2023-03-05 13:51:16
ᠡᠳ᠋ᠱᠢᠭᠦᠯᠬᠦ᠌ ᠮᠠᠱᠢᠨ ᠤ᠋ ᠬᠦᠷᠴᠢᠭᠢᠨᠡᠬᠦ᠌ ᠲᠡᠭ᠎ᠤᠨ ᠳ᠋ᠤ᠂ ᠡᠰᠢ ᠰᠦᠷᠡᠯ ᠪᠠ ᠬᠠᠶᠠᠭ᠍ᠳᠠᠮᠠᠯ ᠮᠣᠲᠤᠳ ᠬᠡᠮᠬᠡᠷᠠᠨ᠂ ᠲᠡᠬᠢᠠᠲᠠ ᠱᠢᠯᠢᠬᠦ᠌᠂ ᠱᠢᠷᠣᠢ ᠠᠷᠢᠯᠭᠠᠬᠤ᠂ ᠳᠠᠷᠤᠬᠤ ᠵᠡᠷᠭᠡ ᠶᠠᠪᠤᠴᠠ ᠪᠠᠷ ᠲᠡᠮᠵᠢᠠ᠂ ᠠᠮᠢᠳᠤ ᠪᠣᠳᠠᠰ᠎ᠤᠨ ᠲᠦᠯᠡᠰᠢ᠎ᠶ᠋ᠢᠨ ᠮᠥᠬᠥᠯᠢᠭ ᠪᠣᠯᠳᠠᠭ᠃ ᠡᠨᠡ ᠬᠦ᠌ 《ᠬᠠᠶᠠᠭ᠍ᠳᠠᠮᠠᠯ ᠪᠣᠳᠠᠰ᠎ᠢ ᠡᠷᠳᠡᠨᠢ ᠪᠣᠯᠭᠠᠬᠤ》 ᠶᠠᠪᠤᠴᠠ ᠨᠢ ᠡᠳᠦᠷ ᠪᠦᠷᠢ ᠤᠷᠳᠤᠰ ᠬᠤᠳᠠ᠎ᠶ᠋ᠢᠨ ᠲᠠᠯᠠᠳ ᠬᠣᠱᠢᠭᠤᠨ᠎ᠤ ᠡᠩᠬᠡᠪᠡᠢ ᠪᠠᠯᠭᠠᠰᠤᠨ᠎ᠤ ᠤᠯᠠᠭᠠᠨ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢᠨ ᠲᠦᠷᠦᠯ ᠵᠦᠢᠯ — ᠤᠯᠠᠭᠠᠨ ᠠᠮᠢᠳᠤ ᠪᠣᠳᠠᠰ᠎ᠤᠨ ᠮᠥᠬᠥᠯᠢᠭ᠎ᠢ ᠪᠣᠯᠪᠠᠰᠤᠷᠠᠭᠤᠯᠬᠤ ᠦᠢᠯᠡᠳᠪᠦᠷᠢ᠎ᠳᠦ ᠶᠠᠪᠤᠭ᠍ᠳᠠᠵᠤ ᠪᠠᠢᠨ᠎ᠠ᠃
《ᠥᠩᠭᠡᠷᠡᠭ᠌ᠰᠡᠨ᠎ᠳᠦ᠂ ᠲᠣᠰᠭᠣᠨ᠎ᠤ ᠡᠰᠢ ᠰᠦᠷᠡᠯ᠎ᠢ ᠠᠱᠢᠭ᠍ᠯᠠᠬᠤ ᠨᠣᠷᠮ᠎ᠠ ᠮᠠᠰᠢ ᠳᠤᠤᠷ᠎ᠠ ᠪᠠᠢᠵᠤ᠂ ᠪᠠᠰᠠ ᠨᠢᠭᠡ ᠪᠦᠯᠦᠭ ᠬᠤᠪᠠᠬᠠᠶ ᠮᠣᠳᠣ᠂ ᠬᠠᠶᠠᠭ᠍ᠳᠠᠮᠠᠯ ᠮᠣᠳᠣ᠎ᠶ᠋ᠢ ᠳᠤᠷ᠎ᠠ᠎ᠪᠠᠷ ᠣᠪᠣᠭᠠᠯᠠᠵᠤ᠂ ᠲᠣᠰᠭᠣᠨ᠎ᠤ ᠳᠦᠷᠰᠦ ᠪᠠᠢᠳᠠᠯ᠎ᠢ ᠨᠥᠯᠥᠭᠡᠯᠡᠵᠦ᠍ ᠪᠠᠢᠪᠠ᠃ ᠣᠳᠣ ᠰᠠᠢᠨ ᠪᠣᠯᠵᠠᠶ᠂ ᠦᠶ᠋ᠯᠡᠳᠪᠦᠷᠢ ᠨᠢ ᠠᠵᠤ ᠠᠬᠤᠢ᠎ᠶ᠋ᠢᠨ ᠣᠷᠣᠯᠭ᠎ᠠ ᠠᠪᠴᠢᠷᠠᠭ᠍ᠰᠠᠨ᠎ᠢᠶᠠᠷ ᠪᠠᠷᠠᠬᠤ ᠦᠭᠡᠢ᠂ ᠪᠠᠰᠠ ᠣᠷᠣᠱᠢᠨ ᠰᠠᠭᠤᠬᠤ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ᠎ᠳᠤ ᠨᠢᠭᠡ ᠬᠤᠪᠢ ᠬᠦᠴᠦᠨ ᠨᠡᠮᠡᠷᠢᠯᠡᠪᠡ 》 ᠃ ᠤᠯᠠᠭᠠᠨ ᠲᠣᠰᠭᠣᠨ᠎ᠳᠤ ᠰᠠᠭᠤᠭ᠎ᠠ ᠨᠢᠭᠡᠳᠦᠭᠡᠷ ᠱᠦᠵᠢ ᠯᠢᠦ ᠶᠠ ᠯᠧᠦ ᠬᠦᠷᠴᠢᠭᠢᠨᠡᠭ᠌ᠰᠡᠨ ᠡᠳ᠋ᠱᠢᠭᠦᠯᠬᠦ᠌ ᠮᠠᠱᠢᠨ᠎ᠢ ᠵᠢᠭᠠᠵᠤ᠄ 《ᠪᠢᠳᠡ ᠶᠠᠳᠠᠭᠤ᠎ᠠᠴᠠ ᠠᠩᠭᠢᠵᠢᠷᠠᠭ᠍ᠰᠠᠨ ᠡᠷᠦᠬᠡ᠎ᠶ᠋ᠢ ᠤᠷᠢᠳ᠎ᠢᠶᠠᠷ ᠡᠯᠰᠡᠵᠦ᠍ ᠪᠣᠯᠪᠠᠰᠤᠷᠠᠭᠤᠯᠬᠤ ᠦᠢᠯᠡᠳᠪᠦᠷᠢ᠎ᠳᠦ ᠠᠵᠢᠯᠯᠠᠭᠤᠯᠵᠤ᠂ ᠡᠷᠬᠢᠨ ᠲᠣᠭᠣᠷᠢᠨ᠎ᠤ ᠲᠣᠰᠭᠣᠨ᠎ᠤ ᠠᠷᠠᠳ᠎ᠤᠨ ᠠᠵᠢᠯ ᠤᠯᠬᠤ᠎ᠶ᠋ᠢ ᠲᠠᠢ᠌ᠴᠢᠯᠠᠨ᠎ᠠ》 ᠬᠡᠪᠠ᠃
《ᠡᠨᠡ ᠦᠢᠯᠡᠳᠪᠦᠷᠢ᠎ᠶ᠋ᠢ ᠪᠢᠲᠡᠭᠡᠢ ᠪᠠᠰᠤ᠂ ᠦᠷ᠎ᠡ ᠠᠱᠢᠭ ᠨᠢ ᠲᠣᠩ ᠰᠠᠢᠨ ᠱᠢᠤ᠃ 2022 ᠣᠨ ᠪᠣᠯ ᠪᠣᠯᠪᠠᠰᠤᠷᠠᠭᠤᠯᠬᠤ ᠦᠶ᠋ᠯᠡᠳᠪᠦᠷᠢ ᠠᠱᠢᠭ᠍ᠯᠠᠯᠲᠠ᠎ᠳᠤ ᠤᠷᠤᠭ᠍ᠰᠠᠨ ᠨᠢᠭᠡᠳᠦᠭᠡᠷ ᠵᠢᠯ ᠮᠦᠨ᠂ ᠮᠠᠨ᠎ᠤ ᠬᠢᠨ ᠲᠤᠬᠠᠶ᠎ᠶ᠋ᠢᠨ ᠵᠢᠯ᠎ᠳᠡᠭᠡᠨ 1000 ᠲᠥᠭᠥᠷᠢᠭ᠎ᠦᠨ ᠠᠱᠢᠭ ᠣᠯᠵᠤ᠂ ᠡᠨᠡ ᠬᠦ᠌ ᠪᠣᠯᠪᠠᠰᠤᠷᠠᠭᠤᠯᠬᠤ ᠦᠶ᠋ᠯᠡᠳᠪᠦᠷᠢ ᠨᠢ ᠦᠨᠡᠨ ᠪᠣᠳᠠᠲᠠᠶ 〈ᠵᠢᠩᠬᠢᠨᠢ ᠠᠯᠲᠠ ᠮᠥᠩᠭᠥ᠌〉 ᠠᠪᠴᠢᠷᠠᠭ᠍ᠰᠠᠨ ᠪᠠᠢᠨ᠎ᠠ》 ᠭᠡᠵᠦ᠍ ᠤᠯᠠᠭᠠᠨ ᠲᠣᠰᠭᠣᠨ᠎ᠤ ᠶᠠᠳᠠᠭᠤ᠎ᠠᠴᠠ ᠠᠩᠭᠢᠵᠢᠷᠠᠭ᠍ᠰᠠᠨ ᠡᠷᠦᠬᠡ ᠶᠠᠩ ᠰᠧ ᠠᠶ ᠬᠡᠯᠡᠨ᠎ᠡ᠃
ᠶᠠᠩ ᠰᠧ ᠠᠶ ᠥᠪᠡᠷ᠎ᠢᠶᠡᠨ ᠭᠠᠳᠠᠨ᠎ᠠ ᠬᠥᠯᠥᠰᠥᠨ ᠠᠵᠢᠯ ᠬᠢᠵᠦ ᠵᠣᠭᠣᠰ ᠣᠯᠬᠤ ᠡᠴᠡ ᠭᠠᠳᠠᠨ᠎ᠠ᠂ ᠪᠠᠰᠠ ᠲᠣᠰᠭᠣᠨ᠎ᠤ ᠬᠠᠮᠲᠤ᠎ᠶ᠋ᠢᠨ ᠠᠵᠤ ᠠᠬᠤᠶ᠎ᠶ᠋ᠢᠨ ᠠᠪᠴᠢᠷᠠᠭ᠍ᠰᠠᠨ ᠠᠱᠢᠭ ᠬᠤᠪᠢᠶᠠᠷᠢᠯᠠᠯᠲᠠ᠎ᠲᠠᠶ᠃ ᠡᠯ᠎ᠡ ᠵᠦᠢᠯ᠎ᠦᠨ ᠰᠠᠢ᠌ᠨ ᠲᠦᠷᠦ᠍᠎ᠶ᠋ᠢᠨ ᠪᠤᠳᠤᠯᠭ᠎ᠠ᠎ᠶ᠋ᠢᠨ ᠬᠠᠪᠰᠤᠷᠤᠯᠭ᠎ᠠ ᠳᠣᠣᠷ᠎ᠠ᠂ ᠭᠡᠷ᠎ᠦᠨ᠎ᠢᠶᠡᠨ ᠣᠷᠣᠯᠭ᠎ᠠ᠎ᠶ᠋ᠢ ᠨᠡᠮᠡᠭ᠌ᠳᠡᠭᠦᠯᠬᠦ᠌ ᠲᠦᠷᠦᠯ ᠵᠦᠢᠯ ᠶᠠᠪᠤᠬᠤ ᠲᠤᠳᠤᠮ ᠣᠯᠠᠱᠢᠷᠠᠵᠤ᠂ ᠣᠷᠣᠯᠭ᠎ᠠ ᠡᠳᠦᠷ᠎ᠡᠴᠡ ᠡᠳᠦᠷ ᠳᠡᠭᠡᠭ᠌ᠰᠢᠯᠡᠵᠦ᠍᠂ ᠶᠠᠩ ᠰᠧ ᠠᠢ ᠥᠩᠭᠡᠷᠡᠭ᠌ᠰᠡᠨ᠎ᠳᠦ ᠶᠡᠷᠦ᠍᠎ᠡᠴᠡ ᠪᠤᠳᠤᠵᠤ ᠥᠩᠭᠡᠷᠡᠭ᠌ᠰᠡᠨ ᠦᠭᠡᠢ ᠴᠢᠨᠡᠭᠡᠯᠢᠭ ᠠᠮᠢᠳᠤᠷᠠᠯ᠎ᠢ ᠡᠳ᠋ᠯᠡᠬᠦ᠌ ᠪᠣᠯᠵᠠᠢ᠃
ᠲᠣᠰᠭᠣᠨ᠎ᠤ ᠠᠷᠠᠳ᠎ᠤᠨ ᠠᠮᠢᠳᠤᠷᠠᠯ ᠤᠯᠠᠮ᠎ᠠᠴᠠ ᠤᠯᠠᠮ ᠰᠠᠢᠵᠢᠷᠠᠵᠤ᠂ ᠠᠢᠯ ᠲᠣᠰᠭᠣᠨ ᠴᠤ᠌ ᠤᠯᠠᠮ᠎ᠠᠴᠠ ᠤᠯᠠᠮ ᠭᠤᠶᠤ ᠪᠣᠯᠪᠠ᠃ ᠭᠡᠷ ᠪᠠᠢᠱᠢᠩ᠎ᠤᠨ ᠡᠮᠦᠨ᠎ᠡ ᠬᠣᠢᠨ᠎ᠠ ᠨᠢ ᠴᠡᠪᠡᠷ ᠲᠡᠭ᠌ᠰᠢ᠂ ᠲᠠᠷᠢᠶᠠᠴᠢᠨ ᠠᠢᠯ᠎ᠤᠨ ᠬᠦᠷᠢᠶ᠎ᠡ ᠨᠢ ᠨᠠᠮ ᠵᠢᠮ ᠬᠠᠯᠠᠭᠤᠨ ᠳᠤᠯᠠᠭᠠᠨ᠂ ᠴᠠᠷᠳᠠᠮᠠᠯ ᠵᠠᠮ ᠨᠢ ᠲᠡᠭ᠌ᠰᠢ ᠰᠠᠷᠠᠭᠤᠯ᠂ ᠬᠡᠦᠬᠡᠳ᠎ᠦᠳ ᠬᠠᠷᠢᠯᠴᠠᠨ ᠬᠥᠭᠡᠭᠡᠴᠡᠯᠳᠦᠵᠦ᠍ ᠨᠠᠭᠠᠳᠤᠨ᠎ᠠ ᠁ ᠡᠳᠦᠭᠡ᠂ ᠤᠯᠠᠭᠠᠨ ᠲᠣᠰᠭᠣᠨ᠎ᠤ 《ᠦᠵᠡᠰᠭᠦᠯᠡᠩᠲᠦ ᠰᠠᠢᠬᠠᠨ ᠬᠥᠳᠡᠭᠡ ᠲᠣᠰᠭᠣᠨ》 ᠤ᠋ ᠪᠦᠲᠦᠭᠡᠨ ᠪᠠᠢᠭᠤᠯᠤᠯᠲᠠ ᠴᠤ᠌ ᠲᠦᠷᠭᠡᠨ᠎ᠦ ᠵᠠᠮ᠎ᠲᠠᠢ ᠪᠤᠯᠵᠤ᠂ ᠤᠰᠤ᠂ ᠴᠠᠬᠢᠯᠭᠠᠨ᠂ ᠵᠠᠮ᠂ ᠬᠡᠢ᠂ ᠴᠢᠮᠡᠭᠡ ᠬᠣᠯᠪᠣᠭ᠎ᠠ ᠵᠡᠷᠭᠡ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ ᠨᠡᠩ ᠲᠡᠭᠦᠯᠳᠡᠷᠵᠢᠵᠦ᠍᠂ 《ᠪᠤᠵᠠᠷ ᠮᠠᠭᠤᠬᠠᠢ》 ᠨᠢ 《ᠪᠣᠬᠢᠷᠲᠤᠯ ᠦᠭᠡᠢ ᠭᠤᠶᠤ ᠰᠠᠢᠬᠠᠨ》 ᠪᠤᠯᠵᠤ᠂ ᠱᠢᠨ᠎ᠡ ᠬᠡᠪ ᠰᠤᠷᠲᠠᠯ᠂ ᠱᠢᠨ᠎ᠡ ᠦᠵᠡᠯ ᠰᠠᠨᠠᠭ᠎ᠠ ᠨᠢ ᠴᠦ᠍ ᠱᠢᠨ᠎ᠡ ᠲᠠᠷᠢᠶᠠᠴᠢᠨ᠎ᠤ ᠠᠮᠢᠳᠤᠷᠠᠯ᠎ᠤᠨ ᠬᠡᠯᠪᠡᠷᠢ᠎ᠶ᠋ᠢ ᠬᠤᠪᠢᠷᠠᠭᠤᠯᠵᠤ ᠪᠠᠢᠨ᠎ᠠ᠃
ᠲᠣᠰᠭᠣᠨ᠎ᠤ ᠠᠷᠠᠳ ᠶᠠᠩ ᠹᠸᠢ ᠷᠦᠩ᠄《ᠡᠨᠡ ᠬᠡᠳᠦᠨ ᠵᠢᠯ᠎ᠦᠨ ᠲᠣᠰᠭᠣᠨ᠎ᠤ ᠬᠤᠪᠢᠷᠠᠯᠲᠠ ᠦᠨᠡᠬᠡᠷ ᠶᠡᠬᠡ᠂ ᠪᠢᠳᠡ ᠲᠠᠬᠢᠭᠠᠳ 〈ᠪᠦᠲᠦᠬᠦᠯᠢᠭ〉 ᠪᠢᠰᠢ ᠪᠣᠯᠵᠠᠢ᠃ ᠣᠳᠣ ᠴᠡᠪᠡᠷᠯᠡᠭᠡ ᠬᠢᠬᠦ᠌ ᠨᠢ ᠡᠳᠦᠷ ᠪᠦᠷᠢ᠎ᠶ᠋ᠢᠨ ᠵᠠᠪᠠᠯ ᠰᠤᠷᠬᠤ ᠬᠢᠴᠢᠶᠡᠯ ᠪᠣᠯᠵᠠᠶ᠃ ᠣᠷᠴᠢᠨ ᠲᠣᠭᠣᠷᠢᠨ ᠰᠠᠢᠨ ᠪᠣᠯᠪᠠᠯ ᠪᠢᠳᠡᠨ᠎ᠦ ᠰᠡᠳᠭᠢᠯ ᠰᠠᠨᠠᠭ᠎ᠠ ᠪᠠᠰᠠ ᠰᠠᠷᠠᠭᠤᠯᠵᠢᠨ᠎ᠠ》ᠭᠡᠵᠦ ᠶᠠᠷᠢᠨ᠎ᠠ᠃
ᠬᠥᠳᠡᠭᠡ ᠲᠣᠰᠭᠣᠨ᠎ᠤ 《ᠭᠠᠳᠠᠭᠠᠳᠤ ᠣᠷᠴᠢᠨ᠎ᠤ ᠭᠤᠤ᠎ᠠ ᠰᠠᠢᠬᠠᠨ》 ᠪᠠ 《ᠳᠣᠲᠣᠭᠠᠳᠤ ᠣᠷᠴᠢᠨ᠎ᠤ ᠭᠤᠤ᠎ᠠ ᠰᠠᠢᠬᠠᠨ》 ᠢ᠋ ᠵᠡᠷᠭᠡ᠎ᠪᠡᠷ ᠡᠳ᠋ᠯᠡᠵᠦ᠍᠂ ᠲᠣᠰᠭᠣᠨ᠎ᠤ ᠠᠷᠠᠳ 《ᠠᠮᠢᠳᠤᠷᠠᠯ᠎ᠤᠨ ᠭᠤᠤ᠎ᠠ ᠰᠠᠢᠬᠠᠨ》 ᠪᠠ 《ᠣᠷᠴᠢᠨ ᠲᠣᠭᠣᠷᠢᠨ᠎ᠤ ᠭᠤᠤ᠎ᠠ ᠰᠠᠢᠬᠠᠨ》 ᠢ᠋ ᠵᠡᠷᠭᠡ᠎ᠪᠡᠷ ᠡᠳ᠋ᠯᠡᠵᠦ᠍᠂ ᠴᠢᠨᠡᠭᠡᠯᠢᠭ ᠠᠮᠢᠳᠤᠷᠠᠯ᠎ᠤᠨ 《ᠳᠣᠲᠣᠭᠠᠳᠤ ᠭᠠᠳᠠᠭᠠᠳᠤ》 ᠶ᠋ᠢ ᠵᠡᠷᠭᠡ᠎ᠪᠡᠷ ᠰᠠᠢᠵᠢᠷᠠᠭᠤᠯᠪᠠ᠃ ᠤᠯᠠᠭᠠᠨ ᠲᠣᠰᠭᠣᠨ ᠨᠠᠷᠢᠨ ᠨᠢᠮᠪᠠᠶ ᠵᠣᠬᠢᠶᠠᠨ ᠪᠠᠢᠭᠤᠯᠵᠤ᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠵᠦ᠍᠂ ᠠᠵᠤ ᠦᠶ᠋ᠯᠡᠰ᠎ᠦᠨ ᠬᠥᠭ᠌ᠵᠢᠯᠲᠡ᠎ᠪᠡᠷ ᠲᠤᠯᠭᠠᠭᠤᠷᠢᠯᠠᠯ ᠪᠣᠯᠭᠠᠨ᠂ ᠬᠥᠳᠡᠭᠡ ᠲᠣᠰᠭᠣᠨ᠎ᠤ ᠬᠥᠮᠦᠰ᠎ᠦᠨ ᠣᠷᠣᠱᠢᠨ ᠰᠠᠭᠤᠷᠢᠱᠢᠬᠤ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ᠎ᠪᠠᠷ ᠭᠠᠷᠳᠠᠴᠠ ᠪᠣᠯᠭᠠᠵᠤ᠂ ᠲᠣᠰᠭᠣᠨ᠎ᠤ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠠᠷᠭ᠎ᠠ ᠵᠠᠮ᠎ᠢ ᠢᠳᠡᠪᠬᠢᠲᠡᠶ ᠥᠷᠭᠡᠳᠭᠡᠵᠦ᠍᠂ ᠬᠥᠳᠡᠭᠡ ᠲᠣᠰᠭᠣᠨ᠎ᠤ ᠳᠦᠷᠰᠦ ᠪᠠᠢᠳᠠᠯ᠎ᠢ ᠰᠠᠢᠵᠢᠷᠠᠭᠤᠯᠵᠤ᠂ ᠵᠣᠯ ᠵᠢᠷᠭᠠᠯᠲᠤ ᠣᠷᠣᠱᠢᠨ ᠰᠠᠭᠤᠷᠢᠱᠢᠬᠤ᠎ᠳᠤ ᠲᠣᠬᠢᠷᠠᠮᠵᠢᠲᠠᠶ ᠠᠢᠯ ᠲᠣᠰᠭᠣᠨ᠎ᠢ ᠪᠠᠢᠭᠤᠯᠪᠠ᠃ ᠣᠳᠣᠬᠠᠨ᠎ᠳᠤ᠂ ᠲᠤᠰ ᠲᠣᠰᠭᠣᠨ ᠨᠢᠭᠡᠨᠲᠡ ᠲᠤᠯᠭᠠᠭᠤᠷᠢᠯᠠᠬᠤ ᠴᠢᠨᠠᠷᠲᠠᠢ ᠠᠵᠤ ᠦᠢᠯᠡᠰ᠎ᠢ ᠠᠮᠵᠢᠯᠲᠠ᠎ᠲᠠᠶ ᠴᠣᠭ᠍ᠴᠠᠯᠠᠵᠤ᠂ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢᠨ ᠣᠷᠣᠯᠭ᠎ᠠ ᠴᠤ᠌ ᠤᠤᠯ᠎ᠤᠨ 5 ᠲᠦᠮᠡᠨ ᠲᠥᠭᠥᠷᠢᠭ ᠪᠠᠢᠭ᠍ᠰᠠᠨ᠎ᠠᠴᠠ᠎ᠪᠠᠨ ᠨᠡᠮᠡᠭ᠌ᠳᠡᠭᠡᠳ ᠤᠳᠤ 22 ᠲᠦᠮᠡᠨ ᠲᠥᠭᠥᠷᠢᠭ ᠪᠣᠯᠵᠠᠢ᠃
ᠲᠣᠭ᠎ᠠ ᠲᠣᠮᠰᠢ ᠦᠭᠡᠢ ᠶᠠᠳᠠᠭᠤ᠎ᠠᠴᠠ ᠠᠩᠭᠢᠵᠢᠷᠠᠨ ᠪᠠᠶᠠᠵᠢᠭ᠍ᠰᠠᠨ《ᠶᠠᠩ ᠰᠧ ᠠᠢ》᠂ ᠪᠠᠶᠠᠵᠢᠯ᠎ᠤᠨ ᠵᠠᠮ ᠵᠢᠡᠷ ᠵᠠᠮᠨᠠᠬᠰᠠᠨ《ᠤᠯᠠᠭᠠᠨ ᠲᠣᠰᠭᠣᠨ》 ᠨᠢ ᠴᠢᠨᠡᠭᠡᠯᠢᠭ ᠨᠡᠢᠭᠡᠮ᠎ᠢ ᠪᠡᠶᠡᠯᠡᠭᠦᠯᠬᠦ᠌ ᠰᠠᠢ᠌ᠨ ᠰᠠᠢᠬᠠᠨ ᠦᠵᠡᠮᠵᠢ ᠪᠤᠯᠵᠤ ᠪᠦᠷᠢᠯᠳᠦᠵᠡᠢ᠃ ᠥᠩᠭᠡᠷᠡᠭ᠌ᠰᠡᠨ 5 ᠵᠢᠯ᠎ᠳᠦ᠂ ᠮᠠᠨ᠎ᠤ ᠣᠷᠣᠨ ᠪᠦᠬᠦ᠌ ᠣᠷᠣᠨ᠎ᠤ ᠬᠦᠴᠦᠨ᠎ᠢᠶᠡᠷ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ 157 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ 57 ᠶᠠᠳᠠᠭᠤ ᠬᠦᠴᠢᠷᠳᠡᠯᠲᠡᠢ ᠬᠣᠱᠢᠭᠤ ᠱᠢᠶᠠᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠤᠨ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠭᠣᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠬᠠᠷᠢᠴᠠᠯᠠᠱᠢᠭᠦᠢ ᠶᠠᠳᠠᠭᠤ ᠬᠦᠴᠢᠷᠳᠡᠯ᠎ᠦᠨ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠱᠢᠢᠳᠪᠦᠷᠢᠯᠡᠵᠦ᠍᠂ ᠪᠦᠬᠦ᠌ ᠤᠯᠤᠰ᠎ᠲᠠᠶ ᠬᠠᠮᠲᠤ᠎ᠪᠠᠷ ᠴᠢᠨᠡᠭᠡᠯᠢᠭ ᠨᠡᠢᠭᠡᠮ᠎ᠢ ᠪᠡᠶᠡᠯᠡᠭᠦᠯᠬᠦ᠌ ᠬᠦᠰᠡᠯ ᠵᠡᠭᠦᠳᠦ᠍᠎ᠪᠡᠨ ᠪᠡᠶᠡᠯᠡᠭᠦᠯᠵᠦ᠍᠂ ᠱᠢᠨ᠎ᠡ ᠠᠶᠠᠨᠳᠠᠭᠠᠨ ᠮᠣᠷᠳᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃