2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠣᠨᠴᠠ ᠮᠡᠳᠡᠭᠡᠯᠡᠯ

2023-03-05 16:12:41

ᠵᠣᠬᠢᠶᠠᠭ᠍ᠴᠢ᠄ ᠮᠧᠶ ᠭᠠᠩ ᠣᠩᠱᠢᠭ᠍ᠰᠠᠨ ᠣᠳᠠᠭ᠎ᠠ᠄ 3

ᠦᠷᠯᠦᠭᠡ ᠡᠷᠳᠡ᠂ ᠲᠦᠩᠯᠢᠶᠣᠤ ᠬᠤᠳᠠ᠎ᠶ᠋ᠢᠨ ᠵᠠᠷᠤᠳ ᠬᠣᠱᠢᠭᠤᠨ᠎ᠤ ᠤᠯᠠᠭᠠᠨᠬᠠᠳᠠ ᠰᠤᠮᠤ᠎ᠶ᠋ᠢᠨ ᠴᠠᠭᠠᠨ ᠢᠳᠡᠭᠡᠨ᠎ᠦ ᠦᠢᠯᠡᠳᠪᠦᠷᠢ᠎ᠳᠦ ᠬᠦᠷᠬᠦ ᠳ᠋ᠤ᠂ ᠨᠠᠭᠠᠰᠢ ᠴᠠᠭᠠᠰᠢ ᠰᠦᠯᠵᠢᠯᠳᠦᠵᠤ ᠪᠠᠢᠭ᠎ᠠ ᠶᠠᠭᠠᠷᠠᠯᠲᠠᠢ ᠪᠠᠢᠳᠠᠯ ᠬᠠᠷᠠᠭᠳᠠᠨ᠎ᠠ᠃ ᠴᠠᠭᠠᠨ ᠢᠳᠡᠭᠡᠨ᠎ᠦ ᠦᠢᠯᠡᠳᠪᠦᠷᠢ᠎ᠵᠢ ᠡᠬᠦᠰᠭᠡᠨ ᠪᠠᠢᠭᠤᠯᠤᠭᠴᠢ ᠶᠢᠨ ᠬᠤᠸᠠ ᠠᠵᠢᠯᠴᠢᠳ᠎ᠲᠠᠶ ᠪᠠᠨ ᠬᠠᠮᠲᠤ ᠬᠤᠷᠤᠤᠨ ᠬᠢᠵᠤ ᠶᠠᠭᠠᠷᠠᠯᠳᠤᠨ᠎ᠠ ᠃

《ᠡᠨᠡ ᠪᠣᠯᠪᠠᠰᠤᠷᠠᠭᠤᠯᠤᠭ᠍ᠰᠠᠨ ᠡᠭᠡᠳᠡᠭ᠌ᠰᠡᠨ ᠰᠦ ᠂ ᠬᠠᠳᠠᠭᠠᠬᠰᠠᠨ ᠦᠷᠦᠮ᠎ᠡ ᠵᠢᠨ ᠤᠷᠢᠶᠠᠮᠠᠭ ᠨᠢ ᠰᠦᠯᠵᠢᠶᠡᠨ ᠳᠡᠭᠡᠷ᠎ᠠ ᠪᠤᠷᠤᠯᠠᠭᠤᠯᠭ᠎ᠠ ᠰᠠᠢᠳᠠᠢ ᠪᠠᠢᠨ᠎ᠠ᠂ ᠪᠢᠳᠡ ᠪᠠᠰᠠ ᠶᠡᠬᠡ ᠬᠡᠮᠵᠢᠶᠡᠨ᠎ᠦ ᠴᠢᠨᠠᠷ ᠰᠠᠢᠲᠠᠶ ᠰᠦ ᠪᠡᠷ᠂ ᠨᠠᠩ ᠣᠯᠠᠨ ᠴᠠᠭᠠᠨ ᠢᠳᠡᠭᠡᠨ ᠬᠢᠬᠦ᠌ ᠴᠢᠬᠤᠯᠠ ᠲᠠᠶ ᠪᠠᠢᠨ᠎ᠠ》 ᠬᠡᠵᠤ ᠶᠢᠨ ᠬᠤᠸᠠ ᠢᠨᠢᠶᠡᠮᠰᠦᠭ᠌ᠯᠡᠨ ᠬᠡᠯᠡᠨ᠎ᠠ᠃

ᠶᠢᠨ ᠬᠤᠸᠠ ᠡᠮᠦᠨ᠎ᠡ ᠬᠡᠳᠦᠨ ᠵᠢᠯ ᠪᠡᠭᠡᠵᠢᠩ᠎ᠳᠦ ᠬᠥᠯᠥᠰᠥᠨ ᠠᠵᠢᠯ ᠬᠢᠵᠦ᠍ ᠪᠠᠢᠵᠠᠢ᠂ ᠨᠤᠲᠤᠭ᠎ᠲᠠᠭᠠᠨ ᠪᠤᠴᠠᠵᠤ ᠦᠢᠯᠡᠰ ᠪᠤᠰᠭᠠᠬᠤ ᠪᠣᠯ ᠲᠡᠭᠦᠨ᠎ᠦ ᠬᠦᠰᠡᠯ ᠮᠦᠨ᠃ 2020 ᠣᠨ᠎ᠳᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠨ ᠬᠠᠪᠰᠤᠷᠤᠯᠭ᠎ᠠ ᠳᠤᠤᠷ᠎ᠠ᠂ ᠶᠢᠨ ᠬᠤᠸᠠ 20 ᠲᠦᠮᠡᠨ ᠲᠥᠭᠥᠷᠢᠭ᠎ᠦᠨ ᠦᠶ᠋ᠯᠡᠰ ᠪᠤᠰᠬᠠᠬᠤ ᠵᠢᠭᠡᠯᠡᠯᠭᠡ ᠭᠤᠶᠤᠴᠢᠯᠠᠵᠤ᠂ 20 ᠰᠠᠭᠠᠯᠢ᠎ᠶ᠋ᠢᠨ ᠦᠨᠢᠶ᠎ᠡ ᠲᠡᠵᠢᠭᠡᠵᠦ᠍᠂ ᠦᠶ᠋ᠯᠡᠰ ᠪᠤᠰᠬᠠᠬᠤ ᠵᠠᠮ᠎ᠢᠶᠠᠷ ᠵᠠᠮᠨᠠᠯ᠎ᠠ᠃

ᠶᠢᠨ ᠬᠤᠸᠠ᠎ᠶ᠋ᠢᠨ ᠤᠯᠠᠮᠵᠢᠯᠠᠯᠳᠤ ᠴᠠᠭᠠᠨ ᠢᠳᠡᠭᠡ ᠨᠢ ᠬᠡᠷᠡᠭᠯᠡᠭᠴᠢᠳ᠎ᠤᠨ ᠪᠠᠬᠠᠷᠬᠠᠯ᠎ᠢ ᠲᠠᠲᠠᠵᠤ᠂ ᠬᠤᠳᠠᠯᠳᠤᠭ᠎ᠠ ᠮᠠᠢᠮᠠᠶ ᠨᠢ ᠶᠠᠪᠤᠬᠤ ᠲᠤᠲᠤᠮ ᠬᠥᠭ᠌ᠵᠢᠶᠡᠨ᠎ᠲᠡᠶ ᠪᠣᠯᠵᠣ᠂ ᠡᠳᠦᠷ᠎ᠲᠦ ᠮᠢᠩᠭ᠎ᠠ ᠭᠠᠷᠤᠢ ᠲᠥᠭᠥᠷᠢᠭ᠎ᠦᠨ ᠪᠠᠷᠠᠭ᠎ᠠ ᠬᠤᠳᠠᠯᠳᠤᠨ᠎ᠠ᠃

ᠵᠠᠬᠢᠶᠠᠯᠠᠭ᠎ᠠ᠎ᠶ᠋ᠢᠨ ᠬᠠᠭᠤᠳᠠᠰᠤ ᠨᠡᠮᠡᠭ᠌ᠳᠡᠬᠦ᠌᠎ᠶ᠋ᠢ ᠳᠠᠭᠠᠯᠳᠤᠨ ᠂ 2022 ᠣᠨ᠎ᠳᠤ ᠶᠢᠨ ᠬᠤᠸᠠ ᠦᠶ᠋ᠯᠡᠳᠪᠦᠷᠢ᠎ᠶ᠋ᠢᠨ ᠲᠠᠰᠤᠭ᠎ᠢᠶᠠᠨ ᠥᠷᠭᠡᠳᠭᠡᠨ ᠪᠠᠢᠭᠤᠯᠵᠤ ᠂ ᠰᠦ ᠰᠠᠭᠠᠬᠤ ᠮᠠᠱᠢᠨ ᠵᠡᠷᠭᠡ ᠲᠥᠬᠥᠭᠡᠷᠦᠮᠵᠢ ᠬᠤᠳᠠᠯᠳᠤᠨ ᠠᠪᠴᠤ᠌᠂ ᠡᠯᠧᠺᠲ᠋ᠷᠣᠨ ᠬᠤᠳᠠᠯᠳᠤᠭᠠᠨ᠎ᠤ ᠲᠠᠪᠴᠠᠩ᠎ᠢ ᠠᠱᠢᠭ᠍ᠯᠠᠨ ᠱᠢᠭᠤᠳ ᠨᠡᠪᠲᠡᠷᠡᠭᠦᠯᠭᠡ᠎ᠪᠡᠷ ᠵᠠᠬᠢᠶᠠᠯᠠᠭ᠎ᠠ ᠲᠤᠰᠴᠤ ᠡᠬᠢᠯᠡᠪᠡ᠃ ᠣᠳᠣᠬᠠᠨ᠎ᠳᠤ ᠂ ᠴᠠᠭᠠᠨ ᠢᠳᠡᠭᠡᠨ᠎ᠦ ᠦᠶ᠋ᠯᠡᠳᠪᠦᠷᠢ ᠨᠢ ᠮᠠᠯᠴᠢᠨ ᠲᠠᠷᠢᠶᠠᠴᠢᠨ᠎ᠳᠤ ᠠᠵᠢᠯ ᠣᠯᠭᠣᠵᠤ᠂ ᠠᠵᠤ ᠠᠬᠤᠶ᠎ᠶ᠋ᠢᠨ ᠣᠷᠣᠯᠭ᠎ᠠ᠎ᠶ᠋ᠢ ᠨᠢ ᠨᠡᠮᠡᠭ᠌ᠳᠡᠭᠦᠯᠦᠭ᠌ᠰᠡᠨ᠎ᠢᠶᠡᠷ ᠪᠠᠷᠠᠬᠤ ᠥᠬᠡᠶ᠂ ᠺᠣᠮᠫᠠᠨᠢ᠎ᠶ᠋ᠢᠨ ᠵᠢᠯ᠎ᠦᠨ ᠣᠷᠣᠯᠭ᠎ᠠ ᠨᠢ ᠴᠸ᠋ 20 ᠲᠦᠮᠡᠨ ᠲᠥᠭᠥᠷᠢᠭ᠎ᠢ ᠲᠠᠪᠠᠵᠠᠢ᠃

ᠠᠵᠢᠯ ᠣᠯᠭᠣᠯᠲᠠ ᠪᠣᠯ ᠣᠷᠣᠯᠭ᠎ᠠ᠎ᠶ᠋ᠢᠨ ᠡᠬᠢ᠂ ᠬᠠᠮᠲᠤ᠎ᠪᠠᠷ ᠪᠠᠶᠠᠵᠢᠬᠤ᠎ᠶ᠋ᠢᠨ ᠰᠠᠭᠤᠷᠢ ᠮᠥᠨ᠃ ᠮᠠᠨ᠎ᠤ ᠣᠷᠣᠨ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠪᠠᠷᠢᠮᠲᠠᠯᠠᠵᠤ᠂ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠲᠥᠷᠥ᠎ᠶ᠋ᠢᠨ ᠪᠣᠳᠣᠯᠭ᠎ᠠ᠎ᠶ᠋ᠢ ᠪᠣᠳᠠᠲᠠᠶ ᠨᠠᠷᠢᠯᠢᠭ ᠨᠠᠢᠳᠠᠪᠤᠷᠢᠵᠢᠭᠤᠯᠵᠤ᠂ ᠣᠯᠠᠨ ᠲᠦᠮᠡᠨ᠎ᠦ ᠠᠵᠢᠯ ᠣᠯᠭᠣᠯᠲᠠ᠎ᠶ᠋ᠢᠨ 《ᠪᠤᠳᠠᠭᠠᠨ ᠠᠶᠠᠭ᠎ᠠ》 ᠶ᠋ᠢ ᠰᠠᠢᠳᠤᠷ ᠠᠳᠬᠤᠵᠤ ᠲᠣᠭ᠍ᠲᠠᠭᠤᠨ ᠪᠠᠢᠯᠭᠠᠵᠤ᠂ ᠣᠯᠠᠨ ᠲᠦᠮᠡᠨ᠎ᠦ ᠣᠷᠣᠯᠭ᠎ᠠ᠎ᠶ᠋ᠢ ᠨᠡᠮᠡᠭ᠌ᠳᠡᠭᠦᠯᠪᠡ᠃ ᠥᠩᠭᠡᠷᠡᠭ᠌ᠰᠡᠨ ᠲᠠᠪᠤᠨ ᠵᠢᠯ᠎ᠳᠦ ᠂ ᠮᠠᠨ᠎ᠤ ᠣᠷᠣᠨ᠎ᠤ ᠬᠣᠲᠠ ᠪᠠᠯᠭᠠᠰᠤ᠎ᠶ᠋ᠢᠨ ᠱᠢᠨ᠎ᠡ᠎ᠪᠡᠷ ᠨᠡᠮᠡᠭ᠌ᠳᠡᠭᠰᠡᠨ ᠠᠵᠢᠯ ᠣᠯᠭᠣᠯᠲᠠ ᠵᠢᠯ ᠳᠤᠮᠳᠠᠴᠢ᠎ᠪᠠᠷ 20 ᠲᠦᠮᠡᠨ ᠬᠥᠮᠦᠨ᠎ᠡᠴᠡ ᠳᠡᠭᠡᠭ᠌ᠰᠢ ᠪᠠᠢᠵᠤ᠂ ᠪᠥᠬᠥ᠌ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 2.6 ᠲᠦᠮᠡᠨ ᠲᠥᠭᠥᠷᠢᠭ ᠪᠠᠢᠭ᠍ᠰᠠᠨ᠎ᠠᠴᠠ᠎ᠪᠠᠨ ᠨᠡᠮᠡᠭ᠌ᠳᠡᠭᠡᠳ 3.6 ᠲᠦᠮᠡᠨ ᠲᠥᠭᠥᠷᠢᠭ ᠱᠢᠬᠠᠮ ᠪᠣᠯᠵᠣ᠂ ᠠᠷᠠᠳ᠎ᠤᠨ ᠠᠮᠢᠳᠤᠷᠠᠯ᠎ᠤᠨ ᠲᠦᠪᠱᠢᠨ ᠲᠣᠭ᠍ᠲᠠᠭᠤᠨ᠎ᠢᠶᠠᠷ ᠳᠡᠭᠡᠭ᠌ᠰᠢᠯᠡᠪᠡ᠃

ᠬᠡᠳᠦᠨ ᠵᠢᠯ᠎ᠦᠨ ᠡᠮᠦᠨ᠎ᠡ᠂ ᠲᠦᠩᠯᠢᠶᠣᠤ ᠬᠤᠳᠠ᠎ᠶ᠋ᠢᠨ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ᠎ᠤ ᠬᠤᠸᠠᠲᠤᠭᠤᠯ ᠪᠠᠯᠭᠠᠰᠤ᠎ᠶ᠋ᠢᠨ ᠬᠠᠢᠲᠠᠩ᠎ᠤᠨ ᠬᠢᠨ ᠵᠥᠪᠬᠡᠨ ᠡᠷ᠎ᠡ ᠨᠥᠬᠥᠷ᠎ᠤᠨ ᠵᠢᠡᠨ ᠬᠥᠯᠥᠰᠥᠨ ᠠᠵᠢᠯ ᠬᠢᠬᠦ᠎ᠳᠦ ᠲᠦᠰᠢᠭᠯᠡᠨ ᠠᠮᠢᠳᠤᠷᠠᠯ᠎ᠢᠶᠠᠨ ᠠᠷᠭᠠᠴᠠᠭᠠᠵᠤ ᠪᠠᠢᠪᠠ᠃ ᠭᠠᠴᠠᠭᠠᠨ᠎ᠤ ᠬᠢᠨ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠦᠶ᠋ᠯᠡᠳᠪᠦᠷᠢ ᠪᠠᠢᠭᠤᠯᠤᠭ᠍ᠰᠠᠨ᠎ᠠᠴᠠ ᠨᠠᠭᠠᠰᠢ᠂ ᠬᠠᠢᠲᠠᠩ ᠡᠷ᠎ᠡ ᠨᠥᠬᠥᠷ᠎ᠲᠡᠶ᠎ᠪᠡᠨ ᠴᠥᠮ ᠦᠶ᠋ᠯᠡᠳᠪᠦᠷᠢ᠎ᠳᠦ ᠬᠦᠷᠴᠤ ᠠᠵᠢᠯᠯᠠᠵᠤ᠂ ᠵᠢᠯ ᠪᠦᠷᠢ 12 ᠲᠦᠮᠡ ᠭᠠᠷᠤᠶ ᠲᠥᠭᠥᠷᠢᠭ᠎ᠦᠨ ᠴᠠᠯᠢᠩ ᠣᠯᠤᠭ᠍ᠰᠠᠨ᠎ᠢᠶᠠᠷ ᠪᠠᠷᠠᠬᠤ ᠥᠬᠡᠶ ᠪᠠᠰᠠ ᠬᠡᠷ᠎ᠲᠡᠬᠡᠨ ᠳᠠᠷᠢᠭ᠍ᠰᠠᠨ 50 ᠮᠥ᠍ ᠨᠣᠭᠣᠭᠠᠨ ᠳᠠᠷᠤᠰᠢ᠎ᠪᠠᠨ ᠦᠶ᠋ᠯᠡᠳᠪᠦᠷᠢ᠎ᠳᠦ ᠬᠤᠳᠠᠯᠳᠤᠵᠤ᠂ 8 ᠲᠦᠮᠡ ᠭᠠᠷᠤᠶ ᠲᠥᠭᠥᠷᠢᠭ᠎ᠦᠨ ᠢᠯᠡᠭᠦᠴᠡ ᠣᠷᠣᠯᠭ᠎ᠠ᠎ᠲᠠᠶ ᠪᠣᠯᠵᠠᠶ᠃

ᠥᠩᠭᠡᠷᠡᠭ᠌ᠰᠡᠨ 5 ᠵᠢᠯ᠎ᠳᠦ᠂ ᠮᠠᠨ᠎ᠤ ᠣᠷᠣᠨ᠎ᠤ ᠰᠤᠷᠭᠠᠨ ᠬᠥᠮᠦᠵᠢᠯ᠎ᠢ ᠲᠦᠭᠡᠮᠡᠯᠵᠢᠭᠦᠯᠬᠦ᠂ ᠡᠮ ᠡᠮᠨᠡᠯᠭᠡ ᠡᠷᠡᠭᠦᠯ ᠬᠠᠮᠠᠭᠠᠯᠠᠯ᠂ ᠰᠣᠶᠣᠯ ᠪᠡᠶ᠎ᠡ᠎ᠶ᠋ᠢᠨ ᠲᠠᠮᠢᠷ᠎ᠤᠨ ᠦᠶ᠋ᠯᠡᠴᠢᠯᠡᠭᠡ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠦᠪᠱᠢᠨ ᠪᠥᠬᠥ᠌ ᠲᠠᠯ᠎ᠠ᠎ᠪᠠᠷ ᠳᠡᠭᠡᠭ᠌ᠰᠢᠯᠡᠪᠡ᠃ ᠬᠡᠷ ᠭᠠᠵᠠᠷ᠎ᠤᠨ ᠬᠥᠷᠥᠩᠭᠡ᠎ᠶ᠋ᠢᠨ ᠲᠡᠸ᠋ᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠠᠰᠠᠭᠤᠳᠠᠯ᠎ᠢ ᠨᠡᠢᠲᠡ 2970 ᠬᠤᠪᠢ᠂ 140 ᠲᠦᠮᠡᠨ ᠢᠵᠢ᠂ 1.55 ᠳ᠋ᠦᠩᠱᠢᠭᠤᠷ ᠲᠡᠭ᠌ᠰᠢ ᠳᠥᠷᠪᠡᠯᠵᠢᠨ ᠮᠧᠲ᠋ᠷ ᠱᠢᠶ᠋ᠳᠪᠦᠷᠢᠯᠡᠵᠦ᠍᠂ 5108 ᠬᠠᠭᠤᠴᠢᠨ ᠰᠠᠭᠤᠭᠠᠯᠢ ᠠᠷᠠᠳ᠎ᠦᠨ ᠲᠣᠭᠣᠷᠢᠭ᠎ᠢ ᠥᠭᠡᠷᠡᠴᠢᠯᠡᠨ ᠪᠠᠢᠭᠤᠯᠵᠤ᠂ 26 ᠲᠦᠮᠡ ᠱᠢᠬᠠᠮ ᠳᠥᠭᠥᠮ ᠪᠦᠳᠦᠴᠡᠳᠦ ᠣᠷᠣᠨ ᠰᠠᠭᠤᠴᠠ ᠵᠢᠨ ᠲᠣᠭᠣᠷᠢᠭ᠂ 9.6 ᠢᠵᠢ ᠲᠦᠮᠡᠨ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠪᠠᠢᠭᠤᠯᠵᠤ᠂ 2 ᠲᠦᠮᠡᠨ ᠢᠵᠢ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ᠎ᠶ᠋ᠢ ᠪᠥᠲᠥᠭᠡᠨ ᠪᠠᠢᠭᠤᠯᠵᠤ ᠂ 600 ᠭᠠᠷᠤᠶ ᠲᠦᠮᠡᠨ ᠣᠯᠠᠨ ᠲᠦᠮᠡᠨ᠎ᠦ ᠠᠮᠤᠭᠤᠯᠠᠨᠭᠳᠤ ᠣᠷᠣᠨ ᠰᠠᠭᠤᠴᠠ᠎ᠶ᠋ᠢᠨ ᠬᠦᠰᠡᠯ᠎ᠢ ᠲᠡᠷᠭᠡᠯᠱᠢᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面