2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠣᠨᠴᠠ ᠮᠡᠳᠡᠭᠡᠯᠡᠯ

2023-03-05 16:09:10

ᠵᠣᠬᠢᠶᠠᠭ᠍ᠴᠢ᠄ ᠯᠢ ᠶᠦᠩ ᠲᠤᠤ ᠣᠩᠱᠢᠭ᠍ᠰᠠᠨ ᠣᠳᠠᠭ᠎ᠠ᠄ 3

2022 ᠣᠨ᠎ᠤ 9 ᠰᠠᠷ᠎ᠠ᠎ᠶ᠋ᠢᠨ 30 ᠎ᠤ᠋ ᠡᠳᠦᠷ᠂ ᠥᠪᠥᠷ ᠮᠣᠩᠭᠣᠯ᠎ᠤᠨ ᠡᠸᠦ ᠵᠢᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ (ᠳᠣᠷᠣᠭ᠍ᠰᠢ 《ᠡᠸᠦ ᠵᠢᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ 》 ᠭᠡᠵᠦ᠍ ᠲᠣᠪᠴᠢᠯᠠᠨ᠎ᠠ) ᠱᠸᠨ᠌ᠵᠸᠨ᠎ᠦ ᠦᠨᠡᠲᠦ ᠲᠡᠮᠳᠡᠭ᠌ᠲᠦ᠍᠎ᠶ᠋ᠢᠨ ᠠᠷᠠᠯᠵᠢᠶᠠᠨ᠎ᠤ ᠭᠠᠵᠠᠷ᠎ᠤᠨ ᠭᠤᠤᠯ ᠰᠠᠮᠪᠠᠷ᠎ᠠ᠎ᠳᠤ ᠠᠮᠵᠢᠯᠲᠠ᠎ᠲᠠᠶ᠎ᠪᠠᠷ ᠫᠠᠢᠰᠠ ᠡᠯᠭᠦᠨ ᠰᠲ᠋ᠣᠺ ᠵᠢᠡᠨ ᠵᠠᠬ᠎ᠠ ᠳᠡᠯᠭᠡᠭᠦᠷ᠎ᠲᠦ ᠭᠠᠷᠭᠠᠵᠤ᠌᠂ 2022 ᠣᠨ᠎ᠤ ᠥᠪᠥᠷ ᠮᠣᠩᠭᠣᠯ᠎ᠤᠨ ᠠᠩᠬᠠᠳᠠᠭ᠍ᠴᠢ IPO ᠵᠠᠬ᠎ᠠ ᠳᠡᠯᠭᠡᠭᠦᠷ᠎ᠲᠦ ᠭᠠᠷᠤᠭ᠍ᠰᠠᠨ ᠠᠵᠤ ᠠᠬᠤᠢᠯᠠᠯ ᠪᠣᠯᠪᠠ᠃ ᠺᠣᠮᠫᠠᠨᠢ᠎ᠶ᠋ᠢᠨ ᠰᠲ᠋ᠣᠺ᠎ᠤᠨ ᠦᠨ᠎ᠡ ᠵᠠᠬ᠎ᠠ ᠳᠡᠯᠭᠡᠭᠦᠷ᠎ᠲᠦ ᠭᠠᠷᠤᠭ᠍ᠰᠠᠨ᠎ᠠᠴᠠ 2023 ᠣᠨ᠎ᠤ 2 ᠰᠠᠷ᠎ᠠ᠎ᠶ᠋ᠢᠨ 27 ᠎ᠤ᠋ ᠡᠳᠦᠷ ᠪᠣᠯᠲᠠᠯ᠎ᠠ᠂ ᠨᠡᠢᠲᠡ ᠦᠰᠦᠭᠰᠡᠨ ᠬᠡᠮᠵᠢᠶ᠎ᠠ ᠨᠢ 662.04 % ᠳ᠋ᠤ ᠬᠦᠷᠴᠠᠢ᠃

ᠡᠸᠤ ᠵᠢᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠰᠲ᠋ᠣᠺ᠎ᠵᠢᠡᠨ ᠵᠠᠬ᠎ᠠ ᠳᠡᠯᠭᠡᠭᠦᠷ᠎ᠲᠦ ᠭᠠᠷᠭᠠᠬᠰᠠᠨ᠎ᠨᠢ ᠥᠪᠥᠷ ᠮᠣᠩᠭᠣᠯ᠎ᠤᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢ ᠶᠡᠬᠡ᠎ᠪᠡᠷ ᠠᠬᠢᠭᠤᠯᠵᠤ ᠂ ᠠᠵᠤ ᠠᠬᠤᠢᠯᠠᠯ᠎ᠤᠨ ᠰᠲ᠋ᠣᠺ ᠵᠢᠡᠨ ᠵᠠᠬ᠎ᠠ ᠳᠡᠯᠭᠡᠭᠦᠷ᠎ᠲᠦ ᠭᠠᠷᠭᠠᠬᠤ 《ᠲᠢᠶᠠᠨ ᠵᠢᠶᠦ᠋ᠨ ᠲᠥᠯᠥᠪᠯᠡᠭᠡ》᠎ᠶ᠋ᠢ ᠭᠦᠨᠵᠡᠭᠡᠶ ᠬᠡᠷᠡᠭ᠌ᠵᠢᠭᠦᠯᠦᠭ᠌ᠰᠡᠨ᠎ᠦ ᠴᠢᠬᠤᠯᠠ ᠦᠷ᠎ᠡ ᠪᠦᠲᠦᠭᠡᠯ ᠮᠥᠨ ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠶᠡᠬᠡ᠎ᠪᠡᠷ ᠱᠢᠯᠢᠳᠡᠭ᠌ᠵᠢᠭᠦᠯᠵᠦ᠍᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭ᠌ᠵᠢᠭᠡᠵᠦ᠍᠂ ᠲᠣᠰ ᠭᠠᠵᠠᠷ ᠤᠷᠤᠨ᠎ᠤ ᠪᠠᠨ ᠴᠢᠨᠠᠷ ᠰᠠᠢᠲᠠᠶ ᠠᠵᠤ ᠠᠬᠤᠢᠯᠠᠯ᠎ᠢ ᠬᠦᠮᠦᠵᠢᠬᠦᠯᠤᠨ ᠪᠣᠢᠵᠢᠭᠤᠯᠤᠭᠰᠠᠨ ᠱᠢᠨ᠎ᠡ ᠦᠷ᠎ᠡ ᠪᠦᠲᠦᠮᠵᠢ ᠮᠥᠨ᠃

《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠪᠠᠢᠷᠢᠯᠠᠭᠤᠯᠤᠯᠲᠠ ᠶᠣᠰᠣᠭᠠᠷ ᠂ ᠥᠪᠡᠷᠲᠡᠭᠡᠨ ᠵᠠᠰᠠᠬᠤ ᠣᠷᠣᠨ᠎ᠤ 〈ᠬᠣᠶᠠᠷ ᠰᠠᠭᠤᠷᠢᠨ〉 ᠎ᠤ᠋ ᠪᠥᠲᠥᠭᠡᠨ ᠪᠠᠢᠭᠤᠯᠤᠯᠲᠠ᠎ᠶ᠋ᠢᠨ ᠲᠣᠭᠣᠷᠢᠨ᠎ᠳᠤ ᠂ ᠪᠢᠳᠡ ᠲᠣᠭ᠍ᠲᠠᠴᠠ᠎ᠶ᠋ᠢᠨ ᠱᠢᠨ᠎ᠡ᠎ᠶ᠋ᠢ ᠲᠠᠰᠤᠷᠠᠯᠲᠠ ᠥᠬᠡᠶ ᠡᠭᠦᠳᠴᠦ᠍᠂ ᠳᠠᠭᠠᠭᠤᠯᠤᠭ᠍ᠴᠢ᠎ᠶ᠋ᠢ ᠲᠡᠳᠬᠦᠨ᠂ ᠵᠠᠬ᠎ᠠ ᠳᠡᠯᠭᠡᠭᠦᠷ᠎ᠲᠦ ᠭᠠᠷᠭᠠᠬᠤ᠂ ᠠᠵᠤ ᠦᠶ᠋ᠯᠡᠰ᠎ᠢ ᠬᠦᠴᠦᠷᠬᠡᠭ᠌ᠵᠢᠭᠦᠯᠬᠦ ᠂ ᠠᠵᠤ ᠠᠬᠤᠢᠯᠠᠯ᠎ᠤᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠢ ᠠᠱᠢᠭ᠍ᠯᠠᠨ ᠬᠥᠭ᠌ᠵᠢᠨ ᠪᠤᠵᠠᠭᠠᠢᠷᠠᠬᠤ᠎ᠶ᠋ᠢ ᠪᠥᠬᠥ᠌ ᠬᠦᠴᠦᠨ᠎ᠢᠶᠡᠷ ᠳᠡᠮᠵᠢᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠳᠠᠢᠴᠢᠯᠠᠪᠠ᠃ 2022 ᠣᠨ᠎ᠳᠤ ᠂ ᠮᠠᠨ᠎ᠤ ᠣᠷᠣᠨ᠎ᠳᠤ ᠰᠲ᠋ᠣᠺ ᠵᠢᠡᠨ ᠵᠠᠬ᠎ᠠ ᠳᠡᠯᠭᠡᠭᠦᠷ᠎ᠲᠦ ᠭᠠᠷᠭᠠᠭ᠍ᠰᠠᠨ ᠠᠵᠤ ᠠᠬᠤᠢᠯᠠᠯ 1 ᠪᠠ ᠪᠦᠬᠦ ᠤᠯᠤᠰ᠎ᠤᠨ ᠳᠤᠮᠳᠠ ᠵᠢᠵᠢᠭ ᠠᠵᠤ ᠠᠬᠤᠢᠯᠠᠯ᠎ᠤᠨ ᠬᠤᠪᠢ ᠤᠷᠤᠭᠤᠯᠬᠤ ᠵᠢ ᠰᠢᠯᠵᠢᠬᠦᠯᠬᠦ ᠰᠢᠰᠲᠸᠮ᠎ᠳᠤ ᠫᠠᠢᠰᠠ ᠡᠯᠭᠦᠭ᠌ᠰᠡᠨ ᠠᠵᠤ ᠠᠬᠤᠢᠯᠠᠯ 2 ᠱᠢᠨ᠎ᠡ᠎ᠪᠡᠷ ᠨᠡᠮᠡᠭ᠌ᠳᠡᠵᠦ᠍᠂ 6 ᠠᠵᠤ ᠠᠬᠤᠢᠯᠠᠯ ᠎ᠤᠨ ᠰᠲ᠋ᠣᠺ ᠵᠢᠡᠨ ᠵᠠᠬ᠎ᠠ ᠳᠡᠯᠭᠡᠭᠦᠷ᠎ᠲᠦ ᠭᠠᠷᠭᠠᠬᠤ᠎ᠶ᠋ᠢ ᠬᠢᠨᠠᠨ ᠬᠠᠷᠭᠤᠭᠤᠯᠵᠤ ᠂ 9 ᠠᠵᠤ ᠠᠬᠤᠢᠯᠠᠯ ᠎ᠤᠨ ᠰᠲ᠋ᠣᠺ ᠵᠢᠡᠨ ᠵᠠᠬ᠎ᠠ ᠳᠡᠯᠭᠡᠭᠦᠷ᠎ᠲᠦ ᠭᠠᠷᠭᠠᠬᠤ᠎ᠶ᠋ᠢ ᠬᠠᠪᠰᠤᠷᠤᠨ ᠵᠢᠯᠣᠭᠣᠳᠴᠤ᠌᠂ ᠭᠤᠤᠯᠳᠠᠯᠭ᠎ᠠ᠎ᠲᠠᠶ ᠰᠲ᠋ᠣᠺ ᠵᠢᠡᠨ ᠵᠠᠬ᠎ᠠ ᠳᠡᠯᠭᠡᠭᠦᠷ᠎ᠲᠦ ᠭᠠᠷᠭᠠᠬᠤ ᠪᠡᠯᠡᠳᠭᠡᠯ ᠠᠵᠤ ᠠᠬᠤᠢᠯᠠᠯ 57 ᠪᠣᠯᠵᠣ ᠂ ᠪᠥᠬᠥ᠌ ᠣᠷᠣᠨ᠎ᠤ ᠰᠲ᠋ᠣᠺ᠎ᠤᠨ ᠵᠠᠬ᠎ᠠ ᠳᠡᠯᠭᠡᠭᠦᠷ᠎ᠲᠦ ᠭᠠᠷᠬᠤ ᠪᠡᠷ ᠬᠢᠨᠠᠨ ᠪᠠᠢᠴᠠᠭᠠᠵᠤ ᠪᠠᠢᠭ᠎ᠠ ᠠᠵᠤ ᠠᠬᠤᠢᠯᠠᠯ᠎ᠤᠨ ᠲᠣᠭ᠎ᠠ ᠬᠡᠮᠵᠢᠶ᠎ᠡ ᠱᠢᠨ᠎ᠡ ᠲᠡᠮᠳᠡᠭ᠌ᠯᠡᠯ᠎ᠢ ᠡᠭᠦᠳᠴᠦ᠍᠂ ᠪᠥᠬᠥ᠌ ᠣᠷᠣᠨ᠎ᠤ ᠰᠲ᠋ᠣᠺ᠎ᠤᠨ ᠵᠠᠬ᠎ᠠ ᠳᠡᠯᠭᠡᠭᠦᠷ᠎ᠲᠦ ᠭᠠᠷᠤᠭ᠍ᠰᠠᠨ ᠠᠵᠤ ᠠᠬᠤᠢᠯᠠᠯ᠎ᠤᠨ ᠶᠡᠷᠦᠩᠬᠡᠶ ᠥᠷᠲᠡᠭ ᠬᠠᠮᠤᠭ᠎ᠤᠨ ᠥᠨᠳᠥᠷ᠎ᠲᠡᠬᠡᠨ 1 ᠲᠦᠮᠡᠨ ᠳ᠋ᠦᠩᠱᠢᠭᠤᠷ ᠲᠥᠭᠥᠷᠢᠭ᠎ᠢ ᠳᠠᠪᠠᠪᠠ᠃ ᠡᠭᠦᠨ᠎ᠦ ᠬᠠᠮᠲᠤ ᠂ ᠡᠳ᠋᠎ᠦᠨ ᠵᠠᠰᠠᠭ᠎ᠤᠨ ᠲᠢᠩᠬᠢᠮ᠎ᠲᠡᠶ ᠬᠠᠮᠲᠤᠷᠠᠨ ᠰᠲ᠋ᠣᠺ᠎ᠢᠶᠠᠨ ᠵᠠᠬ᠎ᠠ ᠳᠡᠯᠭᠡᠭᠦᠷ᠎ᠲᠦ ᠭᠠᠷᠭᠠᠭ᠍ᠰᠠᠨ ᠠᠵᠤ ᠠᠬᠤᠢᠯᠠᠯ᠎ᠳᠤ ᠱᠠᠩᠨᠠᠵᠤ ᠨᠥᠬᠥᠪᠥᠷᠢ ᠥᠭ᠌ᠬᠦ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠤᠨ᠎ᠠ᠃ ᠥᠪᠥᠷ ᠮᠣᠩᠭᠣᠯ᠎ᠤᠨ ᠦᠨᠡᠲᠦ ᠲᠡᠮᠳᠡᠭ᠌ᠲᠦ᠍᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠳᠤ ᠰᠲ᠋ᠣᠺ᠎ᠢᠶᠠᠨ ᠵᠠᠬ᠎ᠠ ᠳᠡᠯᠭᠡᠭᠦᠷ᠎ᠲᠦ ᠭᠠᠷᠭᠠᠬᠤ᠎ᠶ᠋ᠢ ᠬᠠᠪᠰᠤᠷᠤᠨ ᠵᠢᠯᠣᠭᠣᠳᠴᠤ᠌ ᠳᠠᠩᠰᠠᠯᠠᠭᠤᠯᠬᠤ᠎ᠶ᠋ᠢ ᠭᠦᠶ᠋ᠴᠡᠳᠭᠡᠭ᠌ᠰᠡᠨ ᠠᠵᠤ ᠠᠬᠤᠢᠯᠠᠯ᠎ᠳᠤ 100 ᠲᠦᠮᠡᠨ ᠲᠥᠭᠥᠷᠢᠭ᠎ᠦᠨ ᠱᠠᠩᠨᠠᠯ ᠨᠥᠬᠥᠪᠥᠷᠢ ᠣᠯᠭᠣᠨ᠎ᠠ᠃ ᠳᠤᠮᠳᠠᠳᠤ ᠤᠯᠤᠰ᠎ᠤᠨ ᠦᠨᠡᠲᠦ ᠲᠡᠮᠳᠡᠭ᠌ᠲᠦ᠍᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ ᠂ ᠱᠠᠩᠬᠠᠶ ᠱᠸᠨᠵᠸᠨ ᠪᠡᠭᠡᠵᠢᠨᠭ᠎ᠦᠨ ᠦᠨᠡᠲᠦ ᠲᠡᠮᠳᠡᠭ᠌ᠲᠦ ᠵᠢᠨ ᠠᠷᠠᠯᠵᠢᠶᠠᠨ᠎ᠤ ᠭᠠᠵᠠᠷ᠎ᠲᠤ ᠵᠠᠬ᠎ᠠ ᠳᠡᠯᠭᠡᠭᠦᠷ᠎ᠲᠦ ᠭᠠᠷᠭᠠᠬᠤ᠎ᠪᠠᠷ ᠮᠡᠳᠡᠭᠦᠯᠦᠯᠳᠠ ᠵᠢᠨ ᠮᠠᠲ᠋ᠧᠷᠢᠶᠠᠯ᠎ᠢᠶᠠᠨ ᠲᠤᠱᠢᠶᠠᠭ᠍ᠰᠠᠨ ᠪᠥᠭᠡᠳ ᠬᠦᠯᠢᠶᠡᠨ ᠠᠪᠴᠤ᠌ ᠱᠢᠶ᠋ᠳᠪᠦᠷᠢᠯᠡᠭ᠌ᠰᠡᠨ ᠠᠵᠤ ᠠᠬᠤᠢᠯᠠᠯ᠎ᠳᠤ 200 ᠲᠦᠮᠡᠨ ᠲᠥᠭᠥᠷᠢᠭ᠎ᠦᠨ ᠱᠠᠩᠨᠠᠯ ᠨᠥᠬᠥᠪᠥᠷᠢ ᠣᠯᠭᠣᠨ᠎ᠠ᠃ ᠱᠠᠩᠬᠠᠶ ᠱᠸᠨᠵᠸᠨ ᠪᠡᠭᠡᠵᠢᠨᠭ᠎ᠦᠨ ᠠᠷᠠᠯᠵᠢᠶᠠᠨ᠎ᠤ ᠭᠠᠵᠠᠷ᠎ᠲᠤ ᠠᠩᠬ᠎ᠠ ᠤᠳᠠᠭ᠎ᠠ ᠵᠠᠬ᠎ᠠ ᠳᠡᠯᠭᠡᠭᠦᠷ᠎ᠲᠦ ᠭᠠᠷᠤᠭ᠍ᠰᠠᠨ᠎ᠢ ᠪᠡᠶᠡᠯᠡᠭᠦᠯᠦᠭ᠌ᠰᠡᠨ ᠠᠵᠤ ᠠᠬᠤᠢᠯᠠᠯ᠎ᠳᠤ 1000 ᠲᠦᠮᠡᠨ ᠲᠥᠭᠥᠷᠢᠭ᠎ᠦᠨ ᠱᠠᠩᠨᠠᠯ ᠨᠥᠬᠥᠪᠥᠷᠢ ᠣᠯᠭᠣᠨ᠎ᠠ᠃ ᠬᠢᠯᠢ᠎ᠶ᠋ᠢᠨ ᠭᠠᠳᠠᠨ᠎ᠠ (ᠱᠢᠶᠠᠩᠭᠠᠩ ᠂ ᠨᠢᠦ᠋ ᠶᠣᠷᠺ ᠂ ᠨᠠᠰᠳᠠᠺ᠎ᠦᠨ ᠦᠨᠡᠳᠤ ᠲᠡᠮᠳᠡᠭ᠌ᠲᠦ ᠠᠷᠠᠯᠵᠢᠶᠠᠯᠠᠬᠤ ᠭᠠᠵᠠᠷ) ᠵᠠᠬ᠎ᠠ ᠳᠡᠯᠭᠡᠭᠦᠷ᠎ᠲᠦ ᠭᠠᠷᠤᠭ᠍ᠰᠠᠨ ᠠᠵᠤ ᠠᠬᠤᠢᠯᠠᠯ᠎ᠳᠤ 500 ᠲᠦᠮᠡᠨ ᠲᠥᠭᠥᠷᠢᠭ᠎ᠦᠨ ᠱᠠᠩᠨᠠᠯ ᠨᠥᠬᠥᠪᠥᠷᠢ ᠣᠯᠭᠣᠨ᠎ᠠ》 ᠬᠡᠵᠤ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶᠠᠨ᠎ᠤ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠲᠦᠷᠦᠭᠦᠬᠡᠨ ᠰᠤᠷᠪᠤᠯᠵᠢᠯᠠᠭ᠍ᠴᠢ᠎ᠳᠤ ᠬᠡᠯᠡᠪᠡ᠃

ᠠᠵᠤ ᠠᠬᠤᠢᠯᠠᠯ᠎ᠤᠨ ᠰᠲ᠋ᠣᠺ ᠵᠢᠡᠨ ᠵᠠᠬ᠎ᠠ ᠳᠡᠯᠭᠡᠭᠦᠷ᠎ᠲᠦ ᠭᠠᠷᠭᠠᠬᠤ᠎ᠶ᠋ᠢ ᠠᠬᠢᠭᠤᠯᠬᠤ ᠪᠣᠯ ᠵᠥᠪᠬᠡᠨ ᠮᠠᠨ᠎ᠤ ᠣᠷᠣᠨ᠎ᠤ ᠣᠷᠴᠢᠨ ᠨᠦᠬᠦᠴᠡᠯ᠎ᠢ ᠱᠢᠯᠢᠳᠡᠭ᠌ᠵᠢᠭᠦᠯᠵᠦ᠍ ᠂ ᠬᠥᠳᠡᠯᠭᠡᠬᠦ᠌ ᠴᠢᠳᠠᠪᠤᠷᠢ᠎ᠶ᠋ᠢ ᠪᠣᠢᠵᠢᠭᠤᠯᠬᠤ᠎ᠶ᠋ᠢᠨ ᠬᠤᠷᠢᠶᠠᠩᠭᠤᠢ ᠳᠦᠷᠰᠦ ᠪᠣᠯᠤᠨ᠎ᠠ᠃ 5 ᠵᠢᠯ᠎ᠦᠨ ᠲᠤᠷᠰᠢ ᠂ ᠮᠠᠨ᠎ᠤ ᠣᠷᠣᠨ ᠴᠢᠬᠤᠯᠠ ᠬᠦᠷᠢᠶ᠎ᠡ ᠪᠠ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢᠨ ᠥᠭᠡᠷᠡᠴᠢᠯᠡᠯᠲᠡ᠎ᠶ᠋ᠢ ᠲᠠᠰᠤᠷᠠᠯᠲᠠ ᠥᠬᠡᠶ ᠠᠬᠢᠭᠤᠯᠵᠤ ᠂ ᠱᠢᠪᠲᠤᠯᠤᠯᠲᠠ᠎ᠶ᠋ᠢᠨ ᠴᠢᠨᠠᠷᠲᠠᠶ ᠠᠬᠢᠴᠠ᠎ᠲᠠᠶ ᠪᠣᠯᠵᠣ᠂ ᠪᠥᠬᠥ᠌ ᠣᠷᠣᠨ᠎ᠤ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠠᠮᠢᠵᠢᠷᠠᠯ᠎ᠤᠨ ᠬᠦᠴᠦᠨ ᠢᠯᠡᠳᠲᠡ ᠴᠢᠩᠭᠠᠷᠠᠪᠠ᠄ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭᠠᠨ᠎ᠤ ᠡᠷᠬᠡ᠎ᠶ᠋ᠢᠨ ᠵᠦᠶ᠋ᠯᠡᠰ᠎ᠢ 71 % ᠎ᠪᠠᠷ ᠬᠠᠰᠤᠵᠤ᠂ ᠠᠵᠤ ᠠᠬᠤᠢᠯᠠᠯ ᠎ᠤᠨ ᠡᠵᠡᠩᠨᠡᠯᠲᠡ ᠳ᠋ᠤ ᠬᠤᠯᠪᠤᠭᠳᠠᠭᠰᠠᠨ ᠵᠥᠪᠱᠢᠶᠡᠷᠡᠯ᠎ᠦᠨ ᠵᠦᠶ᠋ᠯᠡᠰ᠎ᠲᠦ ᠴᠥᠮ ᠨᠠᠷᠢᠨ ᠲᠠᠩᠰᠠ᠎ᠶ᠋ᠢᠨ ᠬᠠᠮᠢᠶᠠᠷᠤᠯᠲᠠ᠎ᠶ᠋ᠢ ᠬᠡᠷᠡᠭ᠌ᠵᠢᠭᠦᠯᠪᠡ ᠃ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢᠨ ᠭᠤᠷᠪᠠᠨ ᠵᠢᠯ᠎ᠦᠨ ᠠᠵᠢᠯᠯᠠᠭ᠎ᠠ ᠲᠡᠭᠦᠰ ᠠᠮᠵᠢᠯᠲᠠ᠎ᠲᠠᠶ ᠳᠠᠭᠤᠰᠴᠤ᠌᠂ ᠪᠥᠬᠥ᠌ ᠣᠷᠣᠨ᠎ᠤ ᠡᠯ᠎ᠡ ᠱᠠᠲᠤᠨ᠎ᠤ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ 244 ᠡᠷᠦᠬᠡ ᠵᠢ ᠳᠠᠬᠢᠨ ᠵᠣᠬᠢᠶᠠᠨ ᠪᠠᠢᠭᠤᠯᠤᠨ ᠡᠮᠬᠢᠯᠡᠨ ᠨᠡᠢᠯᠡᠬᠦᠯᠵᠤ᠂ 《ᠭᠤᠷᠪᠠᠨ ᠬᠠᠩᠭᠠᠯᠭ᠎ᠠ ᠨᠢᠭᠡ ᠦᠶ᠋ᠯᠡᠰ》 ᠎ᠢ᠋ ᠰᠠᠯᠭᠠᠨ ᠰᠢᠯᠵᠢᠬᠦᠯᠦᠨ ᠲᠤᠱᠢᠶᠠᠬᠤ ᠵᠡᠷᠭᠡ ᠲᠡᠦᠬᠡᠲᠦ ᠴᠢᠨᠠᠷᠲᠠᠶ ᠬᠦᠴᠢᠷ ᠠᠰᠠᠭᠤᠳᠠᠯ᠎ᠢ ᠦᠨᠳᠦᠰᠦᠨ᠎ᠳᠡᠭᠡᠨ ᠱᠢᠶ᠋ᠳᠪᠦᠷᠢᠯᠡᠪᠡ ᠃ ᠭᠠᠳᠠᠭᠠᠳᠤ᠎ᠤᠷᠤᠭᠤᠯᠤᠯᠳᠠ ᠭᠠᠷᠭᠠᠯᠳᠠ ᠵᠢᠨ ᠶᠡᠷᠦᠩᠬᠡᠶ ᠬᠡᠮᠵᠢᠶ᠎ᠠ ᠵᠢᠯ ᠳᠤᠮᠳᠠᠴᠢ᠎ᠪᠠᠷ 8% ᠎ᠡᠴᠠ ᠳᠡᠭᠡᠭ᠌ᠰᠢ ᠨᠡᠮᠡᠭ᠌ᠳᠡᠵᠤ᠂ ᠠᠷᠠᠯᠵᠢᠶᠠᠴᠢᠨ ᠤᠷᠢᠵᠤ ᠪᠡᠯᠡ ᠮᠦᠨᠭᠬᠦ ᠤᠷᠤᠭᠤᠯᠤᠨ ᠠᠪᠴᠢᠷᠠᠬᠤ ᠵᠢ ᠪᠣᠳᠠᠲᠠᠢᠵᠢᠭᠤᠯᠤᠭ᠍ᠰᠠᠨ ᠪᠡᠯᠡ ᠮᠥᠩᠭᠥ᠌ ᠨᠡᠢᠲᠡ 1 ᠲᠦᠮᠡᠨ ᠳ᠋ᠦᠩᠱᠢᠭᠤᠷ ᠲᠥᠭᠥᠷᠢᠭ᠎ᠢ ᠳᠠᠪᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面