2023-03-05 16:19:51
《 ᠠᠭᠤᠷ ᠠᠮᠢᠰᠬᠤᠯ ᠪᠠᠰᠠ ᠵᠢᠭᠠᠬᠠᠨ ᠳᠤᠯᠠᠭᠠᠷᠠᠬᠤ᠎ᠳᠤ ᠭᠦᠷᠪᠡᠯ ᠂ ᠨᠡᠢᠭᠡᠮ ᠲᠣᠭᠣᠷᠢᠭ᠋᠎ᠤᠨ ᠦᠨᠳᠦᠰᠦᠲᠡᠨ᠎ᠦ ᠭᠠᠷ ᠤᠷᠠᠯᠠᠯ᠎ᠤᠨ ᠠᠩᠭᠢ ᠦᠷᠭᠦᠯᠵᠢᠯᠡᠨ ᠠᠵᠢᠯᠯᠠᠭ᠎ᠠ ᠡᠷᠭᠢᠯᠡᠭᠦ ᠪᠣᠯᠣᠨ᠎ᠠ ᠂ ᠪᠢ ᠦᠨᠳᠦᠰᠦᠲᠡᠨ᠎ᠨᠦᠭᠦᠳ᠎ᠦᠨ ᠡᠭᠡᠴᠢ ᠳᠡᠭᠦᠦ ᠨᠠᠷ᠎ᠲᠠᠢ ᠬᠠᠮᠲᠤ᠎ᠪᠠᠷ ᠬᠠᠳᠬᠤᠮᠠᠯ᠎ᠤᠨ ᠤᠷ᠎ᠠ ᠮᠡᠷᠭᠡᠵᠢᠯ᠎ᠢᠶᠡᠨ ᠳᠡᠭᠡᠭᠰᠢᠯᠡᠭᠦᠯᠵᠦ ᠂ ᠨᠠᠩ ᠣᠯᠠᠨ ᠨᠠᠷᠢᠯᠢᠭ᠋ ᠰᠠᠢᠬᠠᠨ ᠪᠦᠲᠦᠭᠡᠯ᠎ᠢ ᠬᠠᠳᠬᠤᠨ᠎ᠠ ᠁ 》 ᠣᠢᠷ᠎ᠠ᠎ᠳᠤ ᠂ ᠤᠯᠠᠭᠠᠨᠬᠠᠳᠠ ᠬᠤᠳᠠ᠎ᠶᠢᠨ ᠰᠦᠩᠱᠠᠨ ᠲᠣᠭᠣᠷᠢᠭ᠋᠎ᠤᠨ ᠬᠢᠩᠭᠠᠨ ᠵᠡᠭᠡᠯᠢ ᠭᠤᠳᠤᠮᠵᠢ᠎ᠶᠢᠨ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠋᠎ᠲᠤ ᠰᠠᠭᠤᠭ᠎ᠠ ᠠᠵᠢᠯ ᠡᠴᠨ ᠪᠠᠨ ᠠᠮᠠᠷᠠᠭᠰᠠᠨ ᠪᠠᠭ᠍ᠰᠢ ᠭᠤᠸ᠎ᠠ ᠠᠢᠯ ᠰᠠᠭᠠᠬᠠᠯᠲᠠᠲᠠᠢᠪᠠᠨ ᠴᠤᠭᠯᠠᠷᠠᠵᠤ᠂ ᠰᠢᠨ᠎ᠡ ᠪᠦᠲᠦᠭᠡᠯ ᠬᠠᠳᠬᠤᠬᠤ᠎ᠶᠢ ᠬᠦᠰᠡᠨ ᠬᠦᠯᠢᠶᠡᠵᠦ ᠪᠠᠢᠯ᠎ᠠ᠃
ᠬᠡᠳᠦᠨ ᠵᠢᠯ᠎ᠦᠨ ᠡᠮᠦᠨ᠎ᠡ᠂ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ ᠦᠨᠳᠦᠰᠦᠲᠡᠨ᠎ᠦ ᠭᠠᠷ ᠤᠷᠠᠯᠠᠯ᠎ᠤᠨ ᠠᠩᠭᠢ ᠪᠠᠢᠭᠤᠯᠵᠤ ᠂ ᠬᠠᠷᠠᠬᠠᠨ ᠪᠠᠭ᠎ᠠ ᠠ᠋ᠴᠠ᠎ᠪᠠᠨ ᠬᠠᠳᠬᠤᠮᠠᠯ᠎ᠳᠤ ᠳᠤᠷᠠᠲᠠᠢ ᠭᠤᠸ᠎ᠠ ᠰᠠᠭᠤᠭᠠᠯᠢ ᠠᠷᠠᠳ ᠢ᠋ ᠳᠠᠭᠠᠭᠤᠯᠤᠨ ᠬᠠᠳᠬᠤᠮᠠᠯ᠎ᠤᠨ ᠵᠣᠬᠢᠶᠠᠨ ᠪᠦᠲᠦᠭᠡᠯᠭᠡ ᠬᠢᠪᠡ᠃《ᠡᠭᠡᠴᠢ ᠳᠡᠭᠦᠦ ᠨᠠᠷ ᠬᠠᠷᠢᠯᠴᠠᠨ ᠰᠤᠷᠤᠯᠴᠠᠵᠤ᠂ ᠦᠨᠳᠦᠰᠦᠲᠡᠨ᠎ᠨᠦᠭᠦᠳ᠎ᠦᠨ ᠤᠯᠠᠮᠵᠢᠯᠠᠯᠲᠤ ᠭᠠᠷ ᠤᠷᠠᠯᠠᠯ᠎ᠢ ᠠᠭᠤᠰᠤᠯᠴᠠᠭᠤᠯᠤᠭᠰᠠᠨ ᠡᠴᠨ ᠰᠣᠶᠣᠯ᠎ᠤᠨ ᠮᠡᠳᠡᠷᠡᠮᠵᠢ᠎ᠶᠢ ᠨᠡᠮᠡᠭᠳᠡᠭᠦᠯᠦᠭᠰᠡᠨ᠎ᠢᠶᠡᠷ ᠦᠯᠦ ᠪᠠᠷᠠᠮ ᠬᠠᠢᠷ᠎ᠠ ᠰᠡᠳᠬᠢᠯᠭᠡ᠎ᠶᠢᠨ ᠲᠠᠯ᠎ᠠ᠎ᠪᠠᠷ ᠴᠤ᠌ ᠤᠯᠠᠮ ᠳᠣᠲᠣᠨᠣ᠌ ᠪᠣᠯᠤᠭᠰᠠᠨ ᠪᠠᠢᠨ᠎ᠠ》 ᠬᠡᠵᠦ ᠭᠤᠸ᠎ᠠ ᠬᠡᠯᠡᠨ᠎ᠡ᠃
ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠋᠎ᠲᠤ 1 ᠲᠦᠮᠡ ᠭᠠᠷᠤᠢ ᠰᠠᠭᠤᠭᠠᠯᠢ ᠠᠷᠠᠳ᠎ᠲᠠᠢ᠂ ᠡᠭᠦᠨ᠎ᠳᠦ ᠮᠣᠩᠭᠣᠯ ᠦᠨᠳᠦᠰᠦᠲᠡᠨ᠂ ᠮᠠᠨᠵᠤ ᠦᠨᠳᠦᠰᠦᠲᠡᠨ᠂ ᠬᠣᠲᠣᠩ ᠦᠨᠳᠦᠰᠦᠲᠡᠨ ᠵᠡᠷᠭᠡ 12 ᠴᠥᠭᠡᠨ ᠲᠣᠭᠠᠲᠤ ᠦᠨᠳᠦᠰᠦᠲᠡᠨ᠎ᠦ ᠰᠠᠭᠤᠭᠠᠯᠢ ᠠᠷᠠᠳ 4000 ᠰᠢᠬᠠᠮ ᠪᠠᠢᠵᠤ᠂ ᠨᠡᠢᠲᠡᠯᠢᠭ ᠴᠢᠨᠠᠷᠲᠠᠢ ᠤᠯᠠᠨ ᠦᠨᠳᠦᠰᠦᠲᠡᠨ ᠠᠭᠤᠰᠤᠯᠴᠠᠨ ᠰᠠᠭᠤᠷᠢᠰᠢᠭ᠍ᠰᠠᠨ ᠨᠡᠢᠭᠡᠮ ᠲᠣᠭᠣᠷᠢᠭ᠋ ᠪᠠᠢᠵᠤ᠂ ᠪᠦᠭᠦ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠳᠠ᠎ᠶᠢᠨ ᠵᠢᠱ᠌ᠢᠶ᠎ᠡ ᠦᠵᠡᠭᠦᠯᠭᠦ ᠨᠡᠢᠭᠡᠮ ᠲᠣᠭᠣᠷᠢᠭ᠋᠎ᠢᠶᠠᠷ ᠦᠨᠡᠯᠡᠭᠳᠡᠵᠦ ᠥᠩᠭᠡᠷᠡᠵᠡᠢ᠃
2019 ᠣᠨ᠎ᠤ 7 ᠰᠠᠷ᠎ᠠ᠎ᠶᠢᠨ 15 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠋᠎ᠲᠤ ᠰᠢᠨᠵᠢᠯᠡᠨ ᠪᠠᠢᠴᠠᠭᠠᠵᠤ ᠰᠤᠳᠤᠯᠬᠤ᠎ᠳᠠᠭᠠᠨ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠨᠡᠢᠭᠡᠮ ᠲᠣᠭᠣᠷᠢᠭ᠋᠎ᠲᠤ ᠡᠭᠦᠳᠦᠨ ᠪᠠᠶ᠋ᠢᠭᠤᠯᠬᠤ᠎ᠶᠢ ᠭᠦᠨᠵᠡᠭᠡᠢ ᠠᠬᠢᠭᠤᠯᠵᠤ᠂ ᠨᠡᠢᠭᠡᠮ ᠲᠣᠭᠣᠷᠢᠭ᠋᠎ᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠶᠡᠬᠡ ᠭᠡᠷ ᠪᠦᠯᠢ ᠪᠣᠯᠭᠠᠨ ᠪᠠᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠠᠮᠤᠷ ᠲᠠᠢᠪᠤᠩ ᠠᠵᠤ ᠲᠦᠷᠦᠭᠦ ᠰᠠᠢᠨ ᠰᠠᠢᠬᠠᠨ ᠨᠡᠢᠭᠡᠮ ᠲᠣᠭᠣᠷᠢᠭ᠋᠎ᠤᠨ ᠣᠷᠴᠢᠨ ᠲᠣᠭᠣᠷᠢᠨ᠎ᠢ ᠢᠳᠡᠪᠬᠢᠲᠡᠢ ᠡᠭᠦᠳᠭᠦ ᠬᠡᠷᠡᠭᠲᠡᠢ ᠬᠡᠵᠦ ᠴᠢᠬᠤᠯᠠᠴᠢᠯᠠᠪᠠ᠃
《 ᠪᠢᠳᠡ ᠢᠮᠠᠭᠲᠠ ᠶᠡᠷᠦᠩᠬᠡᠢ ᠱᠦᠵᠢ ᠰᠢ ᠵᠢᠨ ᠫᠢᠩ ᠤ᠋ᠨ ᠴᠢᠩ ᠰᠡᠳᠬᠢᠯ᠎ᠦᠨ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ ᠂ 〈ᠦᠨᠳᠦᠰᠦᠲᠡᠨ᠎ᠨᠦᠭᠦᠳ ᠪᠦᠯᠬᠦᠮᠳᠡᠨ ᠨᠢᠭᠡ ᠭᠡᠷ᠎ᠦᠨ ᠬᠥᠮᠥᠨ ᠮᠡᠲᠦ ᠳᠣᠲᠣᠨᠣ᠌ 〉 ᠨᠡᠢᠭᠡᠮ ᠲᠣᠭᠣᠷᠢᠭ᠋᠎ᠤᠨ ᠣᠷᠴᠢᠨ ᠲᠣᠭᠣᠷᠢᠨ᠎ᠢ ᠬᠦᠴᠦᠯᠡᠨ ᠪᠠᠢᠭᠤᠯᠵᠤ ᠂ 〈ᠦᠨᠳᠦᠰᠦᠲᠡᠨ᠎ᠨᠦᠭᠦᠳ ᠠᠭᠤᠰᠤᠯᠴᠠᠭᠰᠠᠨ ᠭᠡᠷ ᠪᠦᠯᠢ 〉 ᠪᠠᠷ ᠠᠴᠢᠶᠠᠯᠠᠪᠤᠷᠢ ᠪᠣᠯᠭᠠᠨ ᠣᠯᠠᠨ ᠭᠡᠯᠪᠡᠷᠢ᠎ᠶᠢᠨ ᠠᠵᠢᠯᠯᠠᠭ᠎ᠠ᠎ᠶᠢ ᠥᠷᠨᠢᠭᠦᠯᠵᠦ ᠂ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠤᠨ ᠡᠨᠡ ᠬᠦ᠌ ᠶᠡᠬᠡ ᠭᠡᠷ ᠪᠦᠯᠢ᠎ᠳᠠᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ》 ᠭᠡᠵᠦ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶᠠᠨ᠎ᠤ ᠱᠦᠵᠢ ᠦ᠋ ᠰᠢᠶᠣᠣ ᠬᠤᠸᠠ ᠬᠡᠯᠡᠪᠡ᠃
ᠨᠡᠢᠭᠡᠮ ᠲᠣᠭᠣᠷᠢᠭ᠋᠎ᠲᠤ ᠤᠯᠠᠭᠠᠨᠮᠥ᠋ᠴᠢᠷ᠎ᠦᠨ ᠰᠠᠯᠪᠤᠷᠢ ᠪᠠᠭ᠎ᠠ ᠠᠩᠭᠢ᠎ᠶᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ ᠳᠠᠭᠤᠤ ᠪᠥᠵᠢᠭ᠎ᠦᠨ ᠲᠣᠬ᠍ᠯᠠᠯᠲᠠ᠎ᠶᠢ ᠥᠪᠡᠷ᠎ᠢᠶᠡᠨ ᠤᠳᠤᠷᠢᠳᠤᠨ ᠲᠣᠭᠯᠠᠵᠤ᠂ ᠵᠢᠯ ᠴᠠᠭᠠᠨ ᠰᠠᠷ᠎ᠠ ᠪᠤᠯᠬᠤ ᠪᠦᠷᠢ ᠬᠥᠷᠰᠢ ᠵᠡᠷᠭᠡᠯᠡᠳᠡᠭᠡ᠎ᠳᠡᠭᠡᠨ ᠪᠠᠶᠠᠷ ᠪᠠᠶᠠᠰᠤᠯ ᠭᠦᠷᠭᠡᠨ᠎ᠡ; ᠦᠨᠳᠦᠰᠦᠲᠡᠨ᠎ᠦ ᠠᠭᠤᠰᠤᠯᠴᠠᠯ᠎ᠤᠨ ᠪᠠᠭ᠎ᠠ ᠬᠢᠴᠢᠶᠡᠯ᠎ᠦᠨ ᠳᠠᠩᠬᠢᠮ ᠡᠷᠭᠢᠯᠡᠵᠦ᠂ ᠦᠨᠳᠦᠰᠦᠲᠡᠨ᠎ᠦ ᠪᠦᠯᠬᠦᠮᠳᠡᠯ᠎ᠦᠨ ᠦᠯᠢᠭᠡᠷ᠎ᠦᠨ ᠬᠤᠷᠠᠯ ᠵᠡᠷᠭᠡ ᠬᠢᠴᠢᠶᠡᠯ᠎ᠢ ᠥᠷᠨᠢᠭᠦᠯᠵᠦ᠂ ᠪᠠᠭᠠᠴᠤᠳ ᠬᠡᠦᠬᠡᠳ᠎ᠢ ᠬᠠᠷᠠᠬᠠᠨ ᠪᠠᠭᠠᠡᠴᠨ ᠨᠢ ᠦᠨᠳᠦᠰᠦᠲᠡᠨ᠎ᠦ ᠪᠦᠯᠬᠦᠮᠳᠡᠯ᠎ᠦᠨ ᠤᠬᠠᠮᠰᠠᠷ᠎ᠲᠠᠢ ᠪᠤᠯᠭᠠᠬᠤ᠎ᠶᠢ ᠬᠥᠲᠥᠯᠥᠨ ᠵᠢᠯᠣᠭᠣᠳᠪᠠ ᠁
《ᠪᠠᠶᠠᠯᠢᠭ᠋ ᠰᠠᠢᠬᠠᠨ ᠠᠵᠢᠯᠯᠠᠭ᠎ᠠ ᠨᠢ ᠪᠢᠳᠡᠨ᠎ᠳᠦ ᠬᠠᠷᠢᠯᠴᠠᠨ ᠣᠢᠯᠠᠭᠠᠯᠴᠠᠬᠤ ᠲᠠᠪᠴᠠᠩ ᠣᠯᠭᠣᠵᠤ᠂ ᠬᠥᠷᠰᠢ ᠵᠡᠷᠭᠡᠯᠡᠳᠡᠭᠡ᠎ᠶᠢᠨ ᠬᠣᠭᠣᠷᠣᠨᠳᠤ᠎ᠪᠠᠨ ᠬᠠᠷᠢᠯᠴᠠᠨ ᠭᠦᠨᠳᠦᠳᠭᠡᠵᠦ᠂ ᠬᠠᠷᠢᠯᠴᠠᠨ ᠬᠠᠪᠰᠤᠷᠤᠯᠴᠠᠵᠤ ᠂ ᠡᠨᠡ ᠬᠦ᠌ ᠶᠡᠬᠡ ᠭᠡᠷ ᠪᠦᠯᠢ᠎ᠳᠦ ᠠᠮᠢᠳᠤᠷᠠᠬᠤ᠎ᠳᠤ ᠮᠠᠰᠢ ᠵᠣᠯ ᠵᠢᠷᠭᠠᠯ᠎ᠲᠠᠢ ᠪᠠᠢᠳᠠᠭ ! 》 ᠭᠡᠵᠦ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ ᠴᠤᠬ ᠬᠡᠯᠡᠪᠡ᠃
ᠬᠡᠳᠦᠨ ᠵᠢᠯ᠎ᠦᠨ ᠲᠤᠷᠰᠢ ᠂ ᠥᠪᠥᠷ ᠮᠣᠩᠭᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ ᠪᠡᠷ ᠭᠣᠣᠯ ᠰᠢᠵᠢᠮ ᠪᠣᠯᠭᠠᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠵᠤ ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠶᠡᠬᠡ ᠪᠡᠷ ᠳᠡᠯᠭᠡᠷᠡᠭᠦᠯᠵᠦ ᠂ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠪᠦᠭᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠵᠦ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ ᠪᠠ ᠲᠥᠷᠥ᠍᠎ᠶᠢᠨ ᠪᠣᠳᠣᠯᠭ᠎ᠠ᠎ᠶᠢᠨ ᠠᠷᠭ᠎ᠠ ᠬᠡᠮᠵᠢᠶ᠎ᠡ᠎ᠶᠢ ᠰᠢᠰᠲᠧᠮ᠎ᠲᠠᠢ ᠲᠡᠭᠦᠯᠳᠡᠷᠵᠢᠭᠦᠯᠦᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ᠎ᠶᠢ ᠭᠦᠨᠵᠡᠭᠡᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠥᠷᠭᠡᠨ᠎ᠢᠶᠡᠷ ᠠᠬᠢᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠶᠡᠬᠡ ᠪᠦᠯᠬᠦᠮᠳᠡᠯ᠎ᠦᠨ ᠰᠠᠢᠨ ᠰᠠᠢᠬᠠᠨ ᠪᠠᠢᠳᠠᠯ᠎ᠢ ᠬᠤᠪᠢ ᠳᠠᠭᠢᠨ ᠨᠠᠨᠳᠢᠩᠨᠠᠨ᠂ 《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠤ᠋ ᠡᠷᠬᠢᠮ ᠳᠡᠭᠡᠳᠦ ᠢᠷᠠᠭᠤ ᠠᠯᠳᠠᠷ᠎ᠢ ᠨᠠᠷᠢᠨ ᠨᠢᠮᠪᠠᠢ ᠬᠠᠮᠠᠭᠠᠯᠠᠨ᠎ᠠ ᠃
ᠰᠢᠨ᠎ᠡ ᠠᠶᠠᠨᠳ᠋ᠠᠭᠠᠨ᠂ ᠥᠪᠥᠷ ᠮᠣᠩᠭᠣᠯ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠵᠢᠯ᠎ᠢ ᠬᠦᠴᠦᠯᠡᠨ ᠠᠬᠢᠭᠤᠯᠵᠤ᠂ ᠦᠨᠳᠦᠰᠦᠲᠡᠨ᠎ᠨᠦᠭᠦᠳ᠎ᠦᠨ ᠠᠨᠠᠷ᠎ᠤᠨ ᠦᠷ᠎ᠡ ᠰᠢᠭ ᠨᠢᠬᠳᠠᠷᠠᠬᠤ ᠵᠢ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶᠢᠨ ᠦᠵᠡᠮᠵᠢ᠎ᠶᠢᠨ ᠣᠷᠣᠨ᠎ᠢᠶᠠᠨ ᠨᠡᠩ ᠦᠵᠡᠰᠬᠦᠯᠡᠩᠲᠦ ᠰᠠᠢᠬᠠᠨ ᠪᠣᠯᠭᠠᠨ ᠪᠦᠲᠦᠭᠡᠨ ᠪᠠᠶ᠋ᠢᠭᠤᠯᠬᠤ ᠪᠣᠯᠣᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃