2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠣᠨᠴᠠ ᠮᠡᠳᠡᠭᠡᠯᠡᠯ

2023-03-05 15:47:05

ᠵᠣᠬᠢᠶᠠᠭ᠍ᠴᠢ᠄ ᠶᠠᠩ ᠹᠠᠨ ᠣᠩᠱᠢᠭ᠍ᠰᠠᠨ ᠣᠳᠠᠭ᠎ᠠ᠄ 3

ᠨᠠᠶ᠋ᠮᠠᠨ ᠮᠧᠲᠷ᠎ᠤᠨ ᠳᠥᠷᠪᠡᠯᠵᠢᠨ 《ᠬᠦᠯᠢᠰ》 ᠬᠡᠯᠪᠡᠷᠢ᠎ᠶ᠋ᠢᠨ ᠱᠤᠭᠤᠮᠠᠯ ᠨᠢ ᠶᠠᠭᠤ᠎ᠶ᠋ᠢ ᠪᠡᠯᠭᠡᠳᠡᠵᠦ᠍ ᠪᠠᠢᠬᠤ ᠪᠤᠯ?

《 ᠬᠦᠰᠡᠯ ᠡᠷᠡᠮᠡᠯᠵᠡᠯ᠎ᠢ ᠪᠡᠯᠭᠡᠳᠡᠨ᠎ᠡ!》 ᠭᠡᠵᠦ᠍ ᠬᠥᠬᠡᠬᠣᠲᠠ᠎ᠳᠤ 22 ᠵᠢᠯ ᠰᠠᠭᠤᠷᠢᠱᠢᠵᠤ ᠂ ᠤᠳᠤ ᠨᠢᠭᠡᠨᠲᠡ ᠴᠠᠭᠠᠨ ᠢᠳᠡᠭᠡᠨ᠎ᠦ ᠺᠣᠮᠫᠠᠨᠢ᠎ᠶ᠋ᠢᠨ ᠵᠠᠩᠭᠤᠢᠳᠠ ᠪᠤᠯᠤᠭᠰᠠᠨ ᠵᠶ᠋ᠢ ᠱᠸᠦ ᠸᠧᠢ ᠶᠠᠷᠢᠨ᠎ᠠ᠃

17 ᠵᠢᠯ᠎ᠦᠨ ᠡᠮᠦᠨ᠎ᠡ ᠂ 《ᠳᠤᠮᠳᠠᠳᠤ ᠤᠯᠤᠰ᠎ᠤᠨ ᠰᠦ᠎ᠶᠢᠨ ᠬᠤᠲᠠ》 ᠭᠡᠬᠦ᠌ ᠰᠡᠢᠯᠦᠭᠡᠰᠦ ᠲᠠᠢ 《ᠬᠦᠯᠢᠰ》 ᠮᠠᠶᠢᠭ᠎ᠤᠨ ᠱᠤᠭᠤᠮᠠᠯ ᠬᠥᠬᠡᠬᠣᠲᠠ᠎ᠶ᠋ᠢᠨ ᠵᠡᠭᠡᠯᠢ᠎ᠶ᠋ᠢᠨ ᠭᠣᠣᠯ ᠴᠡᠴᠡᠷᠯᠢᠭ᠎ᠲᠦ ᠰᠦᠨᠳᠡᠷᠯᠡᠬᠦ᠌ ᠎ᠳᠦ᠂ ᠵᠶ᠋ᠢ ᠱᠧᠤ ᠸᠧᠢ ᠦᠢᠯᠡᠰ ᠪᠤᠰᠭᠠᠬᠤ ᠴᠢᠭ᠌ᠯᠡᠯ᠎ᠢᠶᠡᠨ ᠡᠷᠢᠵᠦ᠍ ᠣᠯᠤᠭ᠍ᠰᠠᠨ ᠪᠠᠢᠯ᠎ᠠ᠃ ᠠᠨᠭᠬ᠎ᠠ ᠡᠬᠢᠨ᠎ᠳᠡᠭᠡᠨ ᠰᠦᠯᠵᠢᠶᠡᠨ ᠰᠤᠷᠭᠠᠭᠤᠯᠢ ᠡᠷᠬᠢᠯᠡᠬᠦ᠌ ᠂ ᠮᠠᠱᠢᠨ ᠲᠡᠷᠭᠡ ᠪᠣᠷᠣᠯᠠᠭᠤᠯᠬᠤ ᠵᠡᠷᠭᠡ ᠦᠢᠯᠡᠰ ᠪᠤᠰᠭᠠᠬᠤ ᠨᠤᠭᠤᠷᠠᠯ ᠪᠦᠳᠦᠷᠢᠯ᠎ᠳᠦ ᠤᠴᠠᠷᠠᠵᠦ᠂ᠲᠡᠷᠡ ᠡᠴᠦᠰ᠎ᠲᠡᠬᠡᠨ ᠴᠠᠭᠠᠨ ᠢᠳᠡᠭᠡᠨ ᠪᠤᠯᠪᠠᠰᠤᠷᠠᠭᠤᠯᠬᠤ ᠦᠢᠯᠡᠰ᠎ᠢ ᠰᠣᠩᠭᠣᠯ᠎ᠠ᠃

ᠥᠪᠥᠷ ᠮᠣᠩᠭᠣᠯ᠎ᠳᠤ 13 ᠳ᠋ᠦᠩᠱᠢᠭᠤᠷ ᠮᠥ᠍ ᠪᠠᠢᠭᠠᠯᠢᠯᠢᠭ ᠲᠠᠯ᠎ᠠ ᠨᠤᠲᠤᠭ᠎ᠲᠠᠶ᠂ ᠳᠡᠯᠡᠬᠡᠶ ᠨᠡᠢᠲᠡ᠎ᠳᠦ ᠮᠡᠳᠡᠷᠡᠭ᠌ᠳᠡᠭ᠌ᠰᠡᠨ ᠱᠢᠵᠢᠷ ᠠᠯᠲᠠᠨ ᠰᠦ᠎ᠶᠢᠨ ᠢᠷᠡᠯᠲᠡ᠎ᠶ᠋ᠢᠨ ᠪᠦᠰᠡ ᠪᠠᠢᠵᠤ᠂ ᠴᠠᠭᠠᠨ ᠢᠳᠡᠭᠡᠨ᠎ᠦ ᠦᠶ᠋ᠯᠡᠰ᠎ᠢ ᠬᠥᠭ᠌ᠵᠢᠭᠦᠯᠬᠦ᠌ ᠨᠥᠬᠥᠴᠡᠯ ᠣᠯᠠᠨ᠎ᠠᠴᠠ ᠬᠡᠲᠦᠢᠳᠦᠭ᠌ᠰᠡᠨ ᠪᠠᠢᠳᠠᠭ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠳᠠᠷᠠᠭ᠎ᠠ ᠂ ᠵᠶ᠋ᠢ ᠱᠸᠦ ᠸᠧᠢ ᠎ᠶ᠋ᠢᠨ ᠺᠣᠮᠫᠠᠨᠢ ᠳ᠋ᠠᠭᠠᠨ ᠪᠡᠯᠡ ᠣᠷᠣᠭᠤᠯᠵᠤ ᠂ ᠦᠴᠦᠸᠠᠨ ᠱᠢᠶᠠᠨ᠎ᠳᠤ 66 ᠮᠦ᠍ ᠭᠠᠵᠠᠷ ᠡᠵᠡᠯᠡᠭ᠌ᠰᠡᠨ ᠦᠢᠯᠡᠳᠪᠦᠷᠢᠯᠡᠯ᠎ᠦᠨ ᠰᠠᠭᠤᠷᠢᠨ᠎ᠢ ᠪᠠᠢᠭᠤᠯᠵᠤ᠂ ᠴᠠᠭᠠᠨ ᠢᠳᠡᠭᠡᠨ ᠪᠤᠯᠪᠠᠰᠤᠷᠠᠭᠤᠯᠬᠤ ᠦᠢᠯᠡᠰ᠎ᠶ᠋ᠢᠡᠨ ᠡᠬᠢᠯᠡᠭᠦᠯᠪᠡ᠃ ᠡᠳᠦᠭᠡ᠂ ᠵᠶ᠋ᠢ ᠱᠸᠦ ᠸᠧᠢ ᠵᠢᠨ ᠺᠣᠮᠫᠠᠨᠢ᠎ᠶ᠋ᠢᠨ ᠦᠢᠯᠡᠳᠪᠦᠷᠢᠯᠡᠭ᠌ᠰᠡᠨ ᠪᠢᠱᠢᠯᠠᠭ᠂ ᠥᠷᠥᠮ᠎ᠡ ᠵᠡᠷᠭᠡ 《 ᠮᠤᠨᠭᠭᠤᠯ》 ᠨᠡᠷᠡᠮᠵᠢᠳᠤ ᠴᠠᠭᠠᠨ ᠢᠳᠡᠭᠡᠨ ᠤᠯᠤᠰ᠎ᠤᠨ ᠳᠣᠲᠣᠭᠠᠳᠤ᠎ᠶ᠋ᠢᠨ ᠤᠯᠠᠨ ᠭᠠᠵᠠᠷ᠎ᠲᠤ ᠪᠣᠷᠣᠯᠠᠭᠤᠯᠤᠭ᠍ᠳᠠᠵᠤ᠂ ᠵᠢᠯ᠎ᠦᠨ ᠪᠣᠷᠣᠯᠠᠭᠤᠯᠭ᠎ᠠ᠎ᠶ᠋ᠢᠨ ᠣᠷᠣᠯᠭ᠎ᠠ ᠳ᠋ᠦᠩᠱᠢᠭᠤᠷ ᠲᠥᠭᠥᠷᠢᠭ᠎ᠢ ᠳᠠᠪᠠᠯ᠎ᠠ᠃ ᠡᠨᠡ 5 ᠵᠢᠯ᠎ᠳᠦ ᠂ 《ᠳᠤᠮᠳᠠᠳᠤ ᠤᠯᠤᠰ᠎ᠤᠨ ᠰᠦ᠎ᠶ᠋ᠢᠨ ᠬᠤᠲᠠ》 ᠳ᠋ᠤ ᠨᠡᠷ᠎ᠡ ᠠᠯᠳᠠᠷᠱᠢᠭ᠍ᠰᠠᠨ ᠢᠯᠢ ᠪᠣᠯᠤᠨ ᠮᠸᠩ ᠨᠢᠤ ᠨᠢᠭᠡᠨᠲᠡ ᠳᠡᠯᠡᠬᠡᠢ᠎ᠶ᠋ᠢᠨ ᠰᠦ᠎ᠶ᠋ᠢᠨ ᠦᠢᠯᠡᠰ᠎ᠦᠨ 《ᠲᠡᠷᠢᠭᠦᠨ ᠡᠩᠨᠡᠭᠡ》 ᠳ᠋ᠤ ᠵᠢᠭᠰᠠᠵᠠᠢ᠃ ᠡᠨᠡ ᠨᠢ ᠲᠡᠭᠦᠨ᠎ᠤ ᠬᠠᠮᠤᠭ᠎ᠤᠨ ᠪᠠᠶᠠᠷᠯᠠᠭᠤᠰᠢᠲᠠᠢ ᠶᠠᠪᠤᠳᠠᠯ ᠪᠤᠯᠤᠨ᠎ᠠ᠃

ᠢᠯᠢ ᠵᠠᠯᠭᠠᠭ᠎ᠠ᠎ᠪᠠᠷ ᠳᠡᠯᠡᠬᠡᠶ᠎ᠶ᠋ᠢᠨ ᠴᠠᠭᠠᠨ ᠢᠳᠡᠭᠡᠨ᠎ᠦ ᠠᠵᠤ ᠠᠬᠤᠢᠯᠠᠯ᠎ᠤᠨ ᠲᠠᠪᠤᠳᠤᠭᠠᠷ ᠬᠦᠴᠦᠷᠬᠡᠭ ᠵᠢᠡᠷ ᠳᠤᠳᠤᠷᠠᠵᠦ᠂ ᠡᠵᠡᠩᠨᠡᠯᠲᠡ᠎ᠶ᠋ᠢᠨ ᠣᠷᠣᠯᠭ᠎ᠠ ᠮᠢᠩᠭᠠᠨ ᠳ᠋ᠦᠩᠱᠢᠭᠤᠷ ᠲᠥᠭᠥᠷᠢᠭ᠎ᠢ ᠳᠠᠪᠠᠪᠠ; ᠮᠸᠩ ᠨᠢᠤ ᠳᠡᠯᠡᠬᠡᠶ᠎ᠶ᠋ᠢᠨ ᠰᠦ᠎ᠶ᠋ᠢᠨ ᠠᠵᠤ ᠠᠬᠤᠢᠯᠠᠯ᠎ᠤᠨ ᠳᠣᠯᠣᠳᠤᠭᠠᠷ ᠬᠦᠴᠦᠷᠬᠡᠭ᠎ᠲᠦ ᠣᠷᠣᠪᠠ᠃ ᠠᠮᠵᠢᠯᠲᠠ᠎ᠶ᠋ᠢᠨ ᠨᠢᠭᠤᠴᠠ ᠵᠣᠷ᠎ᠤᠨ ᠲᠤᠬᠠᠶ ᠢᠯᠢ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠫᠠᠨ ᠭᠠᠩ ᠄ 《ᠶᠠᠰᠤ ᠴᠢᠨᠠᠷ᠎ᠢ ᠠᠯᠢᠪᠠ ᠡᠴᠡ ᠢᠯᠡᠭᠦᠤ ᠳᠡᠭᠡᠳᠦᠯᠡᠳᠡᠭ》 ᠭᠡᠵᠦ ᠶᠠᠷᠢᠵᠦ ᠪᠠᠢᠯ᠎ᠠ᠃ ᠳᠡᠯᠡᠬᠡᠶ᠎ᠶ᠋ᠢᠨ ᠬᠠᠮᠤᠭ ᠱᠢᠨ᠎ᠡ ᠰᠦ᠎ᠶ᠋ᠢᠨ ᠦᠶ᠋ᠯᠡᠰ᠎ᠦᠨ ᠠᠵᠤ ᠠᠬᠤᠢᠯᠠᠯ᠎ᠤᠨ 20 ᠬᠦᠴᠦᠷᠬᠡᠭ᠎ᠦᠨ ᠨᠡᠷᠡᠰ᠎ᠦᠨ ᠵᠢᠭ᠍ᠰᠠᠭᠠᠯᠲᠠ᠎ᠳᠤ ᠂ ᠢᠯᠢ ᠂ ᠮᠸᠩ ᠨᠢᠤ 31.7 % ᠂ 24 % ᠎ᠶ᠋ᠢᠨ ᠡᠵᠡᠩᠨᠡᠯᠲᠡ᠎ᠶ᠋ᠢᠨ ᠨᠡᠮᠡᠭ᠌ᠳᠡᠯ᠎ᠦᠨ ᠬᠤᠷᠳᠤᠴᠠ᠎ᠪᠠᠷ ᠪᠥᠬᠥ᠌ ᠳᠡᠯᠡᠬᠡᠶ᠎ᠶ᠋ᠢᠨ ᠰᠦ᠎ᠶ᠋ᠢᠨ ᠦᠶ᠋ᠯᠡᠰ᠎ᠦᠨ ᠲᠣᠮᠣ ᠠᠵᠤ ᠠᠬᠤᠢᠯᠠᠯ᠎ᠤᠨ ᠥᠰᠥᠯᠲᠡ᠎ᠶ᠋ᠢᠨ ᠬᠤᠷᠳᠤᠴᠠ᠎ᠶ᠋ᠢᠨ ᠮᠠᠩᠯᠠᠶ᠂ ᠳᠡᠳ᠋ ᠲᠦ᠍ ᠲᠤᠳᠤᠷᠠᠵᠠᠢ᠃ ᠵᠶ᠋ᠢ ᠱᠸᠦ ᠸᠧᠢ ᠵᠢᠨ ᠺᠣᠮᠫᠠᠨᠢ ᠴᠤ᠌ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰᠵᠢᠭ᠌ᠰᠡᠨ ᠳᠠᠭᠠᠭᠤᠯᠤᠬ᠍ᠴᠢ ᠠᠵᠤ ᠠᠬᠤᠢᠯᠠᠯ ᠪᠣᠯᠤᠨ ᠬᠦᠴᠦᠷᠭᠡᠭᠵᠢᠵᠠᠢ᠃ ᠵᠶ᠋ᠢ ᠱᠸᠦ ᠸᠧᠢ ᠨᠢᠳᠤᠨᠤᠨ ᠬᠦᠦ᠍᠎ᠪᠡᠨ ᠠᠦ᠋ᠰᠲᠷᠠᠯᠢᠶ᠎ᠠ ᠳ᠋ᠤ ᠬᠦᠷᠭᠡᠵᠦ᠍ ᠲᠤᠰᠭᠠᠢᠯᠠᠨ ᠢᠳᠡᠭᠡᠨ ᠪᠣᠯᠪᠠᠰᠤᠷᠠᠭᠤᠯᠬᠤ ᠲᠤᠰᠭᠠᠢ ᠮᠡᠷᠭᠡᠵᠢᠯ᠎ᠢ ᠰᠤᠷᠤᠯᠴᠠᠭᠤᠯᠵᠤ᠂ ᠰᠤᠷᠤᠯᠭ᠎ᠠ᠎ᠪᠠᠨ ᠲᠡᠭᠦᠰᠭᠡᠭᠡᠳ ᠪᠤᠴᠠᠵᠤ ᠢᠷᠡᠭᠡᠳ ᠨᠤᠲᠤᠭ ᠤᠰᠤ᠎ᠪᠠᠨ ᠪᠦᠲᠦᠭᠡᠨ ᠪᠠᠢᠭᠤᠯᠬᠤ᠎ᠵᠢ ᠬᠦᠰᠡᠨ᠎ᠡ ᠃ 5 ᠵᠢᠯ᠎ᠦᠨ ᠲᠤᠷᠰᠢ ᠥᠪᠥᠷ ᠮᠣᠩᠭᠣᠯ᠎ᠤᠨ ᠲᠠᠰᠤᠷᠠᠯᠲᠠ ᠥᠬᠡᠶ ᠱᠢᠯᠢᠳᠡᠭ᠌ᠵᠢᠭ᠌ᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠨᠢ ᠢᠳᠡᠭᠡᠯ ᠵᠤᠷᠢᠭ᠎ᠢ ᠤᠯᠭᠤᠯ᠎ᠠ᠃ 2022 ᠣᠨ᠎ᠳᠤ᠂ ᠥᠪᠥᠷ ᠮᠣᠩᠭᠣᠯ ᠎ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ 181 ᠵᠤᠷᠪᠤᠰ ᠂ ᠰᠦ᠎ᠶᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ 9 ᠵᠤᠷᠪᠤᠰ ᠠᠯᠢ ᠤᠯᠠᠨ ᠲᠥᠷᠥ᠎ᠶ᠋ᠢᠨ ᠪᠣᠳᠣᠯᠭ᠎ᠠ ᠨᠢ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢ ᠲᠤᠭᠲᠠᠪᠤᠷᠢᠵᠢᠭᠤᠯᠪᠠ᠃

5 ᠵᠢᠯ᠎ᠳᠦ ᠂ ᠥᠪᠥᠷ ᠮᠣᠩᠭᠣᠯ᠎ᠤᠨ ᠬᠥᠮᠦᠨ ᠳᠤᠮᠳᠠᠴᠢ᠎ᠶ᠋ᠢᠨ GDP ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃ 5 ᠵᠢᠯ᠎ᠦᠨ ᠲᠤᠷᠰᠢ᠂ ᠣᠷᠣᠨ ᠨᠤᠲᠤᠭ᠎ᠤᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ 1.5 ᠲᠦᠮᠡᠨ ᠳ᠋ᠦᠩᠱᠢᠭᠤᠷ ᠲᠥᠭᠥᠷᠢᠭ ᠪᠠᠢᠭ᠍ᠰᠠᠨ᠎ᠠᠴᠠ ᠪᠠᠨ 2.3 ᠲᠦᠮᠡᠨ ᠳ᠋ᠦᠩᠱᠢᠭᠤᠷ ᠲᠥᠭᠥᠷᠢᠭ ᠪᠣᠯᠤᠨ ᠨᠡᠮᠡᠭ᠌ᠳᠡᠵᠦ᠍ ᠂ ᠬᠥᠮᠦᠨ ᠳᠤᠮᠳᠠᠴᠢ᠎ᠶ᠋ᠢᠨ ᠣᠷᠣᠨ ᠨᠤᠲᠤᠭ᠎ᠤᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ 6.1 ᠲᠦᠮᠡᠨ ᠲᠥᠭᠥᠷᠢᠭ ᠪᠠᠢᠭ᠍ᠰᠠᠨ᠎ᠠᠴᠠ ᠪᠠᠨ 9.6 ᠲᠦᠮᠡᠨ ᠲᠥᠭᠥᠷᠢᠭ ᠪᠣᠯᠤᠨ ᠨᠡᠮᠡᠭ᠌ᠳᠡᠪᠡ᠃ ᠠᠮᠤ ᠪᠤᠳᠠᠭᠠᠨ᠎ᠤ ᠶᠡᠷᠦᠩᠬᠡᠶ ᠤᠨᠠᠯᠲᠠ ᠪᠥᠬᠥ᠌ ᠤᠯᠤᠰ᠎ᠤᠨ ᠠᠷᠪᠠᠳᠤᠭᠠᠷ᠎ᠲᠤ ᠪᠠᠢᠭ᠍ᠰᠠᠨ᠎ᠠᠴᠠ᠎ᠪᠠᠨ ᠵᠢᠷᠭᠤᠳᠤᠭᠠᠷ᠎ᠲᠤ ᠲᠤᠳᠤᠷᠠᠵᠦ ᠂ ᠦᠨᠢᠶᠡᠨ ᠰᠦ ᠂ ᠬᠣᠨᠢᠨ ᠮᠢᠬ᠎ᠠ ᠂ ᠦᠬᠡᠷ᠎ᠦᠨ ᠮᠢᠬ᠎ᠠ ᠪᠠ ᠢᠮᠠᠭᠠᠨ ᠨᠣᠤᠯᠤᠭᠤᠷ᠂ ᠲᠡᠵᠢᠭᠡᠯ ᠡᠪᠡᠰᠦᠨ᠎ᠦ ᠭᠠᠷᠤᠯᠲᠠ ᠪᠥᠬᠥ᠌ ᠤᠯᠤᠰ᠎ᠲᠤ ᠲᠡᠷᠢᠭᠦᠯᠡᠪᠡ᠃ 53 ᠳ᠋ᠦᠩᠱᠢᠭᠤᠷ ᠭᠠᠷᠤᠢ ᠲᠣᠨ ᠨᠡᠭᠦᠷᠡᠰᠦ ᠦᠢᠯᠡᠳᠪᠦᠷᠢᠯᠡᠵᠦ᠍᠂ 2.9 ᠲᠦᠮᠡᠨ ᠳ᠋ᠦᠩᠱᠢᠭᠤᠷ ᠭᠷᠠᠳᠦ᠋ᠰ᠎ᠦᠨ ᠴᠠᠬᠢᠯᠭᠠᠨ ᠭᠠᠷᠭᠠᠵᠤ᠂ ᠨᠡᠭᠦᠷᠡᠰᠦ᠂ ᠴᠠᠬᠢᠯᠭᠠᠨ᠎ᠤ ᠪᠠᠲᠤᠯᠠᠭ᠎ᠠ᠎ᠶ᠋ᠢᠨ ᠬᠠᠩᠭᠠᠯᠭ᠎ᠠ᠎ᠶ᠋ᠢᠨ ᠬᠡᠮᠵᠢᠶ᠎ᠡ ᠴᠥᠮ ᠪᠦᠬᠦ᠌ ᠤᠯᠤᠰ᠎ᠤᠨ ᠲᠡᠷᠢᠭᠦᠨ᠎ᠳᠦ ᠵᠢᠭᠰᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面