᠭ᠎ᠠ ᠦᠢᠯᠡᠰ ᠨᠢ ᠪᠠᠲᠤ ᠴᠢᠩᠭ᠎ᠠ ᠬᠦᠴᠦᠨ ᠲᠠᠢ ᠤᠳᠤᠷᠢᠳᠭᠤ ᠭᠣᠣᠯ ᠬᠦᠴᠤᠨ ᠡᠴᠠ ᠰᠠᠯᠵᠤ ᠴᠢᠳᠠᠬᠤ ᠦᠭᠡᠢ ᠶᠤᠮ᠃


11.jpg

22.jpg


(ᠬᠡᠷᠡᠯ ᠵᠢᠷᠤᠭ ᠤ᠋ᠤᠨ᠎ᠢ ᠲᠤᠰ ᠰᠣᠨᠢᠨ᠎ᠤ ᠰᠤᠷᠪᠤᠯᠵᠢᠯᠠᠬ᠍ᠴᠢ ᠮᠥᠩᠬᠡᠴᠢᠯᠠᠭᠤ ᠂ ᠸᠠᠩ ᠯᠧᠢ ᠂ ᠬᠤᠢᠳᠤᠡᠤᠯᠤᠰ ᠂ ᠮᠠ ᠵᠢᠶᠠᠨ ᠴᠢᠤᠸᠠᠨ ᠰᠡᠭᠦᠳᠡᠷᠯᠡᠪᠡ)


ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠢᠮᠠᠭ᠍ᠲᠠ ᠭᠦᠨ ᠰᠠᠨᠠᠭᠠᠯᠵᠠᠵᠤ᠂ 《ᠬᠠᠪᠤᠷ᠎ᠤᠨ ᠪᠣᠯᠵᠣᠭ᠎ᠠ》 ᠶᠤᠰᠤᠭᠠᠷ 5 ᠵᠢᠯ ᠳᠠᠷᠠᠭᠠᠯᠠᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠵᠤ᠂ 2019 ᠣᠨ᠎ᠳᠤ ᠪᠡᠶ᠎ᠡ᠎ᠪᠡᠷ᠎ᠢᠶᠡᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠶ᠋ᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ ᠬᠥᠭ᠌ᠵᠢᠯᠲᠡ᠎ᠶ᠋ᠢᠨ ᠶᠡᠬᠡ ᠪᠤᠳᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠤᠨ᠂ ᠠᠷᠠᠳ᠎ᠤᠨ ᠠᠮᠢᠳᠤᠷᠠᠯ᠎ᠤᠨ ᠬᠦᠴᠢᠷ ᠵᠣᠪᠠᠭᠤᠷᠢ᠎ᠶᠢ ᠰᠠᠨᠠᠭᠠᠯᠵᠠᠨ᠂ ᠥᠪᠥᠷ ᠮᠣᠩᠭᠣᠯ᠎ᠤᠨ ᠰᠤᠳᠠᠰᠤ᠎ᠶ᠋ᠢ ᠠᠳᠭᠤᠨ ᠴᠢᠭ᠌ᠯᠡᠯ᠎ᠢ ᠲᠣᠭ᠍ᠲᠠᠭᠠᠵᠤ᠂ ᠵᠠᠯᠠᠭᠤᠷ᠎ᠢ ᠠᠳᠭᠤᠨ ᠠᠶᠠᠯᠠᠯ᠎ᠢ ᠳᠠᠭᠠᠭᠤᠯᠤᠨ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠬᠥᠭ᠌ᠵᠢᠯᠲᠡ᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠨ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃

ᠴᠢᠩ ᠰᠡᠳᠭᠢᠯ᠎ᠦᠨ ᠬᠦᠰᠠᠯ ᠨᠠᠢᠳᠠᠯᠭ᠎ᠠ᠂ ᠭᠦᠨ ᠵᠤᠵᠠᠭᠠᠨ ᠬᠠᠢᠷ᠎ᠠ ᠰᠡᠳᠭᠢᠯᠭᠡ ᠨᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠨᠡᠷᠢᠯ ᠠᠴᠢ᠎ᠳᠤᠨᠢ ᠲᠠᠯᠠᠷᠬᠠᠨ ᠡᠷᠡᠮᠡᠬᠡᠢᠯᠡᠨ ᠤᠷᠤᠭ᠍ᠰᠢᠯᠠᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠠᠢ᠃ ᠣᠷᠣᠨ ᠳᠠᠶᠠᠭᠠᠷ᠎ᠢᠶᠠᠨ ᠶᠡᠷᠦᠩᠬᠡᠢ ᠱᠦᠵᠢ᠎ᠶ᠋ᠢᠨ ᠥᠪᠥᠷ ᠮᠣᠩᠭᠣᠯ᠎ᠳᠤ ᠵᠢᠷᠤᠭ᠍ᠯᠠᠵᠤ ᠥᠭ᠌ᠭᠦᠭ᠌ᠰᠡᠨ ᠠᠤᠭ᠎ᠠ ᠲᠥᠰᠦᠪ᠎ᠢ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠶ᠋ᠢ ᠪᠦᠬᠦ᠌ ᠬᠦᠴᠦ᠍᠎ᠪᠡᠷ᠎ᠢᠶᠡᠨ ᠠᠬᠢᠭᠤᠯᠵᠤ᠂ ᠰᠡᠳᠭᠢᠯ᠎ᠨᠢᠬᠡᠳᠦᠨ ᠬᠦᠴᠦ᠍᠎ᠪᠡᠨ ᠬᠠᠮᠲᠤᠳᠭᠠᠵᠤ ᠬᠥᠭ᠌ᠵᠢᠯᠲᠡ᠎ᠶ᠋ᠢ ᠠᠳᠭᠤᠵᠤ᠂ ᠥᠭᠡᠷᠡᠴᠢᠯᠡᠯᠲᠡ᠎ᠶ᠋ᠢ ᠠᠬᠢᠭᠤᠯᠵᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠨ᠂ ᠪᠦᠯᠬᠦᠮᠳᠡᠯ᠎ᠢ ᠴᠢᠩᠭᠠᠳᠭᠠᠵᠤ᠂ ᠠᠮᠤᠷ ᠲᠦᠪᠱᠢᠨ᠎ᠢ ᠪᠠᠲᠤᠯᠠᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠠᠷᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠵᠦ᠍᠂ ᠶᠡᠷᠦᠩᠬᠡᠢᠯᠡᠭ᠌ᠰᠡᠨ ᠠᠵᠤ ᠠᠬᠤᠢ᠎ᠶ᠋ᠢᠨ ᠪᠣᠳᠠᠲᠤ ᠬᠦᠴᠦᠨ ᠶᠡᠬᠡ᠎ᠪᠡᠷ ᠳᠡᠭᠡᠭ᠌ᠰᠢᠯᠡᠠ᠂ ᠬᠤᠳᠠ ᠬᠥᠳᠡᠭᠡ᠎ᠶ᠋ᠢᠨ ᠳᠦᠷᠰᠦ ᠪᠠᠢᠳᠠᠯ᠎ᠳᠤ ᠯᠤᠲᠤ ᠶᠡᠬᠡ ᠬᠤᠪᠢᠷᠠᠯᠲᠠ ᠭᠠᠷᠴᠤ᠌᠂ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠠᠮᠢᠵᠢᠷᠠᠯ᠎ᠤᠨ ᠬᠦᠴᠦᠨ ᠢᠯᠡᠳᠲᠡ ᠴᠢᠩᠭᠠᠷᠠᠵᠤ᠂ ᠠᠷᠠᠳ᠎ᠤᠨ ᠠᠮᠢᠳᠤᠷᠠᠯ᠎ᠤᠨ ᠲᠦᠪᠱᠢᠨ ᠲᠣᠭ᠍ᠲᠠᠭᠤᠨ᠎ᠢᠶᠠᠷ ᠳᠡᠭᠡᠭ᠌ᠰᠢᠯᠡᠵᠦ᠍᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢᠵᠢᠷᠠᠵᠤ᠂ ᠬᠦᠨᠳᠦ ᠶᠡᠬᠡ ᠠᠶᠤᠯ ᠲᠦᠭ᠌ᠰᠢᠭᠦᠷᠢ ᠬᠡᠮ ᠰᠣᠭᠣᠭ᠎ᠢ ᠪᠦᠲᠦᠮᠵᠢᠲᠡᠢ ᠰᠡᠷᠭᠡᠢᠯᠡᠨ᠂ ᠦᠨᠳᠦᠰᠦᠲᠡᠨ᠎ᠦ ᠪᠦᠯᠬᠦᠮᠳᠡᠯ᠎ᠢ ᠪᠡᠬᠢᠵᠢᠭᠦᠯᠦᠨ ᠬᠥᠭ᠌ᠵᠢᠭᠦᠯᠦᠭ᠌ᠰᠡᠨ ᠱᠢᠨ᠎ᠡ ᠬᠠᠷᠢᠭᠤᠯᠲᠠ᠎ᠶ᠋ᠢᠨ ᠬᠠᠭᠤᠳᠠᠰᠤ ᠵᠢ ᠲᠤᠱᠢᠶᠠᠵᠠᠢ᠃

ᠲᠦᠮᠡᠨ ᠭᠠᠵᠠᠷ᠎ᠤᠨ ᠠᠭᠤᠯᠠ ᠤᠰᠤ ᠵᠢ ᠬᠠᠪᠤᠷ᠎ᠤᠨ ᠤᠷᠢᠬᠠᠨ ᠰᠠᠯᠬᠢ ᠢᠯᠪᠢᠨᠡᠮ᠃ ᠬᠡᠬᠦᠳᠡᠭ ᠳᠦᠭᠦᠷᠡᠩ ᠣᠮᠣᠭ ᠵᠣᠷᠢᠭ ᠲᠠᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠶᠠᠭ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠴᠢᠷᠮᠠᠢᠨ ᠪᠡᠶᠡᠯᠡᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠢ᠋ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠵᠤ᠂ ᠡᠭᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠵᠤ ᠂ ᠳᠤᠮᠳᠠᠳᠤ ᠤᠯᠤᠰ᠎ᠤᠨ ᠮᠠᠶ᠍ᠢᠭ ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠥᠪᠥᠷ ᠮᠣᠩᠭᠣᠯ᠎ᠤᠨ ᠬᠤᠪᠢ ᠨᠡᠮᠡᠷᠢ᠎ᠪᠡᠨ ᠦᠵᠡᠭᠦᠯᠦᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面