2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠣᠨᠴᠠ ᠮᠡᠳᠡᠭᠡᠯᠡᠯ

2023-03-05 16:23:05

ᠵᠣᠬᠢᠶᠠᠭ᠍ᠴᠢ᠄ ᠰᠦᠩ ᠱᠤᠸᠠᠩ ᠣᠩᠱᠢᠭ᠍ᠰᠠᠨ ᠣᠳᠠᠭ᠎ᠠ᠄ 3

《ᠮᠠᠨ᠎ᠤ ᠲᠣᠰᠬᠣᠨ᠎ᠤ ᠱᠦᠢᠨᠢ ᠵᠠᠮ ᠭᠡᠷ᠎ᠦᠨ ᠡᠭᠦᠳᠡᠨ᠎ᠳᠦ ᠬᠦᠷᠳᠡᠯ᠎ᠡ ᠨᠡᠪᠲᠡᠷᠡᠵᠦ᠂ ᠪᠠᠰᠠ ᠵᠠᠮ᠎ᠤᠨ ᠳ᠋ᠧᠩ ᠲᠠᠭᠠᠷᠠᠭᠤᠯᠪᠠ᠂ ᠣᠷᠣᠢ᠎ᠳᠠᠭᠠᠨ ᠲᠤᠭᠤᠷᠢᠬᠤ᠂ ᠠᠭᠤᠳᠠᠮ ᠲᠠᠯᠠᠪᠠᠢ᠎ᠳᠤ ᠪᠥᠵᠢᠭᠯᠡᠬᠦ ᠬᠥᠮᠥᠰ ᠶᠠᠪᠤᠬᠤ ᠳᠤᠳᠤᠮ ᠣᠯᠠᠰᠢᠷᠠᠪᠠ 》 ᠭᠡᠵᠦ ᠤᠯᠠᠭᠠᠨᠬᠠᠳᠠ ᠬᠣᠲᠠ᠎ᠶᠢᠨ ᠬᠠᠷᠠᠴᠢᠨ ᠬᠣᠰᠢᠭᠤᠨ᠎ᠤ ᠮᠡᠶ᠋ᠢᠷᠡᠨ ᠪᠠᠯᠭᠠᠰᠤᠨ᠎ᠤ ᠰᠢᠨ ᠳ᠋ᠢᠶᠠᠨ ᠲᠣᠰᠬᠣᠨ᠎ᠤ ᠠᠷᠠᠳ ᠴᠧᠨ ᠱᠤ᠌ ᠶᠦᠨ ᠬᠡᠯᠡᠨ᠎ᠡ ᠃

ᠲᠣᠰᠬᠣᠨ᠎ᠤ ᠬᠠᠮᠲᠤ᠎ᠶᠢᠨ ᠠᠵᠦ ᠠᠬᠤᠢ ᠰᠠᠢᠵᠢᠷᠠᠵᠦ᠂ ᠣᠯᠠᠨ ᠨᠡᠶ᠋ᠢᠲᠡ᠎ᠶᠢᠨ ᠦᠢᠯᠡᠴᠢᠯᠡᠭᠡ ᠪᠦᠷᠢᠨ ᠲᠡᠬᠦᠯᠳᠡᠷ ᠪᠤᠯᠪᠠ᠃ ᠰᠢᠨ ᠳ᠋ᠢᠶᠠᠨ ᠲᠣᠰᠬᠣᠨ᠎ᠤ ᠬᠤᠪᠢᠷᠠᠯᠲᠠ ᠨᠢ ᠤᠯᠠᠭᠠᠨᠬᠠᠳᠠ ᠬᠤᠳᠠ᠎ᠶᠢᠨ ᠬᠡᠷᠡᠭᠵᠢᠭᠦᠯᠵᠦ ᠪᠠᠢᠭ᠎ᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠳᠠᠭᠠᠭᠤᠯᠤᠭ᠍ᠴᠢ᠎ᠶᠢᠨ ᠡᠩᠨᠡᠭᠡ᠎ᠶᠢᠨ ᠪᠠᠢᠭᠤᠯᠤᠯᠲᠠ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠮᠦᠷᠦᠢᠴᠡᠬᠡᠨ ᠤ᠋ ᠠᠵᠢᠯᠯᠠᠭ᠎ᠠ ᠲᠠᠢ ᠬᠤᠯᠪᠤᠭ᠎ᠠ ᠲᠠᠢ ᠪᠢᠯᠡ᠃

ᠨᠠᠮ᠎ᠤᠨ ᠪᠠᠢᠭᠤᠯᠤᠯᠲᠠ᠎ᠶᠢᠨ ᠠᠵᠢᠯ᠎ᠢ ᠪᠣᠳᠠᠲᠠᠢ ᠠᠳᠬᠤᠪᠠᠯ ᠦᠢᠯᠡᠳᠪᠦᠷᠢᠯᠡᠯ᠎ᠦᠨ ᠬᠦᠴᠦᠨ ᠪᠤᠯᠵᠤ᠂ ᠰᠠᠢᠲᠤᠷ ᠠᠳᠬᠤᠪᠠᠯ ᠨᠢᠭ᠍ᠲᠠᠷᠠᠯ᠎ᠤᠨ ᠬᠦᠴᠦᠨ ᠪᠤᠯᠵᠤ᠂ ᠨᠠᠷᠢᠨ ᠠᠳᠬᠤᠪᠠᠯ ᠥᠷᠢᠰᠦᠯᠳᠦᠬᠦ ᠬᠦᠴᠦᠨ ᠪᠣᠯᠣᠨ᠎ᠠ᠃ ᠥᠪᠥᠷ ᠮᠣᠩᠭᠣᠯ᠎ᠳᠤ᠂ ᠨᠠᠮ ᠤ᠋ᠨ ᠪᠠᠢᠭᠤᠯᠤᠯᠳᠠ ᠵᠢ ᠰᠠᠢᠳᠤᠷ ᠬᠢᠭᠰᠡᠨ ᠡᠴᠨ ᠵᠤᠯ ᠵᠢᠷᠭᠠᠯ ᠤ᠋ᠨ ᠵᠢᠮᠢᠰ ᠰᠠᠭᠤᠬᠰᠠᠨ ᠠᠮᠢᠳᠤᠯᠢᠬ ᠰᠠᠢᠬᠠᠨ ᠦᠢᠯᠡᠳᠦᠯᠬᠡ ᠮᠠᠰᠢ ᠤᠯᠠᠨ ᠪᠠᠢᠵᠤ᠂ ᠡᠯ᠎ᠡ ᠬᠦᠷᠢᠶᠡᠨ ᠤ᠋ ᠨᠠᠮ ᠤ᠋ᠨ ᠪᠠᠢᠭᠤᠯᠤᠯᠳᠠ ᠵᠢᠨ ᠠᠵᠢᠯ ᠴᠡᠴᠡᠭ ᠮᠡᠳᠤ ᠦᠩᠭᠡ ᠪᠤᠯᠢᠶᠠᠯᠳᠤᠨ ᠲᠡᠯᠬᠡᠷᠡᠨ᠎ᠡ᠃

ᠬᠥᠳᠡᠭᠡ ᠲᠣᠰᠬᠣᠨ ᠂ ᠬᠣᠲᠠ ᠂ ᠪᠠᠢᠭᠤᠯᠭ᠎ᠠ ᠂ ᠤᠯᠤᠰ᠎ᠤᠨ ᠦᠮᠴᠢᠯᠡᠯᠳᠦ ᠠᠵᠤ ᠠᠬᠤᠢᠯᠠᠯ ᠂ ᠠᠵᠢᠯ ᠦᠢᠯᠡᠰ᠎ᠦᠨ ᠨᠢᠭᠡᠴᠢ ᠂ ᠨᠡᠶ᠋ᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠶᠢᠨ ᠵᠣᠬᠢᠶᠠᠨ ᠪᠠᠢᠭᠤᠯᠤᠯᠲᠠ ᠪᠣᠯᠣᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠬᠦᠷᠢᠶ᠎ᠡ ᠨᠢᠭᠡᠪᠦᠷᠢ᠎ᠳᠦ ᠴᠥᠮ ᠢᠯᠡ ᠲᠣᠳᠣ᠌ ᠣᠨᠴᠠᠯᠢᠭ᠋᠎ᠲᠠᠢ ᠪᠠᠢᠳᠠᠭ᠂ ᠡᠯ᠎ᠡ ᠬᠦᠷᠢᠶᠡᠨ᠎ᠳᠠᠬᠢ ᠨᠠᠮ᠎ᠤᠨ ᠪᠠᠢᠭᠤᠯᠤᠯᠲᠠ᠎ᠶᠢᠨ ᠭᠣᠣᠯᠳᠠᠯᠭ᠎ᠠ᠎ᠲᠠᠢ ᠰᠢᠪᠲᠤᠯᠤᠯᠲᠠ ᠬᠢᠬᠦ ᠂ ᠪᠦᠭᠦ ᠲᠠᠯ᠎ᠠ᠎ᠪᠠᠷ ᠳᠡᠭᠡᠭᠰᠢᠯᠡᠭᠦᠯᠭᠦ᠎ᠶᠢ ᠬᠡᠷᠬᠢᠨ ᠪᠠᠲᠤᠯᠠᠵᠤ ᠂ ᠶᠡᠷᠦᠩᠬᠡᠢ ᠱᠦᠵᠢ ᠰᠢ᠎ᠶᠢᠨ ᠫᠢᠩ ᠤ᠋ᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ᠎ᠶᠢ ᠴᠢᠷᠮᠠᠢᠨ ᠪᠡᠶᠡᠯᠡᠭᠦᠯᠬᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ ᠬᠠᠩᠭᠠᠵᠤ ᠪᠤᠢ᠃

ᠪᠦᠭᠦ ᠣᠷᠣᠨ ᠨᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠲᠥᠷᠥ᠍᠎ᠶᠢᠨ ᠴᠢᠳᠠᠮᠵᠢ᠎ᠶᠢ ᠴᠢᠩᠭᠠᠳᠬᠠᠬᠤ ᠂ ᠵᠣᠬᠢᠶᠠᠨ ᠪᠠᠢᠭᠤᠯᠤᠯᠲᠠ᠎ᠶᠢᠨ ᠬᠦᠴᠦᠨ᠎ᠢ ᠳᠡᠭᠡᠭᠰᠢᠯᠡᠭᠦᠯᠭᠦ ᠲᠠᠯ᠎ᠠ᠎ᠪᠠᠷ ᠦᠷᠭᠦᠯᠵᠢᠯᠡᠨ 《 ᠬᠠᠮ ᠠᠷᠭ᠎ᠠ 》 ᠭᠠᠷᠭᠠᠪᠠ ᠄ ᠮᠠᠯᠵᠢᠬᠤ ᠲᠠᠷᠢᠶᠠᠯᠠᠬᠤ ᠣᠷᠣᠨ᠎ᠳᠤ ᠂ ᠰᠢᠯᠢᠳᠡᠭ᠎ᠢ ᠨᠢ ᠰᠣᠩᠭᠣᠵᠤ ᠲᠠᠭᠠᠭᠤᠯᠤᠬᠴᠢ ᠵᠢ ᠲᠣᠬᠢᠷᠠᠭᠤᠯᠵᠤ ᠂ 《 ᠨᠢᠭᠡ ᠭᠠᠴᠠᠭ᠎ᠠ ᠲᠣᠰᠬᠣᠨ᠎ᠤ ᠤᠳᠤᠷᠢᠳᠬᠤ ᠪᠠᠭ᠎ᠲᠤ ᠨᠢᠭᠡ ᠣᠶᠤᠲᠠᠨ ᠲᠤᠬᠢᠷᠠᠭᠤᠯᠬᠤ》 ᠬᠦᠮᠦᠵᠢᠬᠦᠯᠬᠦ ᠲᠥᠯᠥᠪᠯᠡᠭᠡ᠎ᠶᠢ ᠦᠷᠭᠦᠯᠵᠢᠯᠡᠨ ᠬᠦᠨᠵᠡᠬᠡᠢᠷᠡᠬᠦᠯᠪᠡ᠃ ᠬᠤᠳᠠ᠎ᠶᠢᠨ ᠨᠡᠢᠭᠡᠮ ᠲᠣᠭᠣᠷᠢᠭ᠋᠎ᠲᠤ᠂ ᠪᠠᠢᠭᠤᠯᠭ᠎ᠠ ᠨᠢᠭᠡᠴᠢ᠂ ᠠᠵᠢᠯ ᠲᠦᠷᠦᠯ᠂ ᠣᠷᠣᠨ ᠪᠦᠰᠡ᠎ᠶᠢᠨ ᠨᠠᠮ᠎ᠤᠨ ᠪᠠᠢᠭᠤᠯᠤᠯᠲᠠ᠎ᠶᠢᠨ ᠬᠠᠷᠢᠯᠴᠠᠨ ᠬᠣᠯᠪᠣᠭᠠᠯᠠᠵᠤ ᠬᠠᠷᠢᠯᠴᠠᠨ ᠬᠥᠳᠡᠯᠦᠯᠴᠡᠬᠦ᠎ᠶᠢ ᠠᠬᠢᠭᠤᠯᠵᠤ᠂ ᠨᠠᠮ᠎ᠤᠨ ᠪᠠᠢᠭᠤᠯᠤᠯᠲᠠ᠎ᠶᠢᠨ ᠦᠨᠳᠦᠰᠦᠨ ᠱᠠᠲᠤᠨ᠎ᠤ ᠵᠠᠰᠠᠯᠲᠠ᠎ᠶᠢ ᠬᠥᠲᠥᠯᠥᠨ ᠳᠠᠭᠠᠭᠤᠯᠬᠤ ᠦᠢᠯᠡᠳᠦᠯ ᠴᠢᠳᠠᠪᠬᠢ᠎ᠶᠢ ᠳᠡᠭᠡᠭᠰᠢᠯᠡᠭᠦᠯᠪᠡ᠃ ᠡᠯ᠎ᠡ ᠱᠠᠲᠤᠨ᠎ᠤ ᠪᠠᠢᠭᠤᠯᠭ᠎ᠠ ᠤᠯᠤᠰ ᠲᠦᠷᠦ᠎ᠶᠢᠨ ᠪᠠᠢᠭᠤᠯᠭ᠎ᠠ᠎ᠶᠢᠨ ᠪᠠᠢᠭᠤᠯᠤᠯᠲᠠ ᠪᠠ ᠵᠢᠱ᠌ᠢᠶᠡᠴᠢ ᠪᠠᠢᠭᠤᠯᠭ᠎ᠠ᠎ᠶᠢ ᠡᠭᠦᠳᠦᠨ ᠪᠠᠶ᠋ᠢᠭᠤᠯᠬᠤ ᠠᠵᠢᠯ᠎ᠢ ᠭᠦᠨᠵᠡᠭᠡᠢᠷᠡᠭᠦᠯᠵᠦ᠂ ᠪᠠᠢᠭᠤᠯᠭ᠎ᠠ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠦᠨᠳᠦᠰᠦᠨ ᠱᠠᠲᠤᠨ᠎ᠳᠤ ᠨᠡᠩ ᠰᠠᠢᠲᠤᠷ ᠦᠢᠯᠡᠴᠢᠯᠡᠬᠦ᠂ ᠤᠯᠠᠨ ᠲᠦᠮᠡᠨ᠎ᠳᠦ ᠦᠢᠯᠡᠴᠢᠯᠡᠬᠦ᠂ ᠠᠵᠤ ᠠᠬᠤᠢᠯᠠᠯ᠎ᠳᠤ ᠨᠡᠩ ᠰᠠᠢᠲᠤᠷ ᠦᠢᠯᠡᠴᠢᠯᠡᠬᠦ᠎ᠶᠢ ᠠᠬᠢᠭᠤᠯᠪᠠ᠃ ᠤᠯᠤᠰ᠎ᠤᠨ ᠦᠮᠴᠢᠯᠡᠯᠳᠦ ᠠᠵᠤ ᠠᠬᠤᠢᠯᠠᠯ ᠨᠠᠮ᠎ᠤᠨ ᠪᠠᠢᠭᠤᠯᠤᠯᠲᠠ᠎ᠶᠢ ᠠᠳᠬᠤᠵᠤ ᠡᠵᠡᠩᠨᠡᠯᠲᠡ᠎ᠶᠢ ᠠᠬᠢᠭᠤᠯᠤᠨ ᠦᠷ᠎ᠡ ᠠᠰᠢᠭ᠋᠎ᠢ ᠳᠡᠭᠡᠭᠰᠢᠯᠡᠭᠦᠯᠵᠦ᠂ ᠠᠵᠤ ᠦᠢᠯᠡᠰ᠎ᠦᠨ ᠬᠡᠯᠬᠢᠶ᠎ᠡ᠎ᠶᠢ ᠪᠠᠢᠭᠤᠯᠤᠨ ᠲᠡᠭᠦᠯᠳᠡᠷᠵᠢᠭᠦᠯᠵᠦ᠂ ᠳᠡᠭᠡᠳᠦ ᠳᠣᠣᠷᠠᠳᠤ ᠤᠷᠤᠰᠬᠠᠯ᠎ᠤᠨ ᠠᠵᠤ ᠠᠬᠤᠢᠯᠠᠯ᠎ᠤᠨ ᠨᠠᠮ᠎ᠤᠨ ᠪᠠᠢᠭᠤᠯᠤᠯᠲᠠ᠎ᠶᠢ ᠬᠠᠮᠲᠤ ᠪᠠᠷ ᠪᠠᠶ᠋ᠢᠭᠤᠯᠬᠤ ᠳᠦᠷᠢᠮ᠎ᠢ ᠪᠠᠢᠭᠤᠯᠪᠠ ᠁

ᠨᠢᠭᠡ ᠨᠠᠮ᠎ᠤᠨ ᠭᠡᠰᠢᠭᠦᠨ ᠪᠣᠯ ᠨᠢᠭᠡ ᠲᠤᠭ ᠲᠡᠮᠳᠡᠭ ᠮᠥᠨ᠂ ᠨᠢᠭᠡ ᠠᠮᠠᠯᠠᠯᠲᠠ ᠨᠢ ᠨᠢᠭᠡ ᠬᠠᠷᠢᠭᠤᠴᠠᠯᠭ᠎ᠠ᠎ᠶᠢ ᠲᠥᠯᠥᠭᠡᠯᠡᠵᠦ ᠪᠠᠢᠳᠠᠭ᠃ 2021 ᠣᠨ᠎ᠤ ᠰᠡᠭᠦᠯᠴᠢ ᠪᠤᠯᠲᠠᠯ᠎ᠠ᠂ ᠪᠦᠭᠦ ᠣᠷᠣᠨ᠎ᠤ ᠨᠠᠮ᠎ᠤᠨ ᠭᠡᠰᠢᠭᠦᠨ᠎ᠦ ᠶᠡᠷᠦᠩᠬᠡᠢ ᠲᠣᠭ᠎ᠠ 172 ᠲᠦᠮᠡ ᠭᠠᠷᠤᠢ᠎ᠳᠤ ᠬᠦᠷᠴᠡᠢ᠃ ᠮᠠᠨ᠎ᠤ ᠣᠷᠣᠨ 《 ᠣᠯᠠᠨ ᠲᠦᠮᠡᠨ ᠭᠤᠮᠤᠳᠠᠯ ᠲᠠᠢ ᠪᠤᠯ ᠨᠠᠮ᠎ᠤᠨ ᠭᠡᠰᠢᠭᠦᠨ ᠦᠢᠯᠡᠴᠢᠯᠡᠬᠦ 》 ᠠᠵᠢᠯ᠎ᠤᠨ ᠲᠣᠭᠲᠠᠴᠠ᠎ᠶᠢ ᠪᠠᠢᠭᠤᠯᠵᠤ᠂ ᠡᠯ᠎ᠡ ᠬᠦᠷᠢᠶᠡᠨ᠎ᠦ ᠨᠠᠮ᠎ᠤᠨ ᠭᠡᠰᠢᠭᠦᠨ᠎ᠳᠦ 《ᠨᠠᠮ᠎ᠤᠨ ᠰᠦᠯᠳᠡ ᠵᠡᠭᠦᠵᠦ᠂ ᠪᠡᠶ᠎ᠡ᠎ᠶᠢᠨ ᠭᠠᠷᠤᠯ᠎ᠢᠶᠠᠨ ᠲᠣᠳᠣᠷᠠᠭᠤᠯᠵᠤ᠂ ᠪᠣᠳᠠᠲᠤ ᠶᠠᠪᠤᠳᠠᠯ ᠪᠦᠲᠦᠭᠡᠵᠦ ᠂ ᠳᠦᠷᠢ ᠲᠥᠷᠬᠦ᠎ᠵᠢ ᠱᠤᠭᠤᠬᠤ 》 ᠵᠢ ᠪᠡᠶᠡᠯᠡᠬᠦᠯᠵᠦ᠂ ᠣᠯᠠᠨ ᠲᠦᠮᠡᠨ᠎ᠦ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠮᠵᠢᠯᠡᠵᠦ ᠪᠠᠢᠭ᠎ᠠ ᠠᠰᠠᠭᠤᠳᠠᠯ ᠢ᠋ ᠬᠦᠴᠦᠯᠡᠨ ᠰᠢᠢᠳᠪᠦᠷᠢᠯᠡᠵᠦ᠂ ᠣᠯᠠᠨ ᠲᠦᠮᠡᠨ᠎ᠦ ᠵᠣᠯ ᠵᠢᠷᠭᠠᠯ᠎ᠤᠨ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠪᠡ ᠃

ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠵᠢᠯ ᠬᠦᠴᠦᠨ᠎ᠲᠠᠢ᠂ ᠠᠵᠢᠯ ᠶᠠᠪᠤᠳᠠᠯ ᠬᠢᠬᠦ᠎ᠳᠡᠭᠡᠨ ᠵᠠᠷᠤᠳᠠᠯ᠎ᠲᠠᠢ᠂ ᠠᠵᠢᠯᠯᠠᠭ᠎ᠠ ᠬᠢᠬᠦ᠎ᠳᠡᠭᠡᠨ ᠵᠢᠭ᠍ᠰᠠᠭᠠᠯ᠎ᠤᠨ ᠭᠠᠵᠠᠷ᠎ᠲᠠᠢ ᠪᠠᠢᠳᠠᠭ᠎ᠢ ᠬᠥᠮᠥᠰ ᠣᠯᠵᠤ ᠬᠠᠷᠠᠵᠤ ᠪᠠᠢᠨ᠎ᠠ᠃ ᠥᠷᠭᠡᠨ ᠤᠯᠠᠨ ᠨᠠᠮ᠎ᠤᠨ ᠭᠡᠰᠢᠭᠦᠨ ᠤᠯᠠᠨ ᠲᠦᠮᠡᠨ᠎ᠦ ᠵᠢᠷᠭᠠᠯ ᠵᠤᠪᠠᠨᠢᠯ ᠢ᠋ ᠰᠡᠳᠬᠢᠯ᠎ᠳᠡᠭᠡᠨ ᠪᠤᠳᠤᠵᠤ᠂ ᠬᠠᠮᠤᠭ᠎ᠤᠨ ᠬᠦᠨᠳᠦ ᠡᠭᠦᠷᠭᠡ᠎ᠶᠢ ᠵᠣᠷᠢᠭ᠍ᠲᠠᠢ᠎ᠪᠠᠷ ᠡᠭᠦᠷᠭᠡᠯᠡᠵᠦ᠂ ᠬᠠᠮᠤᠭ᠎ᠤᠨ ᠬᠦᠴᠢᠷ ᠠᠰᠠᠭᠤᠳᠠᠯ᠎ᠢ ᠵᠣᠷᠢᠭ᠍ᠲᠠᠢ᠎ᠪᠠᠷ ᠰᠢᠢᠳᠪᠦᠷᠢᠯᠡᠵᠦ᠂ ᠤᠯᠠᠨ ᠲᠦᠮᠡᠨ᠎ᠦ ᠲᠦᠰᠢᠭ ᠲᠤᠯᠭᠠᠭᠤᠷᠢ ᠪᠣᠯᠤᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面