2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠠᠩᠬᠠᠷᠤᠯ ᠲᠥᠪᠯᠡᠷᠡᠯ

2023-03-06 10:51:26

ᠵᠣᠬᠢᠶᠠᠭ᠍ᠴᠢ᠄ ​ ᠬᠠᠨ ᠱᠢᠤᠸᠠᠢ ᠷᠦ ᠂ ᠺᠠᠩ ᠯᠢ ᠨᠠ ᠣᠩᠱᠢᠭ᠍ᠰᠠᠨ ᠣᠳᠠᠭ᠎ᠠ᠄ 3

ᠪᠡᠭᠡᠵᠢᠩ ᠬᠣᠲᠠ ᠳ᠋ᠤ ᠭᠤᠷᠪᠠᠨ ᠰᠠᠷ᠎ᠠ ᠵᠢᠨ ᠬᠠᠪᠤᠷ ᠤ᠋ᠨ ᠰᠠᠯᠬᠢ ᠬᠠᠴᠠᠷ ᠢ᠋ ᠢᠯᠪᠢᠵᠤ᠂ ᠪᠦᠬᠦ᠌ ᠤᠯᠤᠰ ᠤ᠋ᠨ ᠬᠣᠶᠠᠷ ᠬᠤᠷᠠᠯ ᠳ᠋ᠦ ᠲᠥᠯᠥᠭᠡᠯᠡᠭ᠌ᠴᠢᠳ ᠭᠡᠱᠢᠭᠦᠳ ᠲᠥᠷᠥ ᠵᠢᠨ ᠬᠡᠷᠡᠭ ᠢ᠋ ᠵᠥᠪᠯᠡᠨ᠎ᠠ᠃ ᠤᠮᠠᠷᠠᠲᠤ ᠬᠢᠯᠢ ᠵᠢᠨ ᠥᠪᠥᠷ ᠮᠣᠩᠭᠣᠯ ᠳ᠋ᠦ ᠴᠦ᠍ ᠤᠷᠢᠬᠠᠨ ᠬᠠᠪᠤᠷ ᠰᠠᠭᠠᠲᠠᠵᠤ᠂ ᠲᠦᠮᠡᠨ ᠤᠯᠠᠨ ᠢ᠋ᠶ᠋ᠡᠷ ᠢ᠋ᠶ᠋ᠡᠨ ᠥᠷᠢᠰᠥᠯᠳᠦᠨ ᠤᠷᠤᠭ᠍ᠰᠢᠯᠠᠵᠤ ᠬᠥᠭ᠌ᠵᠢᠯᠲᠡ ᠵᠢ ᠠᠬᠢᠭᠤᠯᠤᠨ᠎ᠠ᠃

ᠥᠪᠥᠷ ᠮᠣᠩᠭᠣᠯ ᠲᠥᠷᠥ ᠵᠢᠨ ᠪᠣᠳᠣᠯᠭ᠎ᠠ ᠵᠢᠨ 《ᠬᠠᠮ ᠠᠷᠭ᠎ᠠ ᠬᠡᠮᠵᠢᠶ᠎ᠡ》 ᠵᠢ ᠲᠠᠰᠤᠷᠠᠯᠲᠠ ᠥᠬᠡᠶ ᠭᠠᠷᠭᠠᠵᠤ᠂ ᠴᠢᠬᠤᠯᠠ ᠶᠡᠬᠡ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢ ᠲᠦᠷᠭᠡᠳᠭᠡᠨ ᠠᠬᠢᠭᠤᠯᠵᠤ᠂ ᠠᠷᠠᠯᠵᠢᠶᠡᠴᠢᠨ ᠤᠷᠢᠵᠤ ᠪᠠᠯᠠ ᠣᠷᠣᠭᠤᠯᠬᠤ ᠬᠠᠯᠠᠭᠤᠨ ᠥᠷᠨᠢᠯᠲᠡ ᠭᠠᠷᠭᠠᠨ᠂ ᠨᠠᠷᠢᠯᠢᠭ ᠣᠨᠣᠴᠠᠲᠠᠶ ᠪᠠᠷ ᠬᠦᠴᠦᠯᠡᠨ ᠬᠡᠷᠡᠭ᠌ᠯᠡᠭᠡ ᠵᠢ ᠠᠳᠭᠤᠨ᠎ᠠ ᠁ ᠤᠳᠤᠠᠬᠨ ᠳ᠋ᠦ ᠴᠠᠭ ᠢ᠋ ᠠᠮᠵᠢᠨ ᠵᠠᠬ᠎ᠠ ᠳᠡᠯᠭᠡᠭᠦᠷ ᠢ᠋ ᠥᠷᠭᠡᠳᠭᠡᠵᠦ᠍᠂ ᠦᠶ᠋ᠯᠡᠴᠢᠯᠡᠭᠡ ᠪᠠᠨ ᠰᠠᠢᠵᠢᠷᠠᠭᠤᠯᠤᠨ ᠬᠥᠭ᠌ᠵᠢᠯᠲᠡ ᠵᠢ ᠠᠬᠢᠭᠤᠯᠵᠤ᠂ ᠥᠪᠥᠷ ᠮᠣᠩᠭᠣᠯ ᠤ᠋ᠨ ᠡᠯ᠎ᠡ ᠭᠠᠵᠠᠷ ᠤ᠋ᠨ᠎ᠬᠢᠨ ᠲᠦᠷᠬᠡᠨ ᠬᠤᠷᠳᠤᠴᠠ ᠪᠡᠷ ᠪᠦᠬᠦ ᠠᠵᠢᠯ ᠵᠢᠡᠨ ᠡᠬᠢᠯᠡᠭᠦᠯᠪᠡ᠃

ᠠᠤᠭ᠎ᠠ ᠰᠠᠨᠠᠭ᠎ᠠ ᠡᠷᠡᠯᠬᠡᠭ ᠵᠣᠷᠢᠭ ᠢ᠋ ᠪᠠᠳᠠᠷᠠᠭᠠᠵᠤ᠂ ᠤᠶᠤᠨ ᠴᠢᠳᠠᠯ ᠢ᠋ᠶ᠋ᠠᠨ ᠬᠥᠭ᠌ᠵᠢᠯᠲᠡ ᠵᠢ ᠲᠦᠷᠭᠡᠳᠭᠡᠬᠦ᠌ ᠳᠡᠭᠡᠷ᠎ᠡ ᠲᠥᠪᠯᠡᠷᠡᠭᠦᠯᠤᠨ᠂ ᠰᠡᠳᠭᠢᠯ ᠨᠢᠭᠡᠳᠦᠨ ᠬᠦᠴᠦ᠍ ᠪᠠᠨ ᠬᠠᠮᠲᠤᠳᠭᠠᠵᠤ ᠥᠪᠥᠷ ᠮᠣᠩᠭᠣᠯ ᠤ᠋ᠨ ᠠᠵᠤ ᠠᠬᠤᠢ ᠵᠢᠨ 《ᠤᠷᠤᠨ ᠪᠠᠢᠷᠢ ᠵᠢ ᠲᠠᠬᠡᠭᠰᠢᠯᠡᠬᠦᠯᠦᠨ ᠳᠡᠰ ᠳᠡᠪᠱᠢᠬᠦᠯᠵᠤ》᠂ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠦᠬᠦ᠌ ᠤᠯᠤᠰ ᠤ᠋ᠨ ᠳᠤᠮᠳᠠ ᠲᠦᠪᠱᠢᠨ ᠳ᠋ᠦ ᠬᠦᠷᠭᠡᠬᠦ ᠬᠠᠷᠠᠯᠲᠠ ᠵᠦᠭ ᠢ᠋ᠶ᠋ᠡᠨ ᠬᠦᠴᠦᠯᠡᠨ ᠴᠢᠷᠮᠠᠢᠨ᠎ᠠ ᠃

《ᠠᠤᠭ᠎ᠠ ᠰᠠᠨᠠᠭ᠎ᠠ ᠡᠷᠡᠯᠬᠡᠭ ᠵᠣᠷᠢᠭ》 ᠲᠠᠢ ᠥᠪᠥᠷ ᠮᠣᠩᠭᠣᠯ ᠥᠩᠭᠡᠷᠡᠭ᠌ᠰᠡᠨ ᠨᠢᠭᠡ ᠵᠢᠯ ᠳ᠋ᠦ ᠬᠢᠯᠠᠯᠵᠠᠮ᠎ᠠ ᠠᠮᠵᠢᠯᠲᠠ ᠣᠯᠵᠠᠢ᠃

ᠪᠥᠬᠥ᠌ ᠣᠷᠣᠨ ᠤ᠋ ᠦᠶ᠋ᠯᠡᠳᠪᠦᠷᠢᠯᠡᠯ ᠤ᠋ᠨ ᠶᠡᠷᠦᠩᠬᠡᠶ ᠥᠷᠲᠡᠭ ᠢ᠋ ᠬᠠᠷᠢᠴᠠᠭᠤᠯᠵᠤ ᠪᠣᠯᠬᠤ ᠦᠨ᠎ᠡ ᠪᠡᠷ ᠪᠤᠳᠤᠪᠠᠯ᠂ ᠳᠡᠭᠡᠷ᠎ᠡ ᠵᠢᠯ ᠤ᠋ᠨ ᠬᠢ ᠡᠴᠡ 4.2% ᠢ᠋ᠶ᠋ᠠᠷ ᠨᠡᠮᠡᠭ᠌ᠳᠡᠪᠡ; ᠠᠮᠤ ᠪᠤᠳᠠᠭᠠᠨ ᠤ᠋ ᠶᠡᠷᠦᠩᠬᠡᠶ ᠤᠨᠠᠯᠲᠠ 《ᠠᠷᠪᠠ ᠶᠢᠰᠦᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠵᠦ》 780.1 ᠳ᠋ᠦᠩᠱᠢᠭᠤᠷ ᠵᠢᠩ ᠳ᠋ᠤ ᠬᠦᠷᠪᠡ; ᠪᠥᠬᠥ᠌ ᠣᠷᠣᠨ ᠤ᠋ ᠭᠠᠬᠠᠶ᠂ ᠦᠬᠡᠷ᠂ ᠬᠣᠨᠢ᠂ ᠵᠢᠭᠦᠷᠲᠡᠨ ᠤ᠋ ᠮᠢᠬᠠᠨ ᠤ᠋ ᠭᠠᠷᠤᠯᠲᠠ 277.8 ᠲᠦᠮᠡᠨ ᠲᠣᠨ ᠳ᠋ᠦ ᠬᠦᠷᠴᠦ᠍᠂ ᠦᠨᠢᠶᠡᠨ ᠰᠦ ᠵᠢᠨ ᠭᠠᠷᠤᠯᠲᠠ 733.8 ᠲᠦᠮᠡᠨ ᠲᠣᠨ ᠳ᠋ᠦ ᠬᠦᠷᠴᠦ᠍᠂ ᠮᠠᠯ ᠠᠵᠤ ᠠᠬᠤᠶ ᠵᠢᠨ ᠦᠶ᠋ᠯᠡᠳᠪᠦᠷᠢᠯᠡᠯ ᠠᠷᠪᠠᠨ ᠨᠠᠶ᠋ᠮᠠᠨ ᠵᠢᠯ ᠳᠠᠷᠠᠭᠠᠯᠠᠨ ᠲᠣᠭ᠍ᠲᠠᠭᠤᠨ ᠪᠠᠢᠬᠤ ᠵᠢ ᠪᠡᠶᠡᠯᠡᠭᠦᠯᠪᠡ; ᠪᠥᠬᠥ᠌ ᠣᠷᠣᠨ ᠤ᠋ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠵᠢᠨ ᠨᠡᠮᠡᠭ᠌ᠳᠡᠯ ᠥᠷᠲᠡᠭ ᠤᠷᠵᠢᠨᠤᠨ ᠤ᠋ ᠬᠢ ᠡᠴᠡ 8.1% ᠪᠡᠷ ᠨᠡᠮᠡᠭ᠌ᠳᠡᠪᠡ ᠁

《ᠠᠤᠭ᠎ᠠ ᠰᠠᠨᠠᠭ᠎ᠠ ᠡᠷᠡᠯᠬᠡᠭ ᠵᠣᠷᠢᠭ》 ᠲᠠᠢ ᠥᠪᠥᠷ ᠮᠣᠩᠭᠣᠯ ᠥᠩᠭᠡᠷᠡᠭ᠌ᠰᠡᠨ ᠲᠠᠪᠤᠨ ᠵᠢᠯ ᠳ᠋ᠦ ᠴᠦ᠍ ᠮᠠᠰᠢ ᠰᠠᠢ᠌ᠨ ᠬᠢᠷᠢ ᠪᠦᠲᠦᠮᠵᠢ ᠣᠯᠵᠠᠢ᠃

ᠥᠩᠭᠡᠷᠡᠭ᠌ᠰᠡᠨ ᠲᠠᠪᠤᠨ ᠵᠢᠯ ᠳ᠋ᠦ᠂ ᠥᠪᠥᠷ ᠮᠣᠩᠭᠣᠯ ᠤ᠋ᠨ ᠤᠷᠤᠨ ᠨᠤᠳᠤᠭ ᠤ᠋ᠨ ᠦᠶ᠋ᠯᠡᠳᠪᠦᠷᠢᠯᠡᠯ ᠤ᠋ᠨ ᠶᠡᠷᠦᠩᠬᠡᠶ ᠥᠷᠲᠡᠭ 1.5 ᠲᠦᠮᠡᠨ ᠳ᠋ᠦᠩᠱᠢᠭᠤᠷ ᠲᠥᠭᠥᠷᠢᠭ ᠪᠠᠢᠭ᠍ᠰᠠᠨ ᠡᠴᠡ ᠪᠠᠨ 2.3 ᠲᠦᠮᠡᠨ ᠳ᠋ᠦᠩᠱᠢᠭᠤᠷ ᠲᠥᠭᠥᠷᠢᠭ ᠪᠣᠯᠤᠨ ᠨᠡᠮᠡᠭ᠌ᠳᠡᠵᠦ᠍᠂ ᠬᠥᠮᠦᠨ ᠳᠤᠮᠳᠠᠴᠢ ᠵᠢᠨ ᠤᠷᠤᠨ ᠨᠤᠳᠤᠭ ᠤ᠋ᠨ ᠦᠶ᠋ᠯᠡᠳᠪᠦᠷᠢᠯᠡᠯ ᠤ᠋ᠨ ᠶᠡᠷᠦᠩᠬᠡᠶ ᠥᠷᠲᠡᠭ 6.1 ᠲᠦᠮᠡᠨ ᠲᠥᠭᠥᠷᠢᠭ ᠪᠠᠢᠭ᠍ᠰᠠᠨ ᠡᠴᠡ ᠪᠠᠨ 9.6 ᠲᠦᠮᠡᠨ ᠲᠥᠭᠥᠷᠢᠭ ᠪᠣᠯᠤᠨ ᠨᠡᠮᠡᠭ᠌ᠳᠡᠪᠡ; ᠠᠮᠤ ᠪᠤᠳᠠᠭᠠᠨ ᠤ᠋ ᠶᠡᠷᠦᠩᠬᠡᠶ ᠤᠨᠠᠯᠲᠠ ᠪᠥᠬᠥ᠌ ᠤᠯᠤᠰ ᠤ᠋ᠨ ᠠᠷᠪᠠᠳᠤᠭᠠᠷ ᠲᠦ᠍ ᠣᠷᠣᠵᠤ ᠪᠠᠢᠭ᠍ᠰᠠᠨ ᠡᠴᠡ ᠪᠠᠨ ᠵᠢᠷᠭᠤᠳᠤᠭᠠᠷ ᠲᠦ᠍ ᠣᠷᠣᠵᠤ᠂ ᠦᠨᠢᠶᠡᠨ ᠰᠦ᠂ ᠬᠣᠨᠢᠨ ᠮᠢᠬ᠎ᠠ᠂ ᠦᠬᠡᠷ ᠤ᠋ᠨ ᠮᠢᠬ᠎ᠠ ᠪᠠ ᠢᠮᠠᠭᠠᠨ ᠨᠣᠤᠯᠤᠭᠤᠷ᠂ ᠲᠡᠵᠢᠭᠡᠯ ᠡᠪᠡᠰᠦᠨ ᠤ᠋ ᠭᠠᠷᠤᠯᠲᠠ ᠪᠡᠷ ᠪᠥᠬᠥ᠌ ᠤᠯᠤᠰ ᠲᠦ᠍ ᠲᠦᠷᠦᠬᠦᠯᠡᠪᠡ; 53 ᠳ᠋ᠦᠩᠱᠢᠭᠤᠷ ᠭᠠᠷᠤᠢ ᠲᠣᠨ ᠨᠡᠭᠦᠷᠡᠰᠦ ᠦᠢᠯᠡᠳᠪᠦᠷᠢᠯᠡᠵᠦ᠍᠂ 2.9 ᠲᠦᠮᠡᠨ ᠳ᠋ᠦᠩᠱᠢᠭᠤᠷ ᠭᠷᠠᠳᠦ᠋ᠰ ᠴᠠᠬᠢᠯᠭᠠᠨ ᠭᠠᠷᠭᠠᠵᠤ᠂ ᠨᠡᠭᠦᠷᠡᠰᠦ ᠪᠠ ᠴᠠᠬᠢᠯᠭᠠᠨ ᠤ᠋ ᠪᠠᠲᠤᠯᠠᠭ᠎ᠠ ᠵᠢᠨ ᠬᠠᠩᠭᠠᠯᠭ᠎ᠠ ᠵᠢᠨ ᠬᠡᠮᠵᠢᠶ᠎ᠡ ᠪᠡᠷ ᠴᠥᠮ ᠪᠦᠬᠦ᠌ ᠤᠯᠤᠰ ᠤ᠋ᠨ ᠲᠦᠷᠦᠬᠦᠨ ᠳ᠋ᠤ ᠣᠷᠣᠪᠠ; ᠬᠤᠳᠠ ᠪᠠᠯᠭᠠᠰᠤᠵᠢᠯᠳᠠ ᠵᠢᠨ ᠨᠤᠷᠮ᠎ᠠ 64.6% ᠪᠠᠢᠭ᠍ᠰᠠᠨ ᠡᠴᠡ ᠪᠠᠨ ᠳᠡᠭᠡᠭ᠌ᠰᠢᠯᠡᠭᠡᠳ 69% ᠱᠢᠬᠠᠮ ᠳ᠋ᠦ ᠬᠦᠷᠴᠦ᠍᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠠᠵᠢᠯ ᠢ᠋ ᠪᠦᠬᠦ᠌ ᠲᠠᠯ᠎ᠠ ᠪᠠᠷ ᠠᠬᠢᠭᠤᠯᠪᠠ; ᠭᠠᠳᠠᠭᠠᠳᠤ ᠤᠷᠤᠭᠤᠯᠤᠯᠳᠠ ᠭᠠᠷᠭᠠᠯᠳᠠ ᠵᠢᠨ ᠶᠡᠷᠦᠩᠬᠡᠢ ᠬᠡᠮᠵᠢᠶ᠎ᠠ ᠵᠢᠯ ᠳᠤᠮᠳᠠᠴᠢ ᠪᠠᠷ 8% ᠡᠴᠡ ᠳᠡᠭᠡᠭ᠌ᠰᠢ ᠨᠡᠮᠡᠭ᠌ᠳᠡᠪᠡ ᠁

ᠡᠨᠡ ᠵᠢᠯ ᠪᠣᠯ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ ᠵᠢᠨ ᠵᠢᠯ ᠪᠣᠯᠤᠨ᠎ᠠ᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠤᠷᠢᠳᠤᠬᠢ ᠵᠢ ᠵᠠᠯᠭᠠᠮᠵᠢᠯᠠᠨ ᠬᠣᠢᠱᠢᠬᠢ ᠳ᠋ᠦ ᠵᠠᠮ ᠨᠡᠭᠡᠭᠡᠬᠦ᠌ ᠵᠠᠩᠭᠢᠯᠠᠭ᠎ᠠ ᠵᠢᠨ ᠵᠢᠯ ᠪᠣᠯᠤᠨ᠎ᠠ ᠂ ᠥᠪᠥᠷ ᠮᠣᠩᠭᠣᠯ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠳ᠋ᠦ ᠥᠪᠥᠷ ᠮᠣᠩᠭᠣᠯ ᠤ᠋ᠨ ᠬᠦᠴᠦᠨ ᠴᠢᠳᠠᠯ ᠢ᠋ᠶ᠋ᠠᠨ ᠡᠷᠭᠦᠬᠦ᠌ ᠵᠢ ᠰᠦᠪᠡᠭ᠌ᠴᠢᠯᠡᠪᠡ᠃

ᠬᠥᠪᠴᠢ ᠶ᠋ᠢᠨ ᠡᠯᠡᠰᠦᠨ ᠳ᠋ᠦ ᠪᠥᠬᠥ᠌ ᠪᠥᠮᠪᠥᠷᠴᠡᠭ ᠤ᠋ᠨ ᠬᠠᠮᠤᠭ ᠤ᠋ᠨ ᠶᠡᠬᠡ ᠬᠡᠪᠴᠢᠶᠡᠨ ᠤ᠋ ᠰᠠᠯᠬᠢᠨ ᠬᠦᠴᠦ ᠵᠢᠨ ᠴᠠᠬᠢᠯᠭᠠᠨ ᠭᠡᠷᠡᠯᠴᠢ ᠴᠡᠨᠡᠭ ᠤ᠋ᠨ ᠰᠠᠭᠤᠷᠢᠨ ᠤ᠋ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠢᠳᠡ ᠬᠦᠭ ᠲᠠᠢ ᠶᠠᠪᠤᠭᠳᠠᠨ᠎ᠠ ᠃

ᠡᠨᠡ ᠵᠢᠯ᠂ ᠥᠪᠥᠷ ᠮᠣᠩᠭᠣᠯ ᠬᠠᠮᠢᠶ᠎ᠠ ᠪᠥᠬᠥᠶ ᠲᠥᠯᠥᠪᠵᠢᠭᠦᠯᠭᠡ᠎ᠳᠦ ᠣᠷᠣᠭᠤᠯᠤᠭ᠍ᠰᠠᠨ ᠱᠢᠨ᠎ᠡ ᠡᠨᠧᠷᠭᠢ ᠶ᠋ᠢ ᠢᠵᠢ ᠪᠥᠷᠢᠳᠦᠭᠦᠯᠦᠨ ᠬᠦᠷᠭᠡᠬᠦ᠌ ᠢᠨᠵᠧᠨᠧᠷᠢᠩ ᠤ᠋ᠨ ᠲᠥᠷᠥᠯ ᠵᠦᠶ᠋ᠯ ᠳ᠋ᠤ ᠰᠠᠭᠠᠳ ᠦᠭᠡᠢ ᠬᠢᠨᠠᠨ ᠵᠥᠪᠱᠢᠶᠡᠷᠡᠬᠦ᠌ ᠵᠠᠮ ᠨᠡᠭᠡᠭᠡᠵᠦ᠍᠂ ᠨᠢᠭᠡᠳᠦᠭᠡᠷ ᠪᠦᠯᠦᠭ ᠤ᠋ᠨ 2020 ᠲᠦᠮᠡᠨ ᠬᠢᠯᠦᠸᠠᠲ᠂ ᠬᠣᠶᠠᠳᠤᠭᠠᠷ ᠪᠦᠯᠦᠭ ᠤ᠋ᠨ 1188 ᠲᠦᠮᠡᠨ ᠬᠢᠯᠦᠸᠠᠲ ᠤ᠋ᠨ ᠲᠣᠮᠣ ᠬᠡᠯᠪᠡᠷᠢ ᠶ᠋ᠢᠨ ᠰᠠᠯᠬᠢᠨ ᠬᠦᠴᠦ ᠵᠢᠨ ᠴᠠᠬᠢᠯᠭᠠᠨ ᠭᠡᠷᠡᠯᠴᠢ ᠴᠡᠨᠡᠭ ᠤ᠋ᠨ ᠰᠠᠭᠤᠷᠢᠨ ᠤ᠋ ᠲᠥᠷᠥᠯ ᠵᠦᠶ᠋ᠯ ᠢ᠋ ᠪᠠᠢᠭᠤᠯᠤᠨ ᠴᠠᠬᠢᠯᠭᠠᠨ ᠲᠤᠤᠷ ᠲᠦ᠍ ᠨᠡᠢᠯᠡᠭᠦᠯᠬᠦ ᠵᠢ ᠲᠦᠷᠭᠡᠳᠭᠡᠨ ᠠᠬᠢᠭᠤᠯᠵᠤ᠂ ᠭᠤᠷᠪᠠᠳᠤᠭᠠᠷ ᠪᠦᠯᠦᠭ ᠤ᠋ᠨ 1170 ᠲᠦᠮᠡᠨ ᠬᠢᠯᠦᠸᠠᠲ ᠤ᠋ᠨ ᠲᠣᠮᠣ ᠬᠡᠯᠪᠡᠷᠢ ᠶ᠋ᠢᠨ ᠰᠠᠯᠬᠢᠨ ᠬᠦᠴᠦ ᠵᠢᠨ ᠴᠠᠬᠢᠯᠭᠠᠨ ᠭᠡᠷᠡᠯᠴᠢ ᠴᠡᠨᠡᠭ ᠤ᠋ᠨ ᠰᠠᠭᠤᠷᠢᠨ ᠤ᠋ ᠲᠥᠷᠥᠯ ᠵᠦᠶ᠋ᠯ ᠤ᠋ᠨ ᠪᠠᠷᠢᠯᠭ᠎ᠠ ᠡᠬᠢᠯᠡᠭᠦᠯᠬᠦ ᠵᠢ ᠠᠬᠢᠭᠤᠯᠵᠤ᠂ ᠵᠢᠱ᠌ᠢᠯᠲᠡ ᠪᠡᠷ ᠡᠨᠡ ᠵᠢᠯ ᠳ᠋ᠤ ᠪᠥᠬᠥ᠌ ᠣᠷᠣᠨ ᠤ᠋ ᠱᠢᠨ᠎ᠡ ᠡᠨᠧᠷᠭᠢ ᠶ᠋ᠢᠨ ᠴᠠᠬᠢᠯᠭᠠᠨ ᠲᠤᠤᠷ ᠲᠦ᠍ ᠨᠡᠢᠯᠡᠭᠦᠯᠬᠦ᠌ ᠮᠠᠱᠢᠨ ᠴᠣᠭ᠍ᠴᠠᠯᠠᠪᠤᠷᠢ ᠶ᠋ᠢᠨ ᠬᠡᠪᠴᠢᠶ᠎ᠡ 9000 ᠲᠦᠮᠡᠨ ᠬᠢᠯᠦᠸᠠᠲ ᠢ᠋ ᠳᠠᠪᠠᠬᠤ ᠪᠤᠯᠤᠨ᠎ᠠ᠃

ᠡᠨᠧᠷᠭᠢ ᠶ᠋ᠢᠨ ᠠᠵᠤ ᠦᠶ᠋ᠯᠡᠰ ᠪᠣᠯ ᠥᠪᠥᠷ ᠮᠣᠩᠭᠣᠯ ᠤ᠋ᠨ ᠭᠤᠤᠯ ᠪᠤᠯᠬᠤ ᠠᠵᠤ ᠦᠶ᠋ᠯᠡᠰ ᠤ᠋ᠨ ᠨᠢᠭᠡ ᠮᠥᠨ᠂ ᠪᠠᠰᠠ ᠴᠤ᠌ ᠠᠵᠤ ᠦᠶ᠋ᠯᠡᠰ ᠤ᠋ᠨ ᠬᠡᠯᠪᠡᠷᠢ ᠪᠡᠨ ᠬᠤᠪᠢᠷᠠᠭᠤᠯᠤᠨ ᠲᠠᠰ ᠳᠡᠪᠱᠢᠬᠦᠯᠬᠦ ᠭᠤᠤᠯ ᠲᠡᠢᠨ ᠤ᠋ ᠲᠠᠯᠠᠪᠤᠷ ᠮᠥᠨ᠃ ᠣᠯᠠᠨ ᠵᠢᠯ ᠤ᠋ᠨ ᠲᠤᠷᠰᠢ ᠥᠪᠥᠷ ᠮᠣᠩᠭᠣᠯ ᠤ᠋ᠨ ᠡᠨᠧᠷᠭᠢ ᠶ᠋ᠢᠨ ᠠᠵᠤ ᠠᠬᠤᠶ ᠶ᠋ᠢᠨ ᠣᠯᠠᠨ ᠵᠦᠶ᠋ᠯ ᠤ᠋ᠨ ᠭᠦᠶ᠋ᠴᠡᠳᠭᠡᠯ ᠲᠣᠭ᠎ᠠ ᠪᠥᠬᠥ᠌ ᠤᠯᠤᠰ ᠤ᠋ᠨ ᠲᠦᠷᠦᠬᠦᠨ ᠳ᠋ᠤ ᠤᠷᠤᠭᠰᠠᠭᠠᠷ ᠢᠷᠡᠪᠡ᠃ ᠤᠯᠤᠰ ᠤ᠋ᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ ᠶ᠋ᠢᠨ ᠡᠬᠢ ᠪᠠᠶᠠᠯᠢᠭ ᠤ᠋ᠨ ᠰᠠᠭᠤᠷᠢᠨ ᠢ᠋ ᠪᠦᠳᠦᠭᠡᠨ ᠪᠠᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠲᠤᠱᠢᠶᠠᠭ᠍ᠰᠠᠨ ᠲᠠᠪᠤᠨ ᠶᠡᠬᠡ ᠡᠭᠦᠷᠭᠡ ᠶ᠋ᠢᠨ ᠨᠢᠭᠡ ᠪᠣᠯᠤᠨ᠎ᠠ᠃ ᠣᠢᠷ᠎ᠠ ᠶ᠋ᠢᠨ ᠵᠢᠯ ᠳ᠋ᠤ ᠥᠪᠥᠷ ᠮᠣᠩᠭᠣᠯ ᠱᠢᠨ᠎ᠡ ᠡᠨᠧᠷᠭᠢ ᠶ᠋ᠢᠨ ᠬᠥᠭ᠌ᠵᠢᠯᠲᠡ ᠶ᠋ᠢᠨ ᠲᠡᠦᠬᠡᠨ ᠠᠵᠠ ᠲᠣᠬᠢᠶᠠᠯ ᠢ᠋ ᠠᠮᠵᠢᠵᠤ᠂ ᠱᠢᠨ᠎ᠡ ᠡᠨᠧᠷᠭᠢ ᠶ᠋ᠢᠨ ᠠᠵᠤ ᠦᠶ᠋ᠯᠡᠰ ᠤ᠋ᠨ ᠥᠨᠳᠥᠷᠯᠢᠭ ᠢ᠋ ᠪᠥᠬᠥ᠌ ᠬᠦᠴᠦᠨ ᠶ᠋ᠢᠡᠷ ᠶ᠋ᠢᠡᠨ ᠴᠣᠭ᠍ᠴᠠᠯᠠᠪᠠ᠃

ᠪᠦᠬᠦ᠌ ᠤᠯᠤᠰ ᠤ᠋ᠨ ᠤᠯᠤᠰ ᠲᠦᠷᠦ᠍ ᠶ᠋ᠢᠨ ᠵᠥᠪᠯᠡᠯᠭᠡᠨ ᠤ᠋ ᠭᠡᠱᠢᠭᠦᠨ᠂ ᠥᠪᠥᠷ ᠮᠣᠩᠭᠣᠯ ᠤ᠋ᠨ ᠳ᠋ᠦᠸᠸ ᠮᠸᠩ ᠳ᠋ᠸ ᠠᠵᠤ ᠦᠢᠯᠡᠰ ᠤ᠋ᠨ ᠪᠦᠯᠦᠭ᠌ᠯᠡᠯ ᠤ᠋ᠨ ᠬᠡᠷᠡᠭ ᠮᠡᠳᠡᠭ᠌ᠴᠢᠳ ᠤ᠋ᠨ ᠳᠠᠷᠤᠭ᠎ᠠ ᠱ᠌ᠢ ᠯᠸᠢ᠄ 《ᠥᠪᠡᠷᠲᠡᠭᠡᠨ ᠵᠠᠰᠠᠬᠤ ᠣᠷᠣᠨ ᠤ᠋ ᠨᠡᠢᠲᠡᠯᠡᠭ᠌ᠰᠡᠨ ᠱᠢᠨ᠎ᠡ ᠡᠨᠧᠷᠭᠢ ᠶ᠋ᠢᠨ ᠬᠥᠭ᠌ᠵᠢᠯᠲᠡ ᠶ᠋ᠢ ᠳᠡᠮᠵᠢᠬᠦ᠌ ᠠᠯᠢ ᠤᠯᠠᠨ ᠲᠦᠷᠦ᠍ ᠶ᠋ᠢᠨ ᠪᠤᠳᠤᠯᠭ᠎ᠠ ᠠᠷᠭ᠎ᠠ ᠬᠡᠮᠵᠢᠶ᠎ᠡ ᠨᠢ ᠪᠢᠳᠡᠨ ᠢ᠋ ᠮᠠᠰᠢ ᠶᠡᠬᠡ ᠤᠷᠮᠠᠱᠢᠭᠤᠯᠵᠠᠢ᠂ ᠥᠪᠥᠷ ᠮᠣᠩᠭᠣᠯ ᠰᠠᠯᠬᠢ ᠭᠡᠷᠡᠯ ᠤ᠋ᠨ ᠡᠬᠢ ᠪᠠᠶᠠᠯᠢᠭ ᠢ᠋ ᠨᠡᠭᠡᠭᠡᠨ ᠠᠱᠢᠭ᠍ᠯᠠᠬᠤ ᠪᠠ ᠱᠢᠨ᠎ᠡ ᠡᠨᠧᠷᠭᠢ ᠶ᠋ᠢᠨ ᠲᠤᠨᠤᠭ ᠲᠥᠬᠥᠭᠡᠷᠦᠮᠵᠢ ᠦᠢᠯᠡᠳᠬᠦ᠌ ᠲᠦᠷᠦᠯ ᠵᠦᠢᠯ ᠤ᠋ᠨ ᠪᠦᠳᠦᠭᠡᠨ ᠪᠠᠢᠭᠤᠯᠤᠯᠲᠠ ᠶ᠋ᠢ ᠬᠠᠮᠵᠢᠯᠴᠠᠨ ᠠᠬᠢᠭᠤᠯᠬᠤ᠎ᠶ᠋ᠢ ᠰᠠᠨᠠᠭᠤᠯᠵᠤ ᠪᠠᠢᠨ᠎ᠠ᠂ ᠪᠢᠳᠡᠡ ᠰᠢᠭ ᠡᠢᠮᠦ᠍ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠢᠯᠠᠯ ᠡᠨᠧᠷᠭᠢ ᠶ᠋ᠢᠨ ᠲᠦᠷᠦᠯ ᠵᠦᠢᠯ ᠤ᠋ᠨ ᠪᠦᠳᠦᠭᠡᠨ ᠪᠠᠢᠭᠤᠯᠤᠯᠲᠠ ᠪᠠ ᠡᠵᠡᠩᠨᠡᠯᠲᠡ ᠳ᠋ᠤ ᠨᠡᠩ ᠤᠯᠠᠨ ᠣᠷᠣᠯᠴᠠᠵᠤ᠂ ᠱᠢᠨ᠎ᠡ ᠡᠨᠧᠷᠭᠢ ᠶ᠋ᠢᠨ ᠬᠥᠭ᠌ᠵᠢᠯᠲᠡ ᠶ᠋ᠢᠨ ᠠᠱᠢᠭ ᠢ᠋ ᠨᠡᠩ ᠤᠯᠠᠨ ᠡᠳ᠋ᠯᠡᠬᠦ ᠵᠢ ᠬᠦᠰᠡᠵᠦ᠍ ᠪᠠᠢᠨ᠎ᠠ》 ᠭᠡᠵᠦ ᠶᠠᠷᠢᠨ᠎ᠠ᠃

ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠂ ᠳᠤᠮᠳᠠᠳᠤ ᠤᠯᠤᠰ ᠤ᠋ᠨ ᠲᠡᠮᠦᠷ ᠵᠠᠮ ᠤ᠋ᠨ ᠬᠥᠬᠡᠬᠣᠲᠠ ᠶ᠋ᠢᠨ ᠲᠡᠮᠦᠷ ᠵᠠᠮ ᠤ᠋ᠨ ᠲᠣᠪᠴᠢᠶ᠎ᠠ ᠶ᠋ᠢᠨ ᠪᠦᠯᠦᠭ᠌ᠯᠡᠯ ᠺᠤᠮᠫᠠᠨᠢ ᠵᠢᠨ ᠨᠠᠮ ᠤ᠋ᠨ ᠬᠣᠷᠢᠶᠠᠨ ᠤ᠋ ᠱᠦᠵᠢ ᠂ ᠬᠡᠷᠡᠭ ᠮᠡᠳᠡᠭ᠌ᠴᠢᠳ ᠤ᠋ᠨ ᠳᠠᠷᠤᠭ᠎ᠠ ᠵᠤᠸᠠᠩ ᠾᠧ ᠄《ᠮᠠᠨ ᠤ᠋ ᠱᠢᠰᠲ᠋ᠧᠮ ᠤ᠋ᠨ ᠬᠢᠨ ᠲᠠᠪᠤᠨ ᠶᠡᠬᠡ ᠡᠭᠦᠷᠭᠡ᠎ᠶ᠋ᠢ ᠨᠠᠢᠳᠠᠪᠤᠷᠢᠵᠢᠭᠤᠯᠬᠤ ᠲᠣᠭᠣᠷᠢᠨ ᠳ᠋ᠤ ᠵᠠᠮ ᠤ᠋ᠨ ᠲᠤᠤᠷ ᠤ᠋ᠨ ᠪᠦᠲᠦᠴᠡ ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌ ᠶ᠋ᠢᠨ ᠬᠠᠮᠲᠤ ᠵᠠᠬ᠎ᠠ ᠳᠡᠯᠭᠡᠭᠦᠷ ᠲᠦ᠍ ᠨᠠᠩ ᠰᠠᠢᠨ ᠵᠣᠬᠢᠴᠠᠭᠰᠠᠨ᠂ ᠲᠦᠷᠭᠡᠨ ᠪᠥᠭᠡᠳ ᠥᠨᠳᠥᠷ ᠪᠦᠲᠦᠮᠵᠢᠲᠡᠶ᠂ ᠴᠢᠳᠠᠪᠤᠷᠢ ᠬᠦᠴᠦᠨ ᠵᠢᠡᠷ ᠭᠦᠶ᠋ᠴᠡᠳ ᠠᠶᠠᠨᠴᠢᠨ ᠪᠠ ᠪᠠᠷᠠᠭᠠᠨ ᠤ᠋ ᠲᠡᠭᠡᠭᠡᠪᠦᠷᠢ ᠶ᠋ᠢᠨ ᠦᠶ᠋ᠯᠡᠳᠬᠦᠨ ᠢ᠋ ᠨᠠᠩ ᠣᠯᠠᠨ ᠬᠠᠩᠭᠠᠵᠤ᠂ ᠰᠠᠭᠠᠳ ᠥᠬᠡᠶ ᠨᠡᠪᠲᠡᠷᠡᠬᠦ ᠵᠢ ᠪᠠᠲᠤᠯᠠᠬᠤ ᠳᠤᠮᠳᠠ ᠨᠠᠩ ᠣᠯᠠᠨ ᠬᠡᠷᠡᠭ᠌ᠯᠡᠭᠡᠨ ᠤ᠋ ᠬᠡᠷᠡᠭ᠌ᠴᠡᠭᠡ ᠶ᠋ᠢ ᠡᠭᠦᠳᠦᠨ᠎ᠡ᠃ ᠡᠭᠦᠨ ᠤ᠋ ᠬᠠᠮᠲᠤ 〈ᠨᠢᠭᠡ ᠪᠦᠰᠡ ᠨᠢᠭᠡ ᠵᠠᠮ〉 ᠢ᠋ ᠬᠠᠮᠲᠤ ᠪᠠᠷ ᠪᠥᠲᠥᠭᠡᠨ ᠪᠠᠢᠭᠤᠯᠬᠤ ᠪᠠ ᠥᠪᠡᠷᠲᠡᠭᠡᠨ ᠵᠠᠰᠠᠬᠤ ᠣᠷᠣᠨ ᠤ᠋ ᠤᠮᠠᠷᠠᠰᠢ ᠨᠡᠭᠡᠭᠡᠯᠲᠡ ᠬᠢᠬᠦ᠌᠎ᠳᠦ ᠪᠥᠬᠥ᠌ ᠬᠦᠴᠦᠨ ᠶ᠋ᠢᠡᠷ ᠦᠶ᠋ᠯᠡᠴᠢᠯᠡᠵᠦ᠍᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠶ᠋ᠢ ᠪᠥᠲᠥᠭᠡᠨ ᠪᠠᠢᠭᠤᠯᠬᠤ᠎ᠳᠤ ᠬᠦᠴᠦᠨ ᠴᠢᠳᠠᠯ ᠵᠢᠡᠨ ᠡᠷᠭᠦᠵᠦ᠍᠂ ᠤᠯᠤᠰ ᠤ᠋ᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠳᠤ ᠨᠠᠩ ᠰᠠᠢᠨ ᠦᠶ᠋ᠯᠡᠴᠢᠯᠡᠬᠦ᠌ ᠪᠠ ᠲᠤᠯᠭᠠᠭᠤᠷᠢᠯᠠᠨ᠎ᠠ》 ᠭᠡᠵᠦ ᠬᠡᠯᠡᠨ᠎ᠡ᠃

ᠣᠳᠣᠬᠠᠨ ᠳ᠋ᠤ᠌ ᠥᠪᠥᠷ ᠮᠣᠩᠭᠣᠯ ᠤ᠋ᠨ ᠤᠯᠤᠰ ᠤ᠋ᠨ ᠠᠮᠢ ᠠᠬᠤᠢ ᠵᠢᠨ ᠠᠮᠤᠷ ᠲᠦᠪᠰᠢᠨ᠂ ᠡᠨᠧᠷᠭᠢ ᠵᠢᠨ ᠠᠮᠤᠷ ᠲᠦᠪᠰᠢᠨ᠂ ᠠᠮᠤ ᠪᠤᠳᠠᠭᠠᠨ ᠤ᠋ ᠠᠮᠤᠷ ᠲᠦᠪᠰᠢᠨ᠂ ᠠᠵᠤ ᠦᠢᠯᠡᠰ ᠤ᠋ᠨ ᠠᠮᠤᠷ ᠲᠦᠪᠰᠢᠨ᠂ ᠬᠢᠯᠢ ᠬᠢᠵᠠᠭᠠᠷ ᠤ᠋ᠨ ᠠᠮᠤᠷ ᠲᠦᠪᠰᠢᠨ ᠢ᠋ ᠪᠠᠲᠤᠯᠠᠬᠤ ᠳᠤᠮᠳᠠᠬᠢ ᠬᠠᠷᠢᠭᠤᠴᠠᠯᠭ᠎ᠠ ᠨᠡᠩ ᠳᠣᠪᠣᠢᠮ᠎ᠠ ᠪᠣᠯᠵᠤ᠂︽ᠬᠣᠣᠰ ᠨᠡᠭᠦᠷᠡᠰᠦᠲᠥ᠋ᠷᠥᠭᠴᠢ︾ᠵᠢᠨ ᠠᠬᠤᠢ ᠪᠠᠢᠳᠠᠯ ᠳᠣᠣᠷ᠎ᠠ ᠡᠩ ᠤ᠋ᠨ ᠠᠵᠤ ᠦᠢᠯᠡᠳᠪᠤᠷᠢ ᠪᠠ ᠲᠠᠷᠢᠶᠠᠯᠠᠩ ᠤ᠋ᠨ ᠪᠦᠲᠦᠭᠡᠭᠳᠡᠬᠦᠨ ᠤ᠋ ᠪᠦᠬᠦ ᠤᠯᠤᠰ ᠤ᠋ᠨ ᠬᠥᠭᠵᠢᠯᠲᠡ ᠶ᠋ᠢ ᠪᠠᠲᠤᠯᠠᠬᠤ ᠦᠢᠯᠡᠳᠦᠯ᠂ ᠠᠵᠤ ᠠᠬᠤᠢ ᠵᠢᠨ ᠲᠣᠮᠣ ᠮᠣᠵᠢ ᠵᠢᠨ ᠬᠥᠭᠵᠢᠯᠲᠡ ᠳ᠋ᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠨᠡᠩ ᠳᠣᠪᠣᠢᠮ᠎ᠠ ᠪᠣᠯᠵᠤ᠂ ᠡᠨᠧᠷᠭᠢ᠂ ᠡᠬᠢ ᠪᠠᠶᠠᠯᠢᠭ᠂ ᠭᠠᠵᠠᠷ ᠣᠷᠣᠨ᠂ ᠬᠦᠷᠢᠶ᠎ᠡ ᠬᠡᠪᠴᠢᠶ᠎ᠡ ᠵᠡᠷᠭᠡ ᠲᠠᠯ᠎ᠠ ᠪᠠᠷ ᠬᠢ ᠶᠡᠷᠦᠩᠬᠡᠢ ᠳᠠᠪᠠᠭᠤᠯᠢᠭ ᠨᠡᠩ ᠳᠣᠪᠣᠢᠮ᠎ᠠ ᠪᠣᠯᠵᠤ ᠪᠣᠢ᠃

ᠬᠡᠷᠬᠢᠨ ᠠᠵᠠ ᠲᠣᠬᠢᠶᠠᠯ ᠢ᠋ ᠵᠠᠪᠳᠤᠨ ᠳᠠᠪᠠᠭᠤᠯᠢᠭ ᠵᠢᠡᠨ ᠪᠠᠳᠠᠷᠠᠭᠤᠯᠵᠤ᠂ ᠥᠷᠢᠰᠦᠯᠳᠦᠭᠡᠨ ᠢ᠋ ᠠᠷᠭᠠᠴᠠᠭᠠᠬᠤ ᠳᠤᠮᠳᠠ ᠬᠡᠯᠪᠡᠷᠢ ᠵᠢᠨ ᠬᠤᠪᠢᠷᠠᠯᠲᠠ ᠶ᠋ᠢ ᠠᠬᠢᠭᠤᠯᠤᠨ᠂ ᠲᠤᠳᠠᠭᠤᠳᠠᠯ ᠵᠢᠡᠨ ᠨᠥᠬᠥᠪᠥᠷᠢᠯᠡᠬᠦ ᠪᠣᠢ︖ ᠲᠥᠯᠥᠭᠡᠯᠡᠭᠴᠢ ᠭᠡᠰᠢᠭᠦᠳ ᠡᠴᠡ ᠡᠷᠬᠡᠪᠰᠢ ᠢᠲᠡᠭᠡᠯ ᠵᠣᠷᠢᠭ ᠵᠢᠡᠨ ᠴᠤᠭᠴᠠᠯᠠᠨ᠂ ᠡᠷᠴᠢ ᠵᠤᠷᠢᠭ ᠵᠢᠡᠨ ᠬᠦᠪᠴᠢᠯᠡᠵᠤ᠂ ᠬᠥᠭᠵᠢᠬᠦᠯᠬᠦ ᠵᠢ ᠭᠤᠢᠪᠢᠰᠢ ᠥᠬᠡᠢ ᠪᠠᠷᠢᠮᠲᠠᠯᠠᠨ᠂ ᠬᠥᠭᠵᠢᠯᠲᠡ ᠶ᠋ᠢ ᠲᠦᠷᠭᠡᠳᠭᠡᠨ᠂ ᠠᠤᠭ᠎ᠠ ᠰᠠᠨᠠᠭ᠎ᠠ ᠡᠷᠡᠯᠬᠡᠭ ᠵᠣᠷᠢᠭ ᠲᠠᠢ ᠪᠡᠷ ᠶᠡᠷᠦᠩᠬᠡᠢ ᠬᠡᠮᠵᠢᠶ᠎ᠡ ᠪᠡᠨ ᠨᠡᠮᠡᠭᠳᠡᠭᠦᠯᠵᠤ᠂ ᠡᠳ᠋ ᠬᠦᠷᠦᠩᠭᠡ ᠪᠡᠨ ᠭᠦᠢᠴᠡᠳ ᠬᠤᠷᠠᠮᠳᠤᠭᠤᠯᠬᠤ ᠬᠡᠷᠡᠭᠲᠡᠢ ᠭᠡᠵᠤ ᠰᠠᠨᠠᠯ ᠨᠢᠭᠡᠲᠡᠢ ᠬᠠᠷᠢᠭᠤᠯᠲᠠ ᠥᠭᠬᠦᠯ᠎ᠠ᠃

20 ᠭᠠᠷᠤᠢ ᠵᠢᠯ ᠳ᠋ᠤ ᠰᠦ ᠵᠢᠨ ᠠᠵᠤ ᠦᠢᠯᠡᠰ ᠤ᠋ᠨ ᠮᠡᠷᠭᠡᠵᠢᠯ ᠤ᠋ᠨ ᠰᠤᠳᠤᠯᠭᠠᠨ ᠤ᠋ ᠠᠵᠢᠯ ᠬᠢᠵᠦ ᠪᠠᠢᠭ᠎ᠠ ᠪᠦᠬᠦ ᠤᠯᠤᠰ ᠤ᠋ᠨ ᠠᠷᠠᠳ ᠤ᠋ᠨ ᠲᠦᠯᠦᠬᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢ᠂ ᠢᠯᠢ ᠪᠦᠯᠦᠭᠯᠡᠯ ᠤ᠋ᠨ ᠪᠦᠲᠦᠭᠡᠭᠳᠡᠬᠦᠨ ᠰᠤᠳᠤᠯᠤᠨ ᠨᠡᠬᠡᠬᠡᠬᠦ ᠨᠠᠷ᠎ᠠ ᠲᠦᠷᠦᠳᠤ ᠵᠠᠬᠢᠷᠤᠯ ᠸᠠᠩ ᠼᠠᠢ ᠶᠦᠨ ᠳᠤᠮᠳᠠᠳᠤ ᠤᠯᠤᠰ ᠤ᠋ᠨ ᠠᠷᠠᠳ ᠤᠯᠠᠨ ᠤ᠋ 《ᠤᠤᠭᠤᠬᠤ ᠰᠦ ᠲᠠᠢ》 ᠪᠤᠯᠤᠭᠰᠠᠨ ᠡᠴᠡ 《ᠰᠠᠢᠨ ᠰᠦ ᠤᠤᠭᠤᠬᠤ》 ᠪᠣᠯᠤᠭᠰᠠᠨ ᠶᠠᠪᠤᠴᠠ ᠶ᠋ᠢ ᠨᠢᠳᠦ᠎ᠪᠡᠷ ᠢ᠋ᠶ᠋ᠡᠨ ᠬᠠᠷᠠᠭᠰᠠᠨ ᠪᠥᠭᠡᠳ ᠳᠤᠮᠳᠠᠳᠤ ᠤᠯᠤᠰ ᠤ᠋ᠨ ᠰᠦ ᠵᠢᠨ ᠦᠢᠯᠡᠰ ᠤ᠋ᠨ ᠬᠡᠯᠪᠡᠷᠢ ᠪᠡᠨ ᠬᠤᠪᠢᠷᠠᠭᠤᠯᠤᠭᠰᠠᠨ ᠰᠢᠪᠲᠤᠯᠤᠯᠲᠠ ᠳ᠋ᠤ ᠪᠡᠶ᠎ᠡ ᠪᠡᠷ ᠵᠢᠡᠨ ᠤᠷᠤᠯᠴᠠᠭᠰᠠᠨ ᠠᠵᠢ᠃

《ᠪᠢ ᠪᠦᠯᠬᠦᠮ ᠤ᠋ᠨ ᠨᠦᠬᠦᠳ ᠲᠠᠢ ᠪᠡᠨ ᠬᠠᠮᠳᠤ ᠰᠤᠳᠤᠯᠤᠨ ᠨᠡᠭᠡᠭᠡᠭᠰᠡᠨ ᠠᠭᠰᠢᠭᠠᠮᠠᠯ ᠰᠢᠷᠠᠰᠤ ᠵᠢᠨ ᠤᠭᠤᠷᠠᠭ ᠤ᠋ᠨ ᠲᠥᠬᠥᠭᠡᠷᠦᠮᠵᠢ ᠶ᠋ᠢᠨ ᠦᠢᠯᠡᠳᠬᠡᠯ ᠤ᠋ᠨ ᠮᠡᠷᠭᠡᠵᠢᠯ ᠨᠢ ᠭᠠᠳᠠᠭᠠᠳᠤ ᠵᠢᠨ ᠮᠡᠷᠭᠡᠵᠢᠯ ᠤ᠋ᠨ ᠭᠠᠭᠴᠠᠭᠠᠷ ᠡᠵᠡᠮᠰᠢᠯ ᠢ᠋ ᠡᠴᠦᠰᠯᠡᠭᠦᠯᠪᠠ; ᠰᠤᠳᠤᠯᠤᠨ ᠨᠡᠭᠡᠭᠡᠭᠰᠡᠨ ᠠᠰᠢᠭᠲᠤ ᠪᠠᠺᠲᠸᠷᠢ ᠵᠢᠨ ᠰᠢᠨ᠎ᠡ ᠮᠠᠶᠢᠭ ᠤ᠋ᠨ ᠳᠠᠮᠵᠢᠭᠤᠯᠬᠤ ᠮᠡᠷᠭᠡᠵᠢᠯ ᠨᠢ ᠣᠯᠠᠨ ᠤᠯᠤᠰ ᠤ᠋ᠨ ᠲᠡᠷᠢᠭᠦᠨ ᠤ᠋ ᠲᠦᠪᠰᠢᠨ ᠳ᠋ᠤ ᠬᠦᠷᠴᠤ᠂ ᠦᠢᠯᠡᠳᠪᠦᠷᠢᠯᠡᠭᠰᠡᠨ ᠦᠢᠯᠡᠳᠬᠦᠨ ᠤ᠋ ᠰᠢᠨ᠎ᠡ ᠰᠣᠷᠭᠣᠭ ᠢ᠋ ᠪᠠᠲᠤᠯᠠᠬᠤ ᠪᠠ ᠬᠥᠩᠭᠡᠨ ᠪᠤᠭᠤᠳᠠᠯ ᠪᠠᠭᠯᠠᠭ᠎ᠠ ᠵᠢᠨ ᠰᠢᠷᠢᠰ ᠮᠡᠷᠭᠡᠵᠢᠯ ᠴᠦ᠍ ᠭᠠᠳᠠᠭᠠᠳᠤ ᠵᠢᠨ ᠮᠡᠷᠭᠡᠵᠢᠯ ᠤ᠋ᠨ ᠭᠠᠭᠴᠠᠭᠠᠷ ᠡᠵᠡᠮᠰᠢᠯ ᠢ᠋ ᠡᠴᠦᠰᠯᠡᠭᠦᠯᠪᠠ᠃ ᠪᠢᠳᠡ ᠲᠠᠰᠤᠷᠠᠯᠲᠠ ᠦᠭᠡᠢ ᠪᠡᠷ ᠮᠡᠷᠭᠡᠵᠢᠯ ᠤ᠋ᠨ ᠰᠢᠪᠲᠤᠯᠤᠯᠲᠠ ᠪᠠ ᠰᠤᠳᠤᠯᠤᠨ ᠨᠡᠭᠡᠭᠡᠬᠦ ᠰᠢᠨ᠎ᠡ ᠡᠬᠦᠳᠦᠯᠳᠡ ᠪᠡᠷ ᠲᠠᠮᠵᠢᠨ ᠰᠦ ᠵᠢᠨ ᠦᠢᠯᠡᠰ ᠤ᠋ᠨ ᠬᠥᠭᠵᠢᠯᠲᠡ ᠶ᠋ᠢ ᠠᠬᠢᠭᠤᠯᠬᠤ ᠪᠣᠯᠤᠨ᠎ᠠ︾ᠭᠡᠵᠦ ᠸᠠᠩ ᠼᠠᠢ ᠶᠦᠨ ᠬᠡᠯᠡᠨ᠎ᠡ ᠃

ᠪᠦᠬᠦ ᠤᠯᠤᠰ ᠤ᠋ᠨ ᠤᠯᠤᠰ ᠲᠦᠷᠦ ᠵᠢᠨ ᠵᠦᠪᠯᠡᠯᠭᠡᠨ ᠤ᠋ ᠭᠡᠰᠢᠭᠦᠨ᠂ ᠪᠤᠭᠤᠲᠤ ᠬᠣᠲᠠ ᠵᠢᠨ ᠰᠠᠢ ᠪᠧᠢ ᠮᠠᠰᠢᠨ ᠮᠧᠬᠠᠨᠢᠭ ᠤ᠋ᠨ ᠲᠥᠬᠥᠭᠡᠷᠦᠮᠵᠢ ᠵᠢᠨ ᠬᠢᠵᠠᠭᠠᠷᠲᠤ ᠺᠣᠮᠫᠠᠨᠢ ᠵᠢᠨ ᠬᠡᠷᠡᠭ ᠮᠡᠳᠡᠭᠴᠢᠳ ᠤ᠋ᠨ ᠳᠠᠷᠤᠭ᠎ᠠ ᠸᠠᠩ ᠪᠢᠨ ᠄ 《ᠳᠠᠷᠠᠭᠠᠴᠢ ᠪᠡᠷ ᠰᠠᠢ ᠪᠧᠢ ᠺᠤᠮᠫᠠᠨᠢ ᠬᠥᠭᠵᠢᠯᠲᠡ ᠵᠢᠨ ᠠᠵᠠ ᠲᠣᠬᠢᠶᠠᠯ ᠢ᠋ ᠠᠳᠬᠤᠨ ᠭᠣᠣᠯᠯᠠᠬᠤ ᠮᠡᠷᠭᠡᠵᠢᠯ ᠢ᠋ ᠪᠣᠢᠵᠢᠭᠤᠯᠵᠤ᠂ ᠲᠤᠯᠭᠠᠭᠤᠷᠢ ᠦᠢᠯᠡᠳᠬᠦᠨ ᠢ᠋ ᠬᠥᠭᠵᠢᠭᠦᠯᠤᠨ᠂ ᠭᠣᠣᠯᠯᠠᠬᠤ ᠥᠷᠢᠰᠦᠯᠳᠦᠬᠦ ᠬᠦᠴᠦᠨ ᠢ᠋ᠶ᠋ᠡᠨ ᠴᠢᠩᠭᠠᠷᠠᠭᠤᠯᠵᠤ᠂ ᠺᠣᠮᠫᠠᠨᠢ ᠪᠠᠨ ᠠᠵᠢᠯ ᠲᠥᠷᠥᠯ ᠤ᠋ᠨ ᠵᠢᠡᠨ ᠲᠤᠳᠤᠷ᠎ᠠ ᠵᠣᠬᠢᠬᠤ ᠨᠥᠯᠥᠭᠡᠯᠡᠬᠦ ᠬᠦᠴᠦᠨ ᠲᠡᠢ ᠴᠡᠷᠢᠭ ᠤ᠋ᠨ ᠬᠡᠷᠡᠭᠯᠡᠭᠡ ᠠᠷᠠᠳ ᠤ᠋ᠨ ᠬᠠᠮ ᠬᠦᠭᠵᠢᠬᠦᠯᠤᠯᠳᠡ ᠵᠢᠨ ᠠᠵᠤ ᠠᠬᠤᠢᠯᠠᠯ ᠪᠤᠯᠭᠠᠨ ᠪᠠᠢᠭᠤᠯᠬᠤ᠎ᠪᠠᠷ ᠬᠦᠴᠦᠯᠡᠨ ᠴᠢᠷᠮᠠᠢᠨ᠎ᠠ》 ᠭᠡᠪᠡ᠃

ᠥᠪᠥᠷ ᠮᠣᠩᠭᠣᠯ ᠤᠳᠤ ᠶᠠᠭ ᠨᠡᠩ ᠥᠨᠳᠥᠷ ᠵᠣᠭᠰᠣᠴᠠ᠂ ᠨᠡᠩ ᠥᠷᠭᠡᠨ ᠬᠠᠷᠠᠭᠠᠰᠤ᠂ ᠨᠡᠩ ᠶᠡᠬᠡ ᠪᠠᠢᠷᠢᠰᠢᠯ ᠢ᠋ᠶ᠋ᠠᠷ ᠶᠡᠷᠦᠩᠬᠡᠢ ᠬᠡᠮᠵᠢᠶ᠎ᠡ ᠶ᠋ᠢ ᠶᠡᠬᠡᠰᠭᠡᠬᠦ᠂ ᠡᠳ᠋ ᠬᠥᠷᠥᠩᠭᠡ ᠪᠡᠨ ᠭᠦᠢᠴᠡᠳ ᠬᠤᠷᠠᠮᠳᠤᠭᠤᠯᠬᠤ ᠡᠷᠡᠰ ᠪᠠᠲᠤ ᠠᠯᠬᠤᠮ ᠢ᠋ ᠠᠯᠬᠤᠵᠤ᠂ ᠴᠢᠨᠠᠷ ᠰᠠᠢᠲᠠᠢ ᠬᠥᠭᠵᠢᠯᠲᠡ ᠵᠢᠨ ᠰᠢᠨ᠎ᠡ ᠬᠥᠳᠡᠯᠭᠡᠬᠦ ᠬᠦᠴᠦᠨ ᠢ᠋ ᠬᠥᠭᠵᠢᠭᠡᠨ᠂ ᠶᠡᠬᠡ ᠲᠠᠯ᠎ᠠ ᠳ᠋ᠤ᠌ ᠦᠢᠯᠡᠴᠢᠯᠡᠬᠦ ᠳᠤᠮᠳᠠ ᠨᠡᠩ ᠣᠯᠠᠨ ᠬᠥᠭᠵᠢᠯᠲᠡ ᠵᠢᠨ ᠣᠷᠣᠨ ᠵᠠᠢ ᠶ᠋ᠢ ᠲᠡᠮᠡᠴᠡᠨ ᠣᠯᠵᠤ᠂ ᠳᠤᠮᠳᠠᠳᠤ ᠤᠯᠤᠰ ᠤ᠋ᠨ ᠮᠠᠶᠢᠭ ᠤ᠋ᠨ ᠤᠳᠤᠬᠢᠴᠢᠯᠠᠯᠲᠠ ᠵᠢᠨ ᠪᠦᠲᠦᠭᠡᠨ ᠪᠠᠢᠭᠤᠯᠤᠯᠲᠠ ᠵᠢᠨ ᠠᠬᠢᠴᠠ ᠳ᠋ᠤ ᠨᠡᠩ ᠰᠦᠷ ᠳᠠᠯᠠᠢᠴᠠᠲᠠᠢ ᠥᠪᠥᠷ ᠮᠣᠩᠭᠣᠯ ᠤ᠋ᠨ ᠬᠦᠴᠦᠨ ᠴᠢᠳᠠᠯ ᠵᠢᠡᠨ ᠡᠷᠬᠦᠬᠦ ᠪᠡᠷ ᠴᠢᠷᠮᠠᠢᠵᠤ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面