2023-03-06 10:22:07
— ᠶᠡᠷᠦᠩᠬᠡᠢ ᠱᠦᠵᠢ ᠰᠢ ᠵᠢᠨ ᠫᠢᠩ᠎ᠦᠨ ᠵᠢᠶᠠᠩᠰᠦ ᠶ᠋ᠢᠨ ᠲᠥᠯᠥᠭᠡᠯᠡᠭ᠌ᠴᠢᠳ ᠦᠨ ᠪᠦᠯᠬᠦᠮ ᠦᠨ ᠬᠢᠨᠠᠨ ᠵᠥᠪᠯᠡᠬᠦ᠌ ᠳᠦ ᠣᠷᠣᠯᠴᠠᠬᠤ ᠦᠶ᠎ᠡ ᠶ᠋ᠢᠨ ᠴᠢᠬᠤᠯᠠ ᠶᠠᠷᠢᠶ᠎ᠠ ᠦᠪᠦᠷ ᠮᠤᠨᠭᠭᠤᠯ ᠤᠨ ᠺᠠᠳ᠋ᠷ ᠤᠯᠨᠨ ᠲᠦᠮᠡᠨ ᠤ ᠲᠤᠮᠳᠠ ᠬᠠᠯᠠᠭᠤᠨ ᠲᠤᠰᠭᠠᠯ ᠭᠠᠷᠪᠠ
3 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ᠂ ᠶᠡᠷᠦᠩᠬᠡᠢ ᠱᠦᠵᠢ ᠰᠢ ᠵᠢᠨ ᠫᠢᠩ ᠦᠪᠡᠷ ᠤ᠋ᠨ ᠵᠢᠡᠨ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠴᠢᠨᠠᠷ ᠰᠠᠢᠲᠠᠢ ᠬᠥᠭ᠌ᠵᠢᠯᠲᠡ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ᠂ ᠡᠷᠬᠡᠪᠰᠢ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠢᠮᠠᠭ᠍ᠲᠠ ᠱᠢᠨ᠎ᠡ᠎ᠶ᠋ᠢ ᠡᠭᠦᠳᠬᠦ᠌᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤ᠎ᠪᠠᠷ ᠡᠳ᠋ᠯᠡᠬᠦ᠌ ᠵᠢᠨ ᠳᠣᠲᠣᠭᠠᠳᠤ ᠨᠢᠭᠡᠳᠦᠯ᠎ᠢᠶᠡᠷ ᠬᠥᠭ᠌ᠵᠢᠯᠲᠡ᠎ᠶ᠋ᠢ ᠡᠵᠡᠮᠳᠡᠵᠦ᠍᠂ ᠬᠥᠭ᠌ᠵᠢᠯᠲᠡ᠎ᠶ᠋ᠢ ᠬᠡᠮᠵᠢᠵᠦ᠍᠂ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠦ ᠳᠤᠮᠳᠠ ᠬᠠᠯᠠᠭᠤᠨ ᠲᠤᠰᠭᠠᠯ ᠭᠠᠷᠪᠠ᠃
ᠴᠢᠭ᠌ᠯᠡᠯ ᠲᠣᠳᠣᠷᠬᠠᠢ ᠪᠡᠷ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌ ᠶ᠋ᠢ ᠲᠦᠷᠭᠡᠳᠭᠡᠨ ᠪᠡᠶᠡᠯᠡᠭᠦᠯᠦᠨ᠎ᠠ
ᠶᠡᠷᠦᠩᠬᠡᠢ ᠱᠦᠵᠢ ᠰᠢ ᠵᠢᠨ ᠫᠢᠩ ᠶᠠᠷᠢᠶᠠᠨ᠎ᠳᠠᠭᠠᠨ᠂ 《ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠦᠪᠡᠷ ᠢ᠋ ᠪᠠᠨ ᠬᠦᠴᠦᠷᠬᠡᠭᠵᠢᠭᠦᠯᠬᠦ᠎ᠶ᠋ᠢ ᠲᠦᠷᠭᠡᠳᠭᠡᠨ ᠪᠡᠶᠡᠯᠡᠭᠦᠯᠬᠦ᠌ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠵᠠᠢᠯᠠᠰᠢ ᠦᠭᠡᠢ ᠵᠠᠮᠨᠠᠬᠤ ᠵᠠᠮ ᠮᠥᠨ》 ᠭᠡᠵᠤ ᠵᠢᠭᠠᠵᠤ ᠭᠠᠷᠭᠠᠵᠠᠢ᠃ᠪᠤᠭᠤᠲᠤ᠎ᠶ᠋ᠢᠨ ᠬᠣᠪᠣᠷ ᠱᠢᠷᠣᠢ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠲᠡᠮᠦᠷᠯᠢᠭ ᠮᠠᠲ᠋ᠧᠷᠢᠶᠠᠯ ᠰᠤᠳᠤᠯᠬᠤ ᠭᠠᠵᠠᠷ᠎ᠤᠨ ᠳᠠᠷᠤᠭ᠎ᠠ ᠯᠢᠦ ᠢᠦᠢ ᠪᠦᠦ ᠄ 《ᠶᠡᠷᠦᠩᠬᠡᠢ ᠱᠦᠵᠢ᠎ᠶ᠋ᠢᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌ ᠲᠤᠬᠠᠢ ᠴᠢᠬᠤᠯᠠ ᠥᠭᠦᠯᠡᠯᠲᠡ ᠨᠢ ᠨᠠᠳᠠ᠎ᠳᠤ ᠮᠠᠰᠢ ᠶᠡᠬᠡ ᠵᠣᠷᠢᠭ᠍ᠵᠢᠭᠤᠯᠤᠯ ᠪᠤᠯᠵᠤ᠂ ᠨᠠᠳᠠ ᠵᠢ ᠲᠤᠢᠯ᠎ᠢᠶᠠᠷ ᠤᠷᠮᠠᠱᠢᠭᠤᠯᠵᠠᠢ᠂ ᠡᠭᠦᠨ᠎ᠦ ᠲᠠᠭᠠᠤ ᠪᠢ ᠪᠠᠰᠠ ᠮᠦᠷᠦᠨ ᠲᠡᠭᠡᠷᠡᠬᠢ ᠡᠭᠦᠷᠭᠡ ᠬᠠᠷᠢᠭᠤᠴᠠᠯᠭ᠎ᠠ ᠵᠢᠨ᠎ᠢᠶᠡᠨ ᠢᠷᠠᠭᠤ ᠠᠯᠳᠠᠷ᠎ᠢᠶᠠᠨ ᠲᠤᠳᠤᠷᠬᠠᠢ ᠮᠡᠳᠡᠵᠡᠢ᠃ ᠬᠣᠢᠱᠢᠳᠠ᠎ᠶ᠋ᠢᠨ ᠠᠵᠢᠯ ᠳᠤᠮᠳᠠ᠎ᠪᠠᠨ ᠪᠢᠳᠡ ᠯᠠᠪᠳᠠᠢ ᠴᠢᠨᠠᠷ ᠰᠠᠢᠲᠠᠶ ᠬᠥᠭ᠌ᠵᠢᠯᠲᠡ ᠭᠡᠬᠦ᠌ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢ ᠪᠠᠲᠤ ᠡᠵᠡᠮᠳᠡᠵᠦ᠍᠂ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌᠎ᠳᠦ ᠰᠠᠭᠤᠷᠢᠯᠠᠨ᠂ ᠬᠦᠭᠵᠢᠯᠳᠠ ᠵᠢᠨ ᠲᠤᠮᠳᠠ 〈ᠪᠤᠭᠤᠮᠢ ᠪᠤᠯᠵᠤ〉 ᠪᠠᠢᠭ᠎ᠠ ᠮᠡᠷᠭᠡᠵᠢᠯ᠎ᠦᠨ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠬᠣᠪᠣᠷ ᠱᠢᠷᠣᠶ᠎ᠶ᠋ᠢᠨ ᠬᠠᠢᠯᠤᠭᠤᠯᠬᠤ ᠮᠡᠷᠭᠡᠵᠢᠯ ᠵᠢᠡᠷ ᠠᠵᠢᠯ ᠲᠥᠷᠥᠯ ᠴᠢᠨᠠᠭ᠍ᠰᠢᠯᠠᠪᠠᠯ ᠪᠦᠬᠦ ᠤᠯᠤᠰ ᠲᠡᠬᠢ ᠱᠢᠨ᠎ᠡ᠎ᠶ᠋ᠢ ᠡᠭᠦᠳᠬᠦ᠌᠎ᠪᠡᠷ ᠬᠥᠲᠥᠯᠥᠨ ᠳᠠᠭᠠᠭᠤᠯᠬᠤ ᠱᠢᠨ᠎ᠡ ᠥᠨᠳᠥᠷᠯᠢᠭ᠎ᠢ ᠦᠷᠭᠦᠯᠵᠢᠯᠡᠨ ᠪᠡᠬᠢᠵᠢᠭᠦᠯᠵᠦ᠍᠂ ᠬᠣᠪᠣᠷ ᠱᠢᠷᠣᠶ᠎ᠶ᠋ᠢᠨ ᠬᠠᠢᠯᠤᠭᠤᠯᠬᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ》 ᠭᠡᠵᠠᠢ᠃
《ᠶᠡᠷᠦᠩᠬᠡᠢ ᠱᠦᠵᠢ ᠶᠠᠷᠢᠶᠠᠨ᠎ᠳᠠᠭᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠠᠶᠢᠭ᠎ᠤᠨ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠡᠷᠡᠭᠦᠯ᠎ᠢᠶᠡᠷ ᠪᠣᠢᠵᠢᠬᠤ᠎ᠶ᠋ᠢ ᠠᠬᠢᠭᠤᠯᠬᠤ ᠬᠡᠷᠡᠭ᠌ᠲᠡᠢ ᠭᠡᠵᠦ᠍ ᠣᠨᠴᠠᠭᠠᠢᠯᠠᠨ ᠳᠤᠷᠠᠳᠴᠠᠢ᠃ ᠪᠢᠳᠡ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠤᠬᠠᠶ ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠣᠷᠣᠨ᠎ᠤ ᠲᠥᠪ ᠬᠤᠳᠠ ᠵᠢᠨ ᠳᠤᠮᠳᠠ ᠵᠢᠵᠢᠭ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ 〈ᠲᠤᠰᠬᠠᠢᠵᠢᠭᠰᠠᠨ ᠨᠠᠷᠢᠯᠢᠭᠵᠢᠭᠰᠠᠨ ᠤᠨᠴᠠᠯᠢᠬᠵᠢᠬᠰᠠᠨ ᠰᠢᠨ᠎ᠠ〉 ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠵᠤ᠂ ᠣᠷᠣᠨ᠎ᠤ ᠲᠥᠪ ᠬᠤᠳᠠ ᠵᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠬᠦᠴᠦᠷᠬᠡᠭ ᠶᠡᠬᠡ ᠬᠥᠳᠡᠯᠭᠡᠭᠦᠷ᠎ᠢ ᠴᠣᠭ᠍ᠴᠠᠯᠠᠨ᠎ᠠ》 ᠭᠡᠵᠦ᠍ ᠬᠥᠬᠡᠬᠣᠲᠠ᠎ᠶ᠋ᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢᠦ ᡁᠢ ᠴᠢᠶᠠᠩ ᠬᠡᠯᠡᠪᠡ᠃
ᠨᠠᠩ ᠥᠨᠳᠥᠷ ᠭᠠᠷᠤᠭ᠎ᠠ ᠡᠴᠡ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠤᠨ᠎ᠠ
ᠶᠡᠷᠦᠩᠬᠡᠢ ᠱᠦᠵᠢ ᠰᠢ ᠵᠢᠨ ᠫᠢᠩ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠠᠢᠯᠳᠤᠬᠤ ᠪᠤᠳᠤᠯᠭ᠎ᠠ᠎ᠶ᠋ᠢᠨ ᠰᠠᠭᠤᠷᠢ ᠴᠡᠭ ᠮᠥᠨ ᠭᠡᠵᠤ ᠵᠢᠭᠠᠵᠤ ᠭᠠᠷᠭᠠᠵᠠᠢ᠃ ᠣᠷᠣᠨ ᠪᠦᠰᠡ᠎ᠶ᠋ᠢ ᠵᠣᠬᠢᠴᠠᠩᠭᠤᠢ᠎ᠪᠠᠷ ᠬᠥᠭ᠌ᠵᠢᠭᠦᠯᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌ ᠪᠣᠯ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ᠂ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲ᠋ᠧᠮ᠎ᠢ ᠪᠠᠢᠭᠤᠯᠬᠤ᠎ᠶ᠋ᠢᠨ ᠴᠢᠬᠤᠯᠠ ᠪᠦᠷᠢᠯᠳᠦᠬᠦᠨ ᠬᠡᠰᠡᠭ ᠮᠥᠨ᠃ 《ᠲᠦᠷᠦᠭᠦᠬᠡᠨ᠂ ᠤᠯᠠᠭᠠᠨᠬᠠᠳᠠ᠂ ᠲᠦᠩᠯᠢᠶᠣᠤ ᠬᠣᠶᠠᠷ ᠭᠠᠵᠠᠷ᠎ᠤᠨ ᠤᠯᠤᠰ᠎ᠤᠨ ᠲᠠᠰ᠎ᠤᠨ 〈ᠥᠪᠥᠷ ᠮᠣᠩᠭᠣᠯ᠎ᠤᠨ ᠵᠡᠭᠦᠨ ᠬᠡᠰᠡᠭ᠎ᠦᠨ ᠠᠵᠤ ᠦᠶ᠋ᠯᠡᠰ᠎ᠦᠨ ᠱᠢᠯᠵᠢᠯᠲᠡ᠎ᠶ᠋ᠢ ᠵᠤᠯᠭᠠᠭᠤᠯᠬᠤ ᠵᠢᠱ᠌ᠢᠶ᠎ᠡ ᠦᠵᠡᠭᠦᠯᠬᠦ᠌ ᠣᠷᠣᠨ〉ᠠᠮᠵᠢᠯᠲᠠ᠎ᠲᠠᠶ ᠪᠡᠷ ᠵᠥᠪᠱᠢᠶᠡᠷᠡᠭ᠌ᠳᠡᠵᠦ᠍᠂ ᠪᠠᠯᠠ ᠣᠷᠣᠭᠤᠯᠤᠯᠲᠠ᠎ᠶ᠋ᠢᠨ ᠬᠡᠪᠴᠢᠶ᠎ᠡ᠎ᠪᠡᠷ ᠶᠡᠬᠡ᠂ ᠬᠥᠭ᠌ᠵᠢᠯᠲᠡ᠎ᠶ᠋ᠢᠨ ᠠᠯᠤᠰ ᠢᠷᠡᠭᠡᠳᠦᠢ ᠬᠡᠬᠡᠨ ᠰᠠᠷᠠᠭᠤᠯ ᠨᠢᠭᠡ ᠪᠦᠯᠦᠭ ᠲᠥᠷᠥᠯ ᠵᠦᠶ᠋ᠯ᠎ᠨᠢ ᠡᠨᠡ ᠬᠣᠶᠠᠷ ᠬᠣᠲᠠ᠎ᠳᠤ ᠨᠤᠲᠤᠭᠰᠢᠵᠤ᠂ 〈ᠵᠤᠢᠷᠠᠢ ᠣᠳᠣᠨ ᠣᠷᠣᠨ〉 ᠢ᠋ ᠭᠡᠷᠡᠯᠲᠦᠭᠦᠯᠬᠦ᠌᠎ᠳᠦ ᠠᠸ᠋ᠭ᠎ᠠ ᠶᠡᠬᠡ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ᠃ ᠡᠨᠡ ᠵᠢᠯ᠂ ᠪᠢᠳᠡ ᠣᠷᠣᠨ ᠪᠦᠰᠡ᠎ᠶ᠋ᠢᠨ ᠴᠢᠨᠠᠷᠲᠠᠢ ᠲᠥᠪ ᠬᠣᠲᠠ᠎ᠶ᠋ᠢ ᠲᠦᠷᠭᠡᠪᠴᠢᠯᠠᠨ ᠪᠦᠲᠦᠭᠡᠨ ᠪᠠᠢᠭᠤᠯᠵᠤ᠂ ᠣᠳᠣᠬᠢᠴᠢᠯᠠᠭ᠍ᠰᠠᠨ ᠤᠯᠠᠭᠠᠨᠬᠠᠳᠠ᠎ᠶ᠋ᠢᠨ ᠪᠦᠲᠦᠭᠡᠨ ᠪᠠᠢᠭᠤᠯᠤᠯᠲᠠ᠎ᠵᠢ ᠰᠠᠢᠳᠤᠷ ᠡᠬᠢᠯᠡᠬᠦᠯᠬᠦ ᠶ᠋ᠢ ᠪᠦᠬᠦ᠌ ᠬᠦᠴᠦᠨ᠎ᠢᠶᠡᠷ ᠠᠬᠢᠭᠤᠯᠤᠨ᠎ᠠ》 ᠭᠡᠵᠦ ᠤᠯᠠᠭᠠᠨᠬᠠᠳᠠ ᠬᠣᠲᠠ᠎ᠶ᠋ᠢᠨ ᠣᠷᠣᠨ ᠪᠦᠰᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠲᠣᠪᠴᠢᠶᠠᠨ᠎ᠤ ᠳᠠᠷᠤᠭ᠎ᠠ ᠸᠠᠩ ᠯᠢ ᠬᠡᠯᠡᠪᠡ᠃
ᠶᠡᠷᠦᠩᠬᠡᠢ ᠱᠦᠵᠢ ᠰᠢ ᠵᠢᠨ ᠫᠢᠩ᠎ᠦᠨ 《ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠶᠡᠬᠡ ᠪᠡᠷ ᠬᠥᠭ᠌ᠵᠢᠭᠦᠯᠬᠦ》 ᠲᠤᠬᠠᠢ ᠥᠭᠦᠯᠡᠯᠲᠡ ᠨᠢ ᠰᠠᠨ ᠰᠢᠶᠠ ᠱᠢᠨ᠎ᠡ ᠡᠨᠧᠷᠭᠢ᠎ᠶ᠋ᠢᠨ ᠳᠥᠷᠪᠡᠳ ᠬᠣᠱᠢᠭᠤᠨ᠎ᠤ ᠶᠡᠷᠦᠩᠬᠡᠢ ᠳᠠᠭᠠᠭᠠᠮᠠᠯ ᠪᠢᠯᠢᠭ᠌ᠲᠦ᠍ᠶ᠋ᠢᠨ ᠢᠲᠡᠭᠡᠯ ᠵᠤᠷᠢᠭ᠎ᠢ ᠨᠡᠮᠡᠭ᠌ᠳᠡᠭᠦᠯᠪᠡ᠃ ᠪᠥᠬᠥ᠌ ᠤᠯᠤᠰ᠎ᠤᠨ ᠠᠩᠬᠠᠳᠠᠭ᠍ᠴᠢ ᠴᠠᠬᠢᠯᠭᠠᠨ ᠲᠤᠤᠷ᠎ᠤᠨ ᠨᠥᠬᠥᠷᠰᠡᠭ ᠪᠣᠬᠢᠷᠲᠤᠯ ᠥᠬᠡᠶ ᠡᠨ᠋ᠸᠷᠬᠢ ᠲᠤᠤᠷ ᠳᠠᠭᠠᠭᠠᠴᠠ ᠨᠦᠬᠡᠴᠡ᠎ᠵᠢᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠪᠣᠯᠤᠭ᠍ᠰᠠᠨ᠎ᠤ ᠬᠤᠪᠢ᠎ᠳᠤ᠂ ᠪᠢᠯᠢᠭ᠌ᠲᠦ᠄ 《ᠮᠠᠨ᠎ᠤ ᠺᠣᠮᠫᠠᠨᠢ ᠶᠡᠷᠦᠩᠬᠡᠶ ᠱᠦᠵᠢ ᠰᠢ ᠵᠢᠨ ᠫᠢᠩ᠎ᠦᠨ ᠱᠠᠭᠠᠷᠳᠠᠯᠭ᠎ᠠ᠎ᠶ᠋ᠢ ᠡᠷᠡᠰ ᠨᠠᠢᠳᠠᠪᠤᠷᠢᠵᠢᠭᠤᠯᠵᠤ᠂ ᠲᠣᠰ ᠪᠡᠶ᠎ᠡ᠎ᠶ᠋ᠢᠨ ᠣᠨᠴᠠᠯᠢᠭ᠎ᠲᠠᠶ᠎ᠪᠠᠨ ᠤᠶᠠᠯᠳᠤᠭᠤᠯᠤᠨ ᠰᠠᠯᠬᠢ ᠬᠡᠷᠡᠯ᠎ᠤᠨ ᠡᠨ᠋ᠸᠷᠬᠢ ᠨᠦᠬᠡᠴᠡ᠎ᠶ᠋ᠢ ᠨᠢᠭᠡ ᠴᠣᠭ᠍ᠴᠠᠵᠢᠭᠤᠯᠬᠤ ᠪᠥᠲᠥᠭᠡᠨ ᠪᠠᠢᠭᠤᠯᠤᠯᠲᠠ ᠪᠠ ᠡᠵᠡᠩᠨᠡᠯᠲᠡ᠎ᠶ᠋ᠢ ᠰᠠᠢᠲᠤᠷ ᠬᠢᠵᠦ᠍᠂ ᠬᠠᠮᠤᠭ᠎ᠤᠨ ᠱᠢᠨ᠎ᠡ ᠮᠡᠷᠭᠡᠵᠢᠯ᠂ ᠬᠠᠮᠤᠭ᠎ᠤᠨ ᠠᠮᠤᠷ ᠲᠦᠪᠱᠢᠨ ᠠᠵᠢᠯᠯᠠᠭᠠᠨ᠎ᠤ ᠵᠠᠭ᠍ᠪᠤᠷ᠎ᠢᠶᠠᠷ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠴᠠᠬᠢᠯᠭᠠᠨ ᠲᠤᠤᠷ ᠴᠢᠨᠠᠭ᠍ᠰᠢᠯᠠᠪᠠᠯ ᠪᠥᠬᠥ᠌ ᠤᠯᠤᠰ᠎ᠤᠨ ᠴᠠᠬᠢᠯᠭᠠᠨ ᠲᠤᠤᠷ᠎ᠤᠨ ᠰᠠᠯᠬᠢ ᠬᠡᠷᠡᠯ᠎ᠤᠨ ᠡᠨ᠋ᠸᠷᠬᠢ ᠨᠥᠭᠡᠴᠡ᠎ᠶ᠋ᠢ ᠨᠢᠭᠡ ᠴᠣᠭ᠍ᠴᠠᠵᠢᠭᠤᠯᠬᠤ ᠠᠵᠢᠯᠯᠠᠭᠠᠨ᠎ᠳᠤ ᠥᠯᠢᠭᠡᠷ ᠳᠠᠭᠤᠷᠢᠶᠠᠯ ᠦᠵᠡᠭᠦᠯᠵᠦ᠍᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠳᠦ ᠪᠠᠲᠤ ᠪᠠᠬᠢ ᠰᠠᠭᠤᠷᠢ ᠵᠢ ᠲᠠᠯᠪᠢᠵᠤ ᠥᠭ᠌ᠬᠦᠨ᠎ᠡ》 ᠭᠡᠵᠦ ᠢᠯᠡᠳᠭᠡᠪᠡ᠃
ᠮᠠᠨᠵᠤᠤᠷ ᠬᠣᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢᠦ ᡁᠢ ᠴᠧᠩ᠂ ᠮᠠᠨᠵᠤᠤᠷ ᠬᠣᠲᠠ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠤᠨ ᠳᠣᠲᠣᠭᠠᠳᠤ ᠬᠥᠳᠡᠯᠭᠡᠬᠦ᠌ ᠬᠦᠴᠦᠨ᠎ᠢ ᠴᠢᠩᠭᠠᠳᠭᠠᠬᠤ᠂ ᠣᠯᠠᠨ ᠤᠯᠤᠰ᠎ᠤᠨ ᠣᠷᠴᠢᠯ᠎ᠤᠨ ᠶᠠᠰᠤ ᠴᠢᠨᠠᠷ ᠪᠠ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠲᠡᠶ ᠨᠢᠭ᠍ᠲᠠ ᠤᠶᠠᠯᠳᠤᠭᠤᠯᠤᠨ᠂ ᠤᠮᠠᠷᠠᠰᠢ ᠨᠡᠭᠡᠭᠡᠯᠲᠡ ᠬᠢᠬᠦ᠌ ᠪᠡᠬᠢᠯᠡᠯᠲᠡ᠎ᠶ᠋ᠢ ᠪᠥᠲᠥᠭᠡᠨ ᠪᠠᠢᠭᠤᠯᠬᠤ᠎ᠶ᠋ᠢ ᠬᠦᠴᠦᠯᠡᠨ ᠠᠬᠢᠭᠤᠯᠵᠤ᠂ ᠨᠠᠩ ᠥᠨᠳᠥᠷ ᠲᠦᠪᠱᠢᠨ ᠪᠥᠬᠥᠶ ᠨᠡᠭᠡᠭᠡᠯᠲᠡ ᠪᠠ ᠨᠠᠩ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠦᠨ᠎ᠡ ᠭᠡᠵᠦ ᠢᠯᠡᠳᠭᠡᠪᠡ᠃
ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠵᠦ᠍ ᠬᠥᠳᠡᠭᠡ ᠠᠵᠤ ᠠᠬᠤᠢ᠎ᠶ᠋ᠢᠨ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠤᠨ᠎ᠠ
ᠶᠡᠷᠦᠩᠬᠡᠢ ᠱᠦᠵᠢ ᠰᠢ ᠵᠢᠨ ᠫᠢᠩ᠂ ᠬᠥᠳᠡᠭᠡ ᠠᠵᠤ ᠠᠬᠤᠢ᠎ᠶ᠋ᠢᠨ ᠬᠦᠴᠦᠷᠬᠡᠭ ᠤᠯᠤᠰ ᠪᠣᠯ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠤᠨ ᠦᠨᠳᠦᠰᠦ ᠰᠠᠭᠤᠷᠢ ᠮᠥᠨ᠂ ᠬᠥᠳᠡᠭᠡ ᠠᠵᠤ ᠠᠬᠤᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ ᠭᠡᠵᠦ᠍ ᠴᠢᠬᠤᠯᠠᠴᠢᠯᠠᠪᠠ᠃
《ᠶᠡᠷᠦᠩᠬᠡᠢ ᠱᠦᠵᠢ ᠰᠢ ᠵᠢᠨ ᠫᠢᠩ᠂ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠠᠮᠤ ᠪᠤᠳᠠᠭ᠎ᠠ ᠲᠠᠷᠢᠬᠤ ᠲᠠᠯᠠᠪᠠᠢ᠎ᠶ᠋ᠢ ᠲᠣᠭ᠍ᠲᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠠᠮᠤᠷ ᠲᠦᠪᠱᠢᠨ ᠬᠠᠩᠭᠠᠯᠭ᠎ᠠ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ᠍ ᠳᠤᠷᠠᠳᠴᠠᠢ》᠃ ᠪᠠᠶᠠᠨᠨᠠᠭᠤᠷ ᠬᠣᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠲᠣᠪᠴᠢᠶ᠎ᠠ᠎ᠶ᠋ᠢᠨ ᠲᠠᠷᠢᠮᠠᠯ᠎ᠤᠨ ᠦᠶ᠋ᠯᠡᠰ᠎ᠦᠨ ᠰᠠᠯᠠᠭᠠᠨ᠎ᠤ ᠳᠠᠷᠤᠭ᠎ᠠ ᠯᠢ ᠳ᠋ᠦᠩ ᠸᠧᠶ᠂《ᠪᠠᠶᠠᠨᠨᠠᠭᠤᠷ ᠬᠣᠲᠠ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠪᠤᠷᠢᠵᠢᠭᠤᠯᠬᠤ᠂ ᠲᠠᠯᠠᠪᠠᠶ᠎ᠶ᠋ᠢ ᠲᠣᠭ᠍ᠲᠠᠪᠤᠷᠢᠵᠢᠭᠤᠯᠬᠤ᠂ ᠤᠨᠠᠯᠲᠠ᠎ᠶ᠋ᠢ ᠲᠣᠭ᠍ᠲᠠᠪᠤᠷᠢᠵᠢᠭᠤᠯᠬᠤ᠂ ᠮᠣ᠌ ᠨᠢᠭᠡᠴᠢ ᠵᠢᠨ ᠤᠨᠠᠯᠲᠠ᠎ᠶ᠋ᠢ ᠳᠡᠭᠡᠭᠰᠢᠯᠡᠭᠦᠯᠬᠦ〈ᠭᠤᠷᠪᠠ᠎ᠶ᠋ᠢ ᠲᠣᠭ᠍ᠲᠠᠪᠤᠷᠢᠵᠢᠭᠤᠯᠵᠤ ᠨᠢᠭᠡ᠎ᠶ᠋ᠢ ᠳᠡᠭᠡᠭ᠌ᠰᠢᠯᠡᠭᠦᠯᠬᠦ〉 ᠰᠡᠳᠭᠢᠮᠵᠢ ᠶᠣᠰᠣᠭᠠᠷ᠂ ᠤᠯᠤᠰ᠎ᠤᠨ ᠱᠢᠨ᠎ᠡ ᠨᠢᠭᠡ ᠡᠭᠡᠯᠵᠢ᠎ᠶ᠋ᠢᠨ ᠮᠢᠩᠭᠠᠨ ᠳ᠋ᠦᠩᠱᠢᠭᠤᠷ ᠵᠢᠩ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠨᠠᠢᠳᠠᠪᠤᠷᠢᠵᠢᠭᠤᠯᠵᠤ᠂ ᠠᠮᠤ ᠪᠤᠳᠠᠭᠠᠨ᠎ᠤ ᠤᠨᠠᠯᠲᠠ᠎ᠶ᠋ᠢ ᠲᠣᠭ᠍ᠲᠠᠪᠤᠷᠢᠵᠢᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠲᠠᠷᠢᠶᠠᠯᠠᠩ᠎ᠤᠨ ᠬᠥᠭ᠌ᠵᠢᠯᠲᠡ᠎ᠶ᠋ᠢᠨ ᠰᠠᠭᠤᠷᠢ᠎ᠶ᠋ᠢ ᠪᠡᠬᠢᠵᠢᠭᠦᠯᠬᠦ᠌ ᠲᠡᠷᠢᠭᠦᠨ ᠴᠢᠬᠤᠯᠠ ᠡᠭᠦᠷᠭᠡ ᠪᠣᠯᠭᠠᠬᠤ᠎ᠶ᠋ᠢ ᠪᠠᠷᠢᠮᠲᠠᠯᠠᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠪᠡᠷ ᠠᠮᠤ ᠪᠤᠳᠠᠭᠠᠨ᠎ᠤ ᠲᠤᠭᠳᠠᠭᠤᠨ ᠤᠨᠠᠯᠲᠠᠥᠨᠳᠥᠷ ᠤᠨᠠᠯᠲᠠ᠎ᠶ᠋ᠢ ᠠᠬᠢᠭᠤᠯᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠯᠠᠪᠳᠠᠭᠤᠨ᠎ᠢᠶᠠᠷ ᠡᠭᠦᠷᠭᠡᠯᠡᠨ᠎ᠡ》 ᠭᠡᠪᠡ᠃
ᠠᠷᠠᠳ᠎ᠤᠨ ᠰᠡᠳᠭᠢᠯ᠎ᠢ ᠳᠤᠯᠠᠭᠠᠴᠠᠭᠤᠯᠵᠤ ᠠᠷᠠᠳ ᠲᠦᠮᠡᠨ᠎ᠦ ᠵᠣᠯ ᠵᠢᠷᠭᠠᠯ ᠠᠮᠤᠷ ᠠᠮᠤᠭᠤᠯᠠᠩ᠎ᠢ ᠰᠠᠬᠢᠨ ᠬᠠᠮᠠᠭᠠᠯᠠᠨ᠎ᠠ
ᠶᠡᠷᠦᠩᠬᠡᠢ ᠱᠦᠵᠢ ᠰᠢ ᠵᠢᠨ ᠫᠢᠩ᠂ ᠠᠷᠠᠳ ᠲᠦᠮᠡᠨ᠎ᠦ ᠵᠣᠯ ᠵᠢᠷᠭᠠᠯ ᠠᠮᠤᠷ ᠠᠮᠤᠭᠤᠯᠠᠩ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠵᠢᠨ ᠡᠴᠦᠰ᠎ᠦᠨ ᠵᠤᠷᠢᠯᠭ᠎ᠠ ᠮᠥᠨ ᠬᠡᠵᠤ ᠵᠢᠭᠠᠵᠤ ᠭᠠᠷᠭᠠᠪᠠ᠃ᠦᠬᠠᠢ ᠬᠤᠳᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠳᠤᠯᠠᠭ᠎ᠠ᠎ᠶ᠋ᠢᠨ ᠲᠣᠪᠴᠢᠶᠠᠨ᠎ᠤ ᠨᠡᠢᠭᠡᠮ᠎ᠦᠨ ᠪᠠᠳᠤᠯᠠᠭ᠎ᠠ᠎ᠶ᠋ᠢᠨ ᠲᠥᠪ᠎ᠦᠨ ᠡᠷᠬᠢᠯᠡᠭ᠌ᠴᠢ ᠯᠢ ᡁᠢ ᠶᠢᠩ ᠄ 《 ᠶᠡᠷᠦᠩᠬᠡᠢ ᠱᠦᠵᠢ 〈ᠨᠡᠢᠭᠡᠮ᠎ᠦᠨ ᠪᠠᠳᠤᠯᠠᠭ᠎ᠠ᠎ᠶ᠋ᠢᠨ ᠱᠢᠰᠲᠸᠮ᠎ᠢ ᠪᠦᠷᠢᠨᠱᠢᠬᠦᠯᠬᠦ᠌ ᠬᠡᠷᠡᠭ᠌ᠲᠡᠢ〉 ᠭᠡᠵᠦ᠍ ᠵᠢᠭᠠᠵᠤ ᠭᠠᠷᠭᠠᠪᠠ᠃ ᠡᠨᠡ ᠨᠢ ᠮᠠᠨ᠎ᠤ ᠨᠡᠢᠭᠡᠮ᠎ᠦᠨ ᠪᠠᠳᠤᠯᠠᠭ᠎ᠠ ᠵᠢᠨ ᠠᠵᠢᠯ ᠳ᠋ᠤ ᠨᠡᠩ ᠥᠨᠳᠥᠷ ᠱᠠᠭᠠᠷᠳᠠᠯᠭ᠎ᠠ ᠳᠤᠷᠠᠳᠴᠤ᠌᠂ ᠠᠵᠢᠯ᠎ᠤᠨ ᠴᠢᠭ᠌ᠯᠡᠯ᠎ᠢ ᠲᠣᠳᠣᠷᠬᠠᠢ ᠵᠢᠭᠠᠵᠤ ᠦᠭᠬᠦᠭᠰᠡᠨ ᠪᠠᠢᠨ᠎ᠠ᠃ ᠣᠢᠷ᠎ᠠ᠎ᠶ᠋ᠢᠨ ᠵᠢᠯ ᠤ᠋ᠨ ᠲᠤᠷᠰᠢ᠂ ᠪᠢᠳᠡ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠢᠳᠡᠪᠬᠢᠲᠡᠶ ᠦᠶ᠋ᠯᠡᠳᠦᠯᠭᠡᠵᠢᠭᠦᠯᠵᠦ᠍᠂ 〈ᠥᠭᠡᠷᠡᠴᠢᠯᠡᠯᠲᠡ᠎ᠶ᠋ᠢ ᠠᠬᠢᠭᠤᠯᠬᠤ᠂ ᠬᠡᠪᠴᠢᠶ᠎ᠡ᠎ᠶ᠋ᠢ ᠥᠷᠭᠡᠳᠭᠡᠬᠦ᠌᠂ ᠲᠠᠷᠬᠠᠭᠠᠯᠲᠠ᠎ᠶ᠋ᠢ ᠪᠠᠲᠤᠯᠠᠬᠤ᠂ ᠥᠷᠢ ᠱᠢᠷᠢ᠎ᠶ᠋ᠢ ᠴᠡᠪᠡᠷᠯᠡᠬᠦ᠌᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠂ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌〉 ᠲᠠᠯ᠎ᠠ ᠪᠡᠷ ᠢᠵᠢᠯᠢ ᠠᠯᠬᠤᠮ᠎ᠢᠶᠡᠷ ᠬᠦᠴᠦᠯᠡᠬᠦ᠌᠎ᠶ᠋ᠢ ᠪᠠᠷᠢᠮᠲᠠᠯᠠᠵᠤ᠂ ᠪᠥᠬᠥ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠬᠤ ᠲᠥᠯᠥᠪᠯᠡᠭᠡ᠎ᠶ᠋ᠢ ᠶᠡᠬᠡᠪᠡᠷ ᠬᠡᠷᠡᠭ᠌ᠵᠢᠭᠦᠯᠵᠤ᠂ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠨᠡᠢᠭᠡᠮ᠎ᠦᠨ ᠪᠠᠳᠤᠯᠠᠭ᠎ᠠ᠎ᠶ᠋ᠢᠨ ᠲᠤᠤᠷ᠎ᠢ ᠲᠠᠰᠤᠷᠠᠯᠲᠠ ᠥᠬᠡᠶ ᠨᠢᠭ᠍ᠲᠠ ᠰᠦᠯᠵᠢᠪᠡ᠃ ᠲᠠᠷᠠᠭᠠᠴᠢ ᠪᠡᠷ᠂ ᠪᠢᠳᠡ ᠣᠯᠠᠨ ᠲᠦᠮᠡᠨ᠎ᠦ ᠨᠡᠢᠭᠡᠮ᠎ᠦᠨ ᠪᠠᠳᠤᠯᠠᠭ᠎ᠠ ᠵᠢᠨ ᠬᠦᠷᠢᠶᠡᠨ᠎ᠳᠡᠬᠢ 〈 ᠪᠠᠴᠢᠮᠳᠠᠵᠤ᠂ ᠬᠦᠴᠢᠷᠳᠠᠵᠤ᠂ ᠵᠤᠪᠠᠨᠢᠵᠤ᠂ ᠬᠦᠰᠡᠵᠤ ᠪᠠᠢᠭ᠎ᠠ〉 ᠠᠰᠠᠭᠤᠳᠠᠯ᠎ᠳᠤ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠍᠂ 〈ᠲᠠᠯᠪᠢᠬᠤ ᠬᠠᠮᠢᠶᠠᠷᠬᠤ ᠦᠶ᠋ᠯᠡᠴᠢᠯᠡᠬᠦ᠌〉 ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠵᠤ᠂ ᠨᠡᠢᠭᠡᠮ᠎ᠦᠨ ᠪᠠᠳᠤᠯᠠᠭ᠎ᠠ ᠵᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠎ᠢ ᠨᠠᠩ ᠭᠦᠶ᠋ᠴᠡᠳ᠂ ᠵᠢᠷᠭᠠᠯᠲᠤ ᠲᠥᠷᠥᠭ᠌ᠳᠡᠯ᠎ᠢ ᠨᠠᠩ ᠦᠷᠭᠦᠯᠵᠢᠯᠡᠬᠦᠢᠴᠡ ᠪᠣᠯᠭᠠᠨ᠎ᠠ 》 ᠬᠡᠪᠡ᠃
ᠲᠣᠭ᠎ᠢ ᠥᠨᠳᠥᠷ ᠮᠠᠨᠳᠤᠭᠤᠯᠤᠨ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠬᠤ᠎ᠶ᠋ᠢ ᠪᠠᠷᠢᠮᠲᠠᠯᠠᠨ᠎ᠠ
ᠶᠡᠷᠦᠩᠬᠡᠢ ᠱᠦᠵᠢ ᠰᠢ ᠵᠢᠨ ᠫᠢᠩ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠡᠷᠬᠡᠪᠰᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠭᠤᠢᠪᠢᠰᠢ ᠦᠭᠡᠢ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ᠱᠢᠯᠢᠩᠬᠤᠳᠠ᠎ᠶ᠋ᠢᠨ ᠴᠣᠭ ᠠᠭᠤᠯᠠ ᠰᠤᠮᠤ᠎ᠶ᠋ᠢᠨ ᠳᠡᠳ᠋ ᠳᠠᠷᠤᠭ᠎ᠠ ᠪᠠᠢ ᠵᠢᠷᠤᠮᠳᠤ᠂ ᠬᠣᠢᠱᠢᠳᠠ ᠪᠢᠳᠡ ᠶᠡᠷᠦᠩᠬᠡᠶ ᠱᠦᠵᠢ᠎ᠶ᠋ᠢᠨ ᠶᠠᠷᠢᠶᠠᠨ᠎ᠤ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠨᠠᠮ᠎ᠤᠨ ᠪᠠᠢᠭᠤᠯᠤᠯᠲᠠ᠎ᠶ᠋ᠢ ᠠᠳᠭᠤᠵᠤ ᠬᠦᠭᠵᠢᠯ ᠮᠠᠨᠳᠤᠯ ᠢ᠋ ᠠᠬᠢᠭᠤᠯᠬᠤ᠎ᠶ᠋ᠢ ᠪᠠᠷᠢᠮᠲᠠᠯᠠᠵᠤ᠂ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ 《ᠨᠠᠮᠴᠢ ᠴᠢᠨᠠᠷ᠎ᠤᠨ ᠬᠥᠮᠦᠵᠢᠯ + ᠤᠷ᠎ᠠ ᠴᠢᠳᠠᠪᠤᠷᠢ᠎ᠶ᠋ᠢᠨ ᠪᠣᠯᠪᠠᠰᠤᠷᠠᠯ》 ᠤ᠋ᠨ ᠵᠠᠭ᠍ᠪᠤᠷ᠎ᠢ ᠦᠷᠭᠦᠯᠵᠢᠯᠡᠨ ᠬᠡᠷᠡᠭ᠌ᠵᠢᠭᠦᠯᠵᠦ᠍᠂ ᠲᠤᠰᠭᠠᠶ ᠰᠡᠳᠦᠪᠲᠦ ᠪᠣᠯᠪᠠᠰᠤᠷᠠᠯ᠎ᠢ ᠡᠷᠭᠢᠯᠡᠵᠦ᠍᠂ ᠤᠳᠤᠷᠢᠳᠭᠤ ᠪᠠᠭ ᠪᠠ ᠺᠠᠳ᠋ᠷ᠎ᠤᠨ ᠡᠩᠨᠡᠭᠡᠨ᠎ᠦ ᠨᠠᠮ᠎ᠤᠨ ᠪᠠᠢᠭᠤᠯᠤᠯᠲᠠ᠎ᠶ᠋ᠢ ᠠᠳᠭᠤᠵᠤ ᠮᠠᠯᠵᠢᠬᠤ ᠲᠠᠷᠢᠶᠠᠯᠠᠬᠤ ᠣᠷᠣᠨ᠎ᠤ ᠬᠥᠭ᠌ᠵᠢᠯ ᠮᠠᠨᠳᠤᠯ᠎ᠢ ᠠᠬᠢᠭᠤᠯᠬᠤ ᠤᠬᠠᠮᠰᠠᠷ ᠪᠠ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ 《ᠰᠢᠶᠠᠩ ᠪᠠᠯᠭᠠᠰᠤ ᠵᠢ ᠠᠳᠭᠤᠵᠤ ᠲᠤᠰᠬᠤᠨ ᠭᠠᠴᠠᠭ᠎ᠠ ᠵᠢ ᠠᠬᠢᠭᠤᠯᠵᠤ ᠡᠷᠦᠬᠡ᠎ᠶ᠋ᠢ ᠳᠠᠢᠴᠢᠯᠠᠬᠤ》ᠪᠦᠬᠦᠯᠢ ᠴᠤᠬᠴᠠ ᠪᠡᠷ ᠲᠡᠭᠡᠭᠰᠢᠯᠡᠬᠦᠯᠬᠦ ᠢᠨᠵᠧᠨᠧᠷᠢᠩ᠎ᠢ ᠠᠬᠢᠭᠤᠯᠬᠤ᠎ᠪᠠᠷ ᠭᠤᠤᠯ ᠭᠠᠷᠳᠠᠴᠠ ᠪᠣᠯᠭᠠᠵᠤ᠂ ᠰᠤᠮᠤ ᠵᠢᠨ ᠨᠠᠮ᠎ᠤᠨ ᠬᠣᠷᠢᠶ᠎ᠠ ᠡᠴᠡ ᠭᠤᠤᠯᠯᠠᠨ ᠠᠳᠭᠤᠬᠤ᠂ ᠭᠠᠴᠠᠭ᠎ᠠ ( ᠨᠡᠢᠭᠡᠮ ᠲᠣᠭᠣᠷᠢᠭ) ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠡᠴᠡ ᠬᠡᠷᠡᠭ᠌ᠵᠢᠭᠦᠯᠬᠦ᠂ ᠨᠠᠮ᠎ᠤᠨ ᠭᠡᠱᠢᠭᠦᠨ᠎ᠦ ᠭᠤᠤᠯᠳᠠᠯᠭᠠᠲᠤ ᠡᠷᠦᠬᠡ᠎ᠶ᠋ᠢᠨ ᠴᠢᠨᠠᠬᠰᠢᠳᠠ ᠨᠠᠢᠳᠠᠪᠤᠷᠢᠵᠢᠭᠤᠯᠬᠤ ᠬᠣᠯᠪᠣᠭᠠᠯᠠᠨ ᠬᠥᠳᠡᠯᠦᠯᠴᠡᠬᠦ᠌ ᠬᠠᠷᠢᠭᠤᠴᠠᠯᠭ᠎ᠠ᠎ᠶ᠋ᠢᠨ ᠱᠢᠰᠲ᠋ᠧᠮ᠎ᠢ ᠪᠠᠢᠭᠤᠯᠤᠨ᠎ᠠ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ᠎ᠢ ᠨᠢᠭ᠍ᠲᠠᠷᠠᠭᠤᠯᠵᠤ᠂ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠵᠤ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ᠎ᠳᠤ ᠪᠠᠲᠤ ᠴᠢᠩᠭ᠎ᠠ ᠪᠦᠬᠡᠳ ᠬᠦᠴᠦᠳᠠᠢ ᠤᠯᠤᠰ ᠲᠥᠷᠥ᠎ᠶ᠋ᠢᠨ ᠵᠢᠯᠣᠭᠣᠳᠤᠮᠵᠢ ᠪᠠ ᠤᠯᠤᠰ ᠲᠥᠷᠥ᠎ᠶ᠋ᠢᠨ ᠪᠠᠲᠤᠯᠠᠭ᠎ᠠ ᠬᠠᠩᠭᠠᠨ᠎ᠠ ᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃