2023-03-07 10:11:07
ᠤᠷᠢᠬᠠᠨ ᠬᠠᠪᠤᠷ᠎ᠤᠨ ᠭᠤᠷᠪᠠᠨ ᠰᠠᠷ᠎ᠠ᠎ᠳᠤ ᠂ ᠪᠡᠭᠡᠵᠢᠩ᠎ᠳᠦ ᠬᠤᠷᠠᠯᠳᠤᠭ᠍ᠰᠠᠨ ᠪᠦᠬᠦ᠌ ᠤᠯᠤᠰ᠎ᠤᠨ ᠬᠣᠶᠠᠷ ᠬᠤᠷᠠᠯ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠵᠤ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠂ ᠴᠢᠨᠠᠷ ᠰᠠᠢᠲᠠᠢ ᠬᠥᠭ᠌ᠵᠢᠯᠲᠡ ᠵᠡᠷᠭᠡ ᠨᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠠᠭᠤᠴᠢᠯᠠᠭᠤᠷ᠎ᠤᠨ ᠠᠩᠬᠠᠷᠤᠯ᠎ᠢ ᠲᠠᠲᠠᠭ᠍ᠰᠠᠨ ᠬᠠᠯᠠᠮᠱᠢᠯ ᠦᠭᠡ ᠪᠣᠯᠪᠠ᠃
ᠥᠪᠥᠷ ᠮᠣᠩᠭᠣᠯ᠎ᠤᠨ ᠡᠬᠡ ᠭᠠᠵᠠᠷ᠎ᠲᠤ ᠂ ᠠᠵᠤ ᠠᠬᠤᠶ᠎ᠶ᠋ᠢᠨ ᠲᠠᠰ ᠳᠡᠪᠱᠢᠬᠦ᠌᠎ᠶ᠋ᠢ ᠠᠬᠢᠭᠤᠯᠬᠤ ᠂ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠪᠤᠵᠠᠭᠠᠢᠷᠠᠭᠤᠯᠬᠤ ᠠᠵᠢᠯᠯᠠᠭ᠎ᠠ ᠴᠤ᠌ ᠰᠦᠷ ᠳᠠᠯᠠᠢᠴᠠᠲᠠᠶ ᠶᠠᠪᠤᠭ᠍ᠳᠠᠵᠤ ᠪᠠᠢᠨ᠎ᠠ᠃ ᠤᠯᠠᠭᠠᠨᠬᠠᠳᠠ ᠬᠣᠲᠠ 《ᠮᠥᠩᠭᠥᠨ ᠭᠦᠶ᠋ᠯᠭᠡᠭᠡ ᠪᠡᠷ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ》 ᠵᠠᠰᠠᠭ ᠪᠠᠩᠬᠢ ᠠᠵᠤ ᠠᠬᠤᠢᠯᠠᠯ᠎ᠤᠨ ᠵᠣᠯᠭᠠᠯᠴᠠᠭᠠᠨᠤ ᠬᠤᠷᠠᠯ ᠬᠤᠷᠠᠯᠳᠤᠭᠤᠯᠵᠤ ᠂ ᠬᠥᠭ᠌ᠵᠢᠯᠲᠡ᠎ᠶ᠋ᠢᠨ ᠳᠤᠲᠠᠭᠤᠳᠠᠯ᠎ᠢ ᠨᠥᠬᠥᠪᠥᠷᠢᠯᠡᠬᠦ᠌ 151 ᠲᠥᠷᠥᠯ ᠵᠦᠶ᠋ᠯ᠎ᠳᠦ 455.9 ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠎ᠶ᠋ᠢ ᠨᠠᠢᠳᠠᠪᠤᠷᠢᠵᠢᠭᠤᠯᠪᠠ᠃ ᠣᠷᠳᠣᠰ ᠬᠣᠲᠠ᠎ᠶ᠋ᠢᠨ ᠵᠢᠯ᠎ᠳᠦ 40 ᠲᠦᠮᠡᠨ ᠲᠣᠨ ᠾᠯᠣᠷᠲᠤ ᠡᠲ᠋ᠧᠨᠦ ᠪᠥᠭᠡᠭᠡᠨᠡᠪᠦᠷᠢ ᠦᠶ᠋ᠯᠡᠳᠪᠦᠷᠢᠯᠡᠬᠦ᠌ ᠲᠥᠷᠥᠯ ᠵᠦᠶ᠋ᠯ᠎ᠨᠢ ᠮᠥᠩᠭᠥᠨ ᠤᠰᠤ ᠥᠬᠡᠶ ᠦᠶ᠋ᠯᠡᠳᠪᠦᠷᠢᠯᠡᠯ᠎ᠢ ᠪᠡᠶᠡᠯᠡᠭᠦᠯᠵᠦ᠍ ᠂ ᠳᠡᠭᠡᠳᠦ ᠲᠠᠰ᠎ᠤᠨ ᠦᠶ᠋ᠯᠡᠳᠬᠦ᠌ ᠦᠶ᠋ᠯᠡᠰ᠎ᠦᠨ ᠬᠥᠭ᠌ᠵᠢᠯᠲᠡ᠎ᠳᠦ ᠪᠣᠬᠢᠷᠲᠤᠯ ᠥᠬᠡᠶ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠪᠡ᠃ ᠬᠢᠩᠭᠠᠨ ᠠᠢᠮᠠᠭ( ᠪᠡᠭᠡᠵᠢᠩ ᠲᠢᠶᠠᠨᠵᠢᠨ ᠾᠧᠪᠸᠢ )᠎ᠤ᠋ᠨ ᠵᠢᠭᠤᠯᠴᠢᠯᠠᠯ᠎ᠤᠨ ᠲᠠᠨᠢᠯᠴᠠᠭᠤᠯᠬᠤ ᠬᠤᠷᠠᠯ ᠪᠡᠭᠡᠵᠢᠩ᠎ᠳᠦ ᠶᠠᠪᠤᠭ᠍ᠳᠠᠵᠤ᠂ ᠬᠢᠩᠭᠠᠨ ᠠᠢᠮᠠᠭ᠎ᠤᠨ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ ᠂ ᠠᠵᠤ ᠠᠬᠤᠢᠯᠠᠯ ᠬᠢᠭᠡᠳ ᠪᠡᠭᠡᠵᠢᠩ ᠬᠣᠲᠠ᠎ᠶ᠋ᠢᠨ ᠰᠣᠶᠣᠯ ᠵᠢᠭᠤᠯᠴᠢᠯᠠᠯ᠎ᠤᠨ ᠠᠵᠤ ᠠᠬᠤᠢᠯᠠᠯ 6 ᠵᠦᠶ᠋ᠯ᠎ᠦᠨ ᠵᠢᠭᠤᠯᠴᠢᠯᠠᠯ᠎ᠤᠨ ᠲᠥᠷᠥᠯ ᠵᠦᠶ᠋ᠯ᠎ᠦᠨ ᠬᠠᠮᠲᠤᠷᠠᠯᠴᠠᠭᠠᠨ᠎ᠤ ᠵᠥᠪᠯᠡᠯᠴᠡᠭᠡᠷ ᠲᠣᠭ᠍ᠲᠠᠪᠠ᠃
ᠪᠥᠬᠥ᠌ ᠣᠷᠣᠨ 2023 ᠣᠨ᠎ᠳᠤ 200 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠬᠤ ᠪᠡᠷ ᠲᠦᠯᠦᠪᠯᠡᠵᠦ᠂ ᠣᠳᠣᠬᠢᠴᠢᠯᠠᠭ᠍ᠰᠠᠨ ᠤᠰᠤᠨ ᠠᠱᠢᠭ᠍ᠯᠠᠯᠲᠠ᠎ᠶ᠋ᠢᠨ ᠲᠥᠷᠥᠯ ᠵᠦᠶ᠋ᠯ᠎ᠢ ᠲᠦᠷᠭᠡᠳᠭᠡᠨ ᠪᠠᠢᠭᠤᠯᠵᠤ ᠂ ᠣᠲᠣ ᠦᠶ᠎ᠡ᠎ᠶ᠋ᠢᠨ ᠤᠰᠤᠨ ᠠᠰᠢᠬᠯᠠᠯᠳᠠ ᠵᠢᠨ ᠲᠤᠤᠷ᠎ᠤᠨ ᠱᠢᠰᠲ᠋ᠧᠮ᠎ᠢ ᠠᠯᠬᠤᠮ ᠠᠯᠬᠤᠮ᠎ᠢᠶᠠᠷ ᠪᠠᠢᠭᠤᠯᠤᠨ ᠪᠦᠷᠢᠯᠳᠦᠭᠦᠯᠦᠨ᠎ᠡ᠃ ᠤᠯᠠᠭᠠᠨᠴᠠᠪ ᠬᠣᠲᠠ᠎ᠶ᠋ᠢᠨ᠎ᠬᠢᠨ 22262 ᠮᠥ᠍ ᠰᠤᠯᠠ ᠳᠠᠯᠪᠢᠬᠳᠠᠵᠦ ᠪᠠᠢᠭ᠎ᠠ ᠭᠠᠵᠠᠷ ᠱᠢᠷᠣᠶ᠎ᠶ᠋ᠢ ᠱᠢᠶ᠋ᠳᠪᠦᠷᠢᠯᠡᠵᠦ᠍ ᠂ ᠴᠢᠨᠠᠷ ᠰᠠᠢᠲᠠᠶ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠵᠢ ᠡᠬᠢᠯᠡᠬᠦᠯᠪᠡ᠃《ᠮᠧᠩ ᠱᠠᠩ ᠲᠣᠷᠭᠠᠨ ᠵᠠᠮ᠎ᠤᠨ ᠠᠶᠠᠯᠠᠯ》 ᠤ᠋ᠨ ᠠᠷᠠᠪ᠎ᠤᠨ ᠬᠣᠯᠪᠣᠭᠠᠲᠤ ᠠᠬᠠᠮᠠᠤᠳᠤ ᠤᠯᠤᠰ ᠂ ᠰᠠᠦ᠋ᠳᠢ ᠠᠷᠠᠪ᠎ᠤᠨ ᠭᠠᠳᠠᠭᠠᠳᠤ ᠠᠷᠠᠯᠵᠢᠶᠠᠨ᠎ᠤ ᠠᠵᠢᠯᠯᠠᠭ᠎ᠠ ᠡᠬᠢᠯᠡᠵᠦ᠍ ᠂ ᠮᠠᠨ᠎ᠤ ᠣᠷᠣᠨ 51 ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠢ ᠵᠣᠬᠢᠶᠠᠨ ᠪᠠᠢᠭᠤᠯᠤᠨᠳ᠋ᠢᠪᠠᠢᠳᠤ ᠬᠦᠷᠴᠦ᠍ ᠵᠠᠬᠢᠶᠠᠯᠠᠭ᠎ᠠ ᠠᠪᠴᠤ᠌ ᠂ ᠲᠥᠷᠥᠯ ᠵᠦᠶ᠋ᠯ᠎ᠦᠨ ᠦᠶ᠋ᠯᠡᠳᠬᠦᠨ᠎ᠦ ᠠᠷᠠᠯᠵᠢᠶᠠᠨ᠎ᠤ ᠬᠡᠮᠵᠢᠶ᠎ᠡ᠎ᠶ᠋ᠢ 3.8 ᠳ᠋ᠦᠩᠱᠢᠭᠤᠷ ᠲᠥᠭᠥᠷᠢᠭ ᠪᠡᠶᠡᠯᠡᠭᠦᠯᠪᠡ᠃ ᠲᠦᠩᠯᠢᠶᠣᠤ ᠬᠣᠲᠠ᠎ᠶ᠋ᠢᠨ 2022 ᠣᠨ᠎ᠤ ᠲᠥᠷᠥᠯ ᠵᠦᠶ᠋ᠯ᠎ᠳᠦ ᠪᠠᠯᠠ ᠮᠥᠩᠭᠥ᠌ ᠣᠷᠣᠭᠤᠯᠤᠨ ᠠᠪᠴᠢᠷᠠᠭ᠍ᠰᠠᠨ 《ᠭᠠᠪᠢᠶᠠᠲᠠᠨ》 ᠢ᠋ ᠬᠥᠬᠢᠭᠦᠯᠦᠨ ᠰᠠᠢᠱᠢᠶᠠᠬᠤ᠎ᠶ᠋ᠢᠨ ᠬᠠᠮᠲᠤ 2023 ᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠭ᠍ᠰᠠᠨ ᠲᠥᠷᠥᠯ ᠵᠦᠶ᠋ᠯ᠎ᠳᠦ ᠪᠠᠯᠠ ᠮᠥᠩᠭᠥ᠌ ᠣᠷᠣᠭᠤᠯᠤᠨ ᠠᠪᠴᠢᠷᠠᠭ᠍ᠰᠠᠨ ᠲᠡᠷᠢᠭᠦᠨ᠎ᠦ ᠬᠠᠮᠲᠤ ᠨᠢᠭᠡᠴᠢ ᠵᠢᠴᠢ ᠬᠤᠪᠢ ᠬᠥᠮᠦᠨ᠎ᠢ 2000 ᠲᠦᠮᠡᠨ ᠲᠥᠭᠥᠷᠢᠭ᠎ᠢᠶᠡᠷ ᠱᠠᠩᠨᠠᠬᠤ᠎ᠪᠠᠷ ᠲᠣᠭ᠍ᠲᠠᠪᠠ᠃ ᠪᠤᠭᠤᠲᠤ ᠬᠣᠲᠠ᠎ᠶ᠋ᠢᠨ 50 ᠰᠠᠶ᠎ᠠ ᠸᠠᠲ ᠲᠠᠷᠠᠬᠠᠶ ᠬᠡᠯᠪᠡᠷᠢ᠎ᠶ᠋ᠢᠨ ᠰᠠᠯᠬᠢᠨ ᠬᠦᠴᠦᠨ ᠵᠢᠡᠷ ᠴᠠᠬᠢᠯᠭᠠᠨ ᠭᠠᠷᠭᠠᠬᠤ ᠲᠥᠷᠥᠯ ᠵᠦᠶ᠋ᠯ ᠠᠱᠢᠭ᠍ᠯᠠᠯᠲᠠ᠎ᠳᠤ ᠣᠷᠣᠵᠤ ᠂ ᠵᠢᠯ ᠪᠦᠷᠢ 6630 ᠲᠦᠮᠡᠨ ᠺᠢᠯᠦᠸᠠᠲ ᠴᠠᠭ᠎ᠤᠨ ᠴᠡᠪᠡᠷ ᠴᠠᠬᠢᠯᠭᠠᠨ ᠡᠨᠧᠷᠭᠢ ᠬᠠᠩᠭᠠᠵᠤ ᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢ 52377 ᠲᠣᠨ ᠪᠠᠭᠠᠰᠭᠠᠨ᠎ᠠ᠃ ᠪᠠᠶᠠᠨᠨᠠᠭᠤᠷ ᠬᠣᠲᠠ᠎ᠶ᠋ᠢᠨ 93 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠬᠥᠭ᠌ᠵᠢᠶᠡᠨᠲᠡᠶ ᠶᠠᠪᠤᠭ᠍ᠳᠠᠵᠤ ᠪᠠᠢᠨ᠎ᠠ᠃
ᠣᠢᠯᠠᠭᠠᠭ᠍ᠰᠠᠨ᠎ᠢᠶᠠᠷ ᠂ ᠡᠨᠡ ᠵᠢᠯ ᠥᠪᠥᠷ ᠮᠣᠩᠭᠣᠯ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ 5000 ᠲᠦᠮᠡᠨ ᠲᠥᠭᠥᠷᠢᠭ᠎ᠡᠴᠡ ᠳᠡᠭᠡᠭ᠌ᠰᠢ ᠂ ᠠᠵᠤ ᠠᠬᠤᠢᠯᠠᠯ᠎ᠤᠨ ᠪᠠᠯᠠ ᠣᠷᠣᠭᠤᠯᠤᠯᠲᠠ ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ ᠴᠢᠨᠠᠷ ᠰᠠᠢᠲᠠᠶ ᠬᠥᠭ᠌ᠵᠢᠯᠲᠡ᠎ᠶ᠋ᠢᠨ ᠴᠢᠬᠤᠯᠠ ᠶᠡᠬᠡ ᠲᠥᠷᠥᠯ ᠵᠦᠶ᠋ᠯ᠎ᠢ 3168 ᠬᠡᠷᠡᠭ᠌ᠵᠢᠭᠦᠯᠬᠦ᠌᠎ᠪᠡᠷ ᠲᠥᠯᠥᠪᠯᠡᠵᠦ᠍ ᠂ ᠶᠡᠷᠦᠩᠬᠡᠶ ᠪᠠᠯᠠ ᠣᠷᠣᠭᠤᠯᠤᠯᠲᠠ᠎ᠨᠢ 3.2 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍ ᠂ ᠣᠨ᠎ᠤ ᠲᠥᠯᠥᠪᠯᠡᠭᠡ᠎ᠪᠡᠷ 7739 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠵᠦ᠍ ᠂ ᠨᠢᠳᠤᠨᠤᠨ᠎ᠤ᠎ᠬᠢ᠎ᠡᠴᠡ 1403 ᠳ᠋ᠦᠩᠱᠢᠭᠤᠷ ᠲᠥᠭᠥᠷᠢᠭ ᠨᠡᠮᠡᠭ᠌ᠳᠡᠨ᠎ᠡ᠃
ᠪᠦᠬᠦ᠌ ᠤᠯᠤᠰ᠎ᠤᠨ ᠬᠣᠶᠠᠷ ᠬᠤᠷᠠᠯ ᠶᠠᠭ ᠢᠳᠡ ᠬᠦᠭ ᠲᠠᠢ ᠶᠠᠪᠤᠭᠳᠠᠵᠦ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌᠎ᠶ᠋ᠢᠨ ᠲᠥᠯᠥᠭᠡ ᠂ ᠥᠪᠥᠷ ᠮᠣᠩᠭᠣᠯ ᠴᠥᠬᠥᠷᠡᠰᠢ ᠦᠭᠡᠢ ᠴᠢᠷᠮᠠᠢᠨ ᠤᠷᠤᠭ᠍ᠰᠢᠯᠠᠵᠤ ᠪᠠᠢᠨ᠎ᠠ᠃ ᠬᠦᠰᠡᠯ ᠵᠡᠭᠦᠳᠦ᠍᠎ᠪᠡᠨ ᠲᠡᠷᠭᠡᠯᠰᠢᠭᠦᠯᠬᠦ ᠠᠶᠠᠨ᠎ᠳᠤ ᠂ ᠥᠪᠥᠷ ᠮᠣᠩᠭᠣᠯ ᠶᠠᠭᠤᠨ᠎ᠳᠤ ᠠᠵᠤ ᠠᠬᠤᠢ᠎ᠶ᠋ᠢᠨ ᠲᠡᠰ ᠲᠡᠪᠱᠢᠬᠦᠶ᠋ᠢ ᠠᠬᠢᠭᠤᠯᠵᠤ ᠂ ᠠᠵᠤ ᠠᠬᠤᠢ᠎ᠶ᠋ᠢᠨ ᠶᠡᠷᠦᠩᠬᠡᠢ ᠬᠡᠮᠵᠢᠢ᠎ᠡ᠎ᠶ᠋ᠢ ᠪᠤᠵᠠᠭᠠᠢᠷᠠᠭᠤᠯᠬᠤ ᠪᠤᠢ?ᠦᠨᠠᠨ᠎ᠳᠡᠭᠡᠨ ᠥᠪᠥᠷ ᠮᠣᠩᠭᠣᠯ᠎ᠤᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ ᠶᠡᠬᠡ ᠪᠢᠰᠢ ᠂ ᠣᠷᠣᠨ ᠨᠤᠳᠤᠭ᠎ᠤᠨ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ ᠰᠠᠶᠢᠬᠠᠨ 2 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ ᠂ ᠪᠥᠬᠥ᠌ ᠤᠯᠤᠰ᠎ᠤᠨ 21 ᠳ᠋ᠤᠭᠡᠷ᠎ᠲᠦ ᠵᠢᠭ᠍ᠰᠠᠭᠠᠭ᠍ᠳᠠᠵᠤ ᠂ ᠣᠷᠣᠨ᠎ᠨᠤᠳᠤᠭ᠎ᠤᠨ ᠡᠨᠧᠷᠭᠢ᠎ᠶ᠋ᠢᠨ ᠡᠬᠢ ᠪᠠᠶᠠᠯᠢᠭ ᠵᠡᠷᠭᠡ ᠳᠠᠪᠠᠭᠤᠯᠢᠭ᠎ᠲᠠᠶ ᠵᠣᠬᠢᠴᠠᠯᠳᠤᠬᠤ ᠥᠬᠡᠶ ᠪᠠᠢᠵᠤ ᠂ ᠲᠦᠷᠭᠡᠨ ᠬᠥᠭ᠌ᠵᠢᠬᠦ᠌᠎ᠶ᠋ᠢ ᠲᠤᠯᠭᠠᠮ ᠱᠠᠭᠠᠷᠳᠠᠵᠤ ᠪᠠᠢᠨ᠎ᠠ᠃
《 ᠵᠣᠬᠢᠬᠤ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠪᠡᠷ ᠲᠦᠱᠢᠭ ᠲᠤᠯᠭᠠᠭᠤᠷᠢ ᠪᠣᠯᠭᠠᠪᠠᠯ ᠰᠠᠶᠢ ᠦᠷᠭᠦᠯᠵᠢᠯᠡᠨ ᠨᠡᠮᠡᠭ᠌ᠳᠡᠵᠦ᠍ ᠪᠠᠢᠭ᠎ᠠ ᠠᠵᠢᠯ ᠣᠯᠭᠣᠯᠲᠠ ᠪᠠ ᠣᠷᠣᠯᠭ᠎ᠠ᠎ᠶ᠋ᠢᠨ ᠬᠡᠷᠡᠭ᠌ᠴᠡᠭᠡ᠎ᠶ᠋ᠢ ᠬᠠᠩᠭᠠᠵᠤ ᠴᠢᠳᠠᠨ᠎ᠠ》 ᠭᠡᠵᠦ᠍ ᠥᠪᠥᠷ ᠮᠣᠩᠭᠣᠯ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠣᠯᠪᠣᠭ᠎ᠠ᠎ᠶ᠋ᠢᠨ ᠳᠡᠳ᠋ ᠲᠡᠷᠢᠭᠦᠯᠡᠭ᠌ᠴᠢ ᠵᠦ᠍ ᠱᠢᠶᠤᠤ ᠵᠢᠶᠦ᠋ᠨ ᠶᠠᠷᠢᠨ᠎ᠠ᠃
ᠠᠵᠤ ᠠᠬᠤᠶ᠎ᠶ᠋ᠢᠨ ᠲᠠᠰ ᠳᠡᠪᠱᠢᠬᠦ᠌᠎ᠶ᠋ᠢ ᠠᠬᠢᠭᠤᠯᠵᠤ ᠂ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠪᠤᠵᠠᠭᠠᠢᠷᠠᠭᠤᠯᠬᠤ᠎ᠶ᠋ᠢᠨ ᠲᠥᠯᠥᠭᠡ ᠂ ᠡᠨᠡ ᠵᠢᠯ᠎ᠦᠨ ᠡᠬᠢᠨ᠎ᠳᠦ ᠂ ᠥᠪᠥᠷ ᠮᠣᠩᠭᠣᠯ ᠳᠠᠢᠴᠢᠯᠠᠯᠲᠠ᠎ᠶ᠋ᠢᠨ ᠵᠠᠷᠯᠢᠭ ᠪᠠᠭᠤᠯᠭᠠᠪᠠ ᠄
《ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠥᠪᠥᠷ ᠮᠣᠩᠭᠣᠯ᠎ᠤᠨ ᠠᠵᠤ ᠠᠬᠤᠢ᠎ᠶ᠋ᠢᠨ ᠲᠡᠰ ᠳᠡᠪᠱᠢᠬᠦ᠌᠎ᠶ᠋ᠢ ᠠᠬᠢᠭᠤᠯᠤᠨ᠎ᠠ》
《ᠪᠢᠳᠡᠨ᠎ᠳᠦ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ᠎ᠶ᠋ᠢ ᠪᠦᠬᠦ᠌ ᠤᠯᠤᠰ᠎ᠤᠨ ᠳᠤᠮᠳᠠ ᠵᠡᠷᠭᠡ ᠵᠢᠨ ᠲᠦᠪᠱᠢᠨ᠎ᠳᠦ ᠬᠦᠷᠭᠡᠬᠦ᠌ ᠨᠥᠬᠥᠴᠡᠯ ᠲᠠᠢ ᠂ ᠢᠲᠡᠭᠡᠯ ᠵᠣᠷᠢᠭ ᠲᠠᠢ 》
ᠢᠲᠡᠭᠡᠯ ᠵᠣᠷᠢᠭ ᠬᠠᠮᠢᠭ᠎ᠠ᠎ᠠᠴᠠ ᠢᠷᠡᠳᠡᠭ ᠪᠤᠢ? ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭᠠᠰᠢ ᠂ ᠣᠷᠣᠨ ᠳᠠᠶᠠᠭᠠᠷ᠎ᠢᠶᠠᠨ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠂ ᠣᠨᠣᠪᠴᠢᠲᠠᠢ ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ ᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ ᠂ ᠡᠷᠡᠮᠡᠬᠡᠢᠯᠡᠨ ᠤᠷᠤᠭ᠍ᠰᠢᠯᠠᠬᠤ ᠳᠤᠮᠳᠠ ᠨᠡᠮᠡᠭ᠌ᠳᠡᠯ᠎ᠢ ᠲᠣᠭ᠍ᠲᠠᠪᠤᠷᠢᠵᠢᠭᠤᠯᠵᠤ ᠂ ᠪᠦᠲᠦᠴᠡ᠎ᠶ᠋ᠢ ᠲᠤᠬᠢᠷᠠᠭᠤᠯᠤᠨ ᠂ ᠥᠭᠡᠷᠡᠴᠢᠯᠡᠯᠲᠡ᠎ᠶ᠋ᠢ ᠠᠬᠢᠭᠤᠯᠵᠤ ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠵᠦ᠍ ᠂ ᠲᠡᠦᠬᠡᠳᠦ ᠣᠰᠣᠯᠳᠠᠬᠤ ᠦᠭᠡᠢ ᠠᠮᠵᠢᠯᠲᠠ ᠪᠦᠲᠦᠮᠵᠢ ᠵᠢᠨ ᠬᠠᠷᠢᠭᠤᠯᠲᠠ ᠥᠭ᠌ᠪᠡ᠃
5 ᠵᠢᠯ᠎ᠦᠨ ᠲᠤᠷᠰᠢ ᠂ ᠪᠥᠬᠥ᠌ ᠣᠷᠣᠨ᠎ᠤ ᠠᠮᠤ ᠪᠤᠳᠠᠭᠠᠨ᠎ᠤ ᠭᠠᠷᠤᠯᠲᠠ ᠪᠥᠬᠥ᠌ ᠤᠯᠤᠰ᠎ᠲᠤ ᠠᠷᠪᠠᠳᠤᠭᠠᠷ᠎ᠲᠤ ᠪᠠᠢᠭ᠍ᠰᠠᠨ᠎ᠠᠴᠠ᠎ᠪᠠᠨ ᠵᠢᠷᠭᠤᠳᠤᠭᠠᠷ᠎ᠲᠤ ᠣᠷᠣᠵᠤ ᠂ ᠦᠨᠢᠶᠡᠨ ᠰᠦ ᠂ ᠬᠣᠨᠢᠨ ᠮᠢᠬ᠎ᠠ ᠂ ᠦᠬᠡᠷ᠎ᠦᠨ ᠮᠢᠬ᠎ᠠ ᠪᠣᠯᠤᠨ ᠢᠮᠠᠭᠠᠨ ᠨᠣᠤᠯᠤᠭᠤᠷ ᠂ ᠲᠡᠵᠢᠭᠡᠯ ᠡᠪᠡᠰᠦᠨ᠎ᠦ ᠭᠠᠷᠤᠯᠲᠠ ᠪᠥᠬᠥ᠌ ᠤᠯᠤᠰ᠎ᠲᠤ ᠲᠡᠷᠢᠭᠦᠯᠡᠪᠡ᠃
5 ᠵᠢᠯ᠎ᠦᠨ ᠲᠤᠷᠰᠢ ᠂ ᠪᠦᠬᠦ᠌ ᠣᠷᠣᠨ ᠨᠡᠢᠲᠡ 53 ᠳ᠋ᠦᠩᠱᠢᠭᠤᠷ ᠭᠠᠷᠤᠶ ᠲᠣᠨ ᠨᠡᠬᠦᠷᠡᠰᠤ ᠦᠢᠯᠡᠳᠪᠤᠷᠢᠯᠡᠵᠦ ᠂ ᠴᠠᠬᠢᠯᠭᠠᠨ ᠭᠠᠷᠭᠠᠭ᠍ᠰᠠᠨ ᠬᠡᠮᠵᠢᠶ᠎ᠡ 2.9 ᠲᠦᠮᠡᠨ ᠳ᠋ᠦᠩᠱᠢᠭᠤᠷ ᠭᠷᠠᠳᠦ᠋ᠰ᠎ᠲᠦ ᠬᠦᠷᠴᠦ᠍ ᠂ ᠨᠡᠭᠦᠷᠡᠰᠦ ᠂ ᠴᠠᠬᠢᠯᠭᠠᠨ᠎ᠤ ᠪᠠᠲᠤᠯᠠᠭ᠎ᠠ ᠬᠠᠩᠭᠠᠯᠭ᠎ᠠ᠎ᠶ᠋ᠢᠨ ᠬᠡᠮᠵᠢᠶ᠎ᠡ ᠴᠥᠮ ᠪᠦᠬᠦ᠌ ᠤᠯᠤᠰ᠎ᠲᠸ᠋ ᠲᠡᠷᠢᠭᠦᠯᠡᠪᠡ᠃
5 ᠵᠢᠯ᠎ᠦᠨ ᠴᠢᠷᠮᠠᠢᠯᠭ᠎ᠠ᠎ᠪᠠᠷ ᠂ ᠪᠥᠬᠥ᠌ ᠣᠷᠣᠨ᠎ᠤ ᠲᠡᠮᠦᠷ ᠵᠠᠮ᠎ᠤᠨ ᠡᠵᠡᠩᠨᠡᠯᠲᠡ᠎ᠶ᠋ᠢᠨ ᠵᠠᠮ᠎ᠤᠨ ᠣᠷᠳᠣ 1.48 ᠲᠦᠮᠡᠨ ᠺᠢᠯᠣᠮᠧᠲ᠋ᠷ᠎ᠲᠦ ᠬᠦᠷᠴᠦ᠍ ᠂ ᠪᠥᠬᠥ᠌ ᠤᠯᠤᠰ᠎ᠲᠤ ᠲᠡᠷᠢᠭᠦᠯᠡᠪᠡ ; ᠠᠷᠠᠳ᠎ᠤᠨ ᠬᠡᠷᠡᠭ᠌ᠯᠡᠭᠡᠨ᠎ᠦ ᠨᠢᠰᠭᠡᠯ᠎ᠦᠨ ᠪᠠᠭᠤᠳᠠᠯ 48 ᠪᠣᠯᠤᠨ ᠨᠡᠮᠡᠭ᠌ᠳᠡᠵᠦ᠍ ᠂ ᠪᠦᠬᠦ᠌ ᠤᠯᠤᠰ᠎ᠲᠤ ᠭᠤᠷᠪᠠᠳᠤᠭᠠᠷ᠎ᠲᠤ ᠣᠷᠣᠪᠠ᠃
5 ᠵᠢᠯ ᠤ᠋ᠨ ᠴᠢᠷᠮᠠᠢᠯᠭ᠎ᠠ ᠪᠡᠷ ᠂ ᠪᠥᠬᠥ᠌ ᠣᠷᠣᠨ᠎ᠤ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠶᠡᠷᠦᠩᠬᠡᠶ ᠲᠣᠭ᠎ᠠ ᠵᠢᠯ ᠪᠦᠷᠢ ᠳᠤᠮᠳᠠᠴᠢ᠎ᠪᠠᠷ 8 %᠎ᠠᠴᠠ ᠳᠡᠭᠡᠭ᠌ᠰᠢ ᠨᠡᠮᠡᠭ᠌ᠳᠡᠵᠦ᠍ ᠂ ᠠᠷᠠᠯᠵᠢᠶᠠᠴᠢᠨ ᠤᠷᠢᠵᠤ ᠪᠠᠯᠠ ᠮᠥᠩᠭᠥ᠌ ᠣᠷᠣᠭᠤᠯᠤᠨ ᠠᠪᠴᠢᠷᠠᠭ᠍ᠰᠠᠨ᠎ᠨᠢ ᠨᠡᠢᠲᠡ 1 ᠲᠦᠮᠡᠨ ᠳ᠋ᠦᠩᠱᠢᠭᠤᠷ ᠲᠥᠭᠥᠷᠢᠭ᠎ᠢ ᠳᠠᠪᠠᠪᠠ᠃
5 ᠵᠢᠯ ᠤ᠋ᠨ ᠴᠢᠷᠮᠠᠢᠯᠭ᠎ᠠ ᠪᠡᠷ ᠂ ᠪᠥᠬᠥ᠌ ᠣᠷᠣᠨ ᠨᠡᠢᠲᠡ 3700 ᠭᠠᠷᠤᠶ ᠲᠦᠮᠡᠨ ᠮᠥ᠍ ᠣᠢᠵᠢᠭᠤᠯᠵᠤ ᠂ 1.2 ᠳ᠋ᠦᠩᠱᠢᠭᠤᠷ ᠭᠠᠷᠤᠶ ᠮᠥ᠍ ᠡᠪᠡᠰᠦ ᠳᠠᠷᠢᠵᠤ ᠂ 5400 ᠭᠠᠷᠤᠶ ᠲᠦᠮᠡᠨ ᠮᠥ᠍ ᠡᠯᠡᠰᠦ᠎ᠶ᠋ᠢ ᠰᠡᠷᠭᠡᠢᠯᠡᠨ ᠵᠠᠰᠠᠵᠤ ᠂ ᠡᠳᠡᠭᠡᠷ ᠨᠢ ᠴᠥᠮ ᠪᠥᠬᠥ᠌ ᠤᠯᠤᠰ ᠲᠸ᠋ ᠲᠡᠷᠢᠭᠦᠯᠡᠪᠡ᠃
5 ᠵᠢᠯ ᠤ᠋ᠨ ᠴᠢᠷᠮᠠᠢᠯᠭ᠎ᠠ ᠪᠡᠷ᠂ ᠥᠪᠥᠷ ᠮᠣᠩᠭᠣᠯ᠎ᠤᠨ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠨᠡᠮᠡᠭ᠌ᠳᠡᠯ᠎ᠦᠨ ᠬᠤᠷᠳᠤᠴᠠ ᠂ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢᠨ ᠨᠡᠮᠡᠭ᠌ᠳᠡᠯ᠎ᠦᠨ ᠬᠤᠷᠳᠤᠴᠠ ᠂ ᠡᠳ᠋᠎ᠦᠨ ᠵᠠᠰᠠᠭ᠎ᠤᠨ ᠣᠷᠣᠯᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ ; ᠬᠥᠮᠦᠨ ᠳᠤᠮᠳᠠᠴᠢ᠎ᠶ᠋ᠢᠨ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ 6.1 ᠲᠦᠮᠡᠨ ᠲᠥᠭᠥᠷᠢᠭ ᠪᠠᠢᠭ᠍ᠰᠠᠨ᠎ᠠᠴᠠ᠎ᠪᠠᠨ ᠨᠡᠮᠡᠭ᠌ᠳᠡᠭᠡᠳ 9.6 ᠲᠦᠮᠡᠨ ᠲᠥᠭᠥᠷᠢᠭ ᠪᠣᠯᠵᠣ ᠂ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃
5 ᠵᠢᠯ᠎ᠦᠨ ᠴᠢᠷᠮᠠᠢᠯᠭ᠎ᠠ᠎ᠪᠠᠷ ᠂ ᠥᠪᠥᠷ ᠮᠣᠩᠭᠣᠯ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠠᠶᠠᠨ ᠳ᠋ᠤ ᠲᠤᠮᠤ ᠠᠯᠬᠤᠭ᠎ᠠ ᠪᠡᠷ ᠤᠷᠤᠬᠰᠢᠯᠠᠵᠤ᠂ ᠲᠡᠦᠬᠡ᠎ᠶ᠋ᠢᠨ ᠱᠢᠨ᠎ᠡ ᠢᠷᠠᠭᠤ ᠠᠯᠳᠠᠷ᠎ᠢ ᠡᠭᠦᠳᠴᠦ᠍ ᠂ ᠠᠵᠤ ᠠᠬᠤᠢ᠎ᠶ᠋ᠢᠨ ᠲᠡᠰ ᠲᠡᠪᠱᠢᠬᠦᠶ᠋ᠢ ᠠᠬᠢᠭᠤᠯᠬᠤ ᠂ ᠠᠵᠤ ᠠᠬᠤᠢ᠎ᠶ᠋ᠢᠨ ᠶᠡᠷᠦᠩᠬᠡᠢ ᠬᠡᠮᠵᠢᠢ᠎ᠡ᠎ᠶ᠋ᠢ ᠪᠤᠵᠠᠭᠠᠢᠷᠠᠭᠤᠯᠬᠤ᠎ᠳᠤ ᠴᠢᠬᠤᠯᠠ ᠰᠠᠭᠤᠷᠢ ᠲᠠᠯᠪᠢᠵᠠᠢ᠃
ᠪᠥᠬᠥ᠌ ᠣᠷᠣᠨ᠎ᠤ ᠠᠵᠤ ᠠᠬᠤᠶ᠎ᠶ᠋ᠢᠨ ᠲᠠᠰ ᠳᠡᠪᠱᠢᠬᠦ᠌᠎ᠶ᠋ᠢ ᠠᠬᠢᠭᠤᠯᠬᠤ ᠲᠤᠬᠠᠶ ᠂ ᠣᠲᠣ ᠶᠠᠭ ᠬᠤᠷᠠᠯᠳᠤᠵᠤ ᠪᠠᠢᠭ᠎ᠠ ᠪᠥᠬᠥ᠌ ᠤᠯᠤᠰ᠎ᠤᠨ ᠬᠣᠶᠠᠷ ᠬᠤᠷᠠᠯ ᠳᠡᠭᠡᠷ᠎ᠡ ᠂ ᠥᠪᠥᠷ ᠮᠣᠩᠭᠣᠯ ᠤ᠋ᠨ ᠱᠢᠤᠸᠠᠢ ᡁᠢ ᠯᠦᠩ ᠲᠥᠯᠥᠭᠡᠯᠡᠭ᠌ᠴᠢ ᠂ ᠱ᠌ᠢ ᠯᠸᠢ ᠭᠡᠱᠢᠭᠦᠨ ᠵᠡᠷᠭᠡ ᠣᠯᠠᠨ ᠲᠥᠯᠥᠭᠡᠯᠡᠭ᠌ᠴᠢ ᠂ ᠭᠡᠱᠢᠭᠦᠳ ᠢᠳᠡᠪᠬᠢᠲᠡᠶ᠎ᠪᠡᠷ ᠠᠷᠭ᠎ᠠ ᠤᠬᠠᠭᠠᠨ ᠲᠡᠪᠰᠢᠬᠦᠯᠦᠨ᠎ᠠ᠄
— ᠡᠬᠢ ᠪᠠᠶᠠᠯᠢᠭ᠎ᠤᠨ ᠳᠠᠪᠠᠭᠤᠯᠢᠭ ᠂ ᠲᠣᠰᠭᠣᠨ᠎ᠤ ᠪᠣᠳᠠᠲᠤ ᠪᠠᠢᠳᠠᠯ᠎ᠲᠠᠶ ᠤᠶᠠᠯᠳᠤᠭᠤᠯᠤᠨ ᠬᠥᠳᠡᠭᠡ ᠲᠣᠰᠭᠣᠨ᠎ᠤ ᠤᠨᠴᠠᠯᠢᠬ᠍ᠳᠤ ᠠᠵᠤ ᠦᠶ᠋ᠯᠡᠰ᠎ᠢ ᠶᠡᠬᠡᠪᠡᠷ ᠬᠥᠭ᠌ᠵᠢᠭᠦᠯᠵᠦ᠍ ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠬᠦᠴᠦᠨ᠎ᠢᠶᠡᠷ ᠠᠬᠢᠭᠤᠯᠤᠨ᠎ᠠ᠃
— ᠡᠯ᠎ᠡ ᠲᠥᠷᠥᠯ᠎ᠦᠨ ᠠᠵᠤ ᠠᠬᠤᠢᠯᠠᠯ᠎ᠤᠨ 〈ᠵᠣᠷᠢᠭ᠍ᠲᠠᠶ᠎ᠪᠠᠷ ᠪᠠᠯᠠ ᠣᠷᠣᠭᠤᠯᠬᠤ ᠂ ᠪᠠᠯᠠ ᠣᠷᠣᠭᠤᠯᠬᠤ᠎ᠶ᠋ᠢ ᠪᠤᠳᠤᠬᠤ ᠂ ᠵᠠᠪᠳᠤᠨ ᠪᠠᠯᠠ ᠣᠷᠣᠭᠤᠯᠬᠤ 〉 ᠰᠠᠢᠨ ᠰᠠᠢᠬᠠᠨ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠦᠷᠭᠦᠯᠵᠢᠯᠡᠨ ᠪᠣᠶ ᠪᠣᠯᠭᠠᠵᠤ ᠂ ᠠᠵᠤ ᠠᠬᠤᠶ᠎ᠶ᠋ᠢᠨ ᠬᠥᠭ᠌ᠵᠢᠯᠲᠡ᠎ᠳᠦ ᠬᠦᠴᠦ᠍ᠨ ᠨᠡᠮᠡᠷᠢᠯᠡᠨ᠎ᠡ᠃
᠁
ᠲᠥᠯᠥᠭᠡᠯᠡᠭ᠌ᠴᠢᠳ ᠭᠡᠱᠢᠭᠦᠳ᠎ᠦᠨ ᠰᠠᠨᠠᠯ ᠰᠠᠨᠠᠭᠤᠯᠭ᠎ᠠ ᠠᠷᠭ᠎ᠠ ᠪᠣᠳᠣᠯᠭ᠎ᠠ᠎ᠨᠢ ᠥᠪᠥᠷ ᠮᠣᠩᠭᠣᠯ᠎ᠤᠨ ᠠᠵᠤ ᠠᠬᠤᠶ᠎ᠶ᠋ᠢᠨ ᠲᠠᠰ ᠳᠡᠪᠱᠢᠬᠦ᠌᠎ᠶ᠋ᠢ ᠠᠬᠢᠭᠤᠯᠬᠤ ᠱᠠᠭᠠᠷᠳᠠᠯᠭ᠎ᠠ᠎ᠲᠠᠶ ᠶᠡᠪ ᠴᠠᠪ ᠨᠡᠢᠴᠡᠵᠦ᠍ ᠪᠠᠢᠨ᠎ᠠ᠃
ᠶᠡᠷᠦᠩᠬᠡᠶ ᠬᠡᠮᠵᠢᠶ᠎ᠡ᠎ᠶ᠋ᠢ ᠠᠳᠭᠤᠵᠤ ᠂ ᠶᠡᠬᠡ ᠪᠠᠭ᠎ᠠ ᠵᠢ ᠠᠳᠠᠯᠢᠳᠬᠠᠨ᠎ᠠ — ᠲᠠᠷᠢᠶᠠᠯᠠᠩ ᠮᠠᠯ ᠠᠵᠤ ᠠᠬᠤᠶ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠂ ᠠᠵᠤ ᠦᠶ᠋ᠯᠡᠳᠪᠦᠷᠢ᠎ᠶ᠋ᠢᠨ ᠬᠡᠯᠬᠢᠶ᠎ᠡ᠎ᠶ᠋ᠢ ᠪᠥᠭᠡᠮᠨᠡᠷᠡᠭᠦᠯᠬᠦ᠌ ᠂ ᠪᠠᠷᠢᠯᠭ᠎ᠠ᠎ᠶ᠋ᠢᠨ ᠦᠶ᠋ᠯᠡᠰ᠎ᠢ ᠬᠦᠴᠦᠷᠬᠡᠭ᠌ᠵᠢᠭᠦᠯᠬᠦ᠌ ᠂ ᠦᠶ᠋ᠯᠡᠴᠢᠯᠡᠭᠡᠨ᠎ᠦ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃
ᠪᠦᠲᠦᠴᠡ᠎ᠶ᠋ᠢ ᠠᠳᠭᠤᠵᠤ ᠂ ᠶᠠᠰᠤ ᠴᠢᠨᠠᠷ᠎ᠢ ᠠᠳᠠᠯᠢᠳᠭᠠᠨ᠎ᠠ — ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ ᠪᠠ ᠬᠡᠯᠪᠡᠷᠢ᠎ᠪᠡᠨ ᠬᠤᠪᠢᠷᠠᠭᠤᠯᠤᠨ ᠪᠦᠲᠦᠴᠡ᠎ᠶ᠋ᠢ ᠲᠣᠬᠢᠷᠠᠭᠤᠯᠬᠤ ᠳᠡᠭᠡᠷ᠎ᠡ ᠬᠦᠴᠦ᠍ ᠤᠷᠤᠭᠤᠯᠤᠨ᠎ᠠ᠃
ᠲᠦᠷᠦᠯ ᠵᠦᠢᠯ᠎ᠢ ᠠᠳᠭᠤᠵᠤ ᠂ ᠠᠬᠢᠴᠠ᠎ᠶ᠋ᠢ ᠠᠳᠠᠯᠢᠳᠭᠠᠨ᠎ᠠ — ᠲᠥᠯᠥᠪᠯᠡᠭ᠌ᠰᠡᠨ ᠲᠦᠷᠦᠯ ᠵᠦᠢᠯ ᠪᠦᠬᠦᠨ᠎ᠢᠶᠡᠷ᠎ᠢᠶᠡᠨ ᠪᠠᠷᠢᠯᠭ᠎ᠠ ᠡᠬᠢᠯᠡᠬᠦ ᠵᠢ ᠠᠬᠢᠭᠤᠯᠤᠨ᠎ᠠ᠃
ᠠᠵᠤ ᠠᠬᠤᠢᠯᠠᠯ᠎ᠢ ᠠᠳᠭᠤᠵᠤ ᠂ ᠪᠠᠬᠳᠠᠭᠠᠮᠵᠢ ᠵᠢ ᠠᠳᠠᠯᠢᠳᠬᠠᠨ᠎ᠠ — ᠤᠯᠤᠰ᠎ᠤᠨ ᠥᠮᠴᠢᠯᠡᠯᠳᠦ ᠠᠵᠤ ᠠᠬᠤᠢᠯᠠᠯ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠢ ᠪᠦᠷ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍ ᠂ ᠠᠵᠤ ᠠᠬᠤᠢᠯᠠᠯ᠎ᠢ ᠣᠷᠣᠭᠤᠯᠤᠨ ᠠᠪᠴᠢᠷᠠᠬᠤ᠎ᠳᠠᠭᠠᠨ ᠨᠠᠢᠳᠠᠪᠤᠷᠢᠵᠢᠭᠤᠯᠤᠯᠲᠠ᠎ᠶ᠋ᠢ ᠠᠳᠭᠤᠨ᠎ᠠ᠃
ᠠᠷᠪᠢᠯᠠᠨ ᠭᠠᠮᠨᠠᠬᠤ᠎ᠶ᠋ᠢ ᠠᠳᠭᠤᠵᠤ ᠂ ᠦᠷ᠎ᠡ ᠠᠱᠢᠭ᠎ᠢᠶᠠᠨ ᠠᠳᠠᠯᠢᠳᠭᠠᠨ᠎ᠠ — ᠪᠦᠳᠦᠭᠦᠯᠢᠭ ᠮᠠᠶᠢᠭ᠎ᠤᠨ ᠬᠥᠭ᠌ᠵᠢᠯᠲᠡ᠎ᠶ᠋ᠢᠨ ᠠᠷᠭ᠎ᠠ ᠮᠠᠶᠢᠭ᠎ᠢ ᠨᠠᠷᠢᠯᠢᠬ᠍ᠵᠢᠭ᠍ᠰᠠᠨ ᠬᠠᠮᠢᠶᠠᠷᠤᠯᠲᠠ ᠲᠡᠢᠰᠢ ᠬᠤᠪᠢᠷᠠᠭᠤᠯᠬᠤ᠎ᠶ᠋ᠢ ᠠᠬᠢᠭᠤᠯᠤᠨ᠎ᠠ᠃
ᠠᠵᠤ ᠠᠬᠤᠢ᠎ᠶ᠋ᠢᠨ ᠲᠡᠰ ᠳᠡᠪᠱᠢᠬᠦ᠌᠎ᠶ᠋ᠢ ᠠᠬᠢᠭᠤᠯᠵᠤ ᠂ ᠠᠵᠤ ᠠᠬᠤᠢ᠎ᠶ᠋ᠢᠨ ᠶᠡᠷᠦᠩᠬᠡᠢ ᠬᠡᠮᠵᠢᠢ᠎ᠡ᠎ᠶ᠋ᠢ ᠪᠤᠵᠠᠭᠠᠢᠷᠠᠭᠤᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠠᠶᠠᠨ᠎ᠳᠤ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ ᠳ᠋ᠤ ᠥᠪᠥᠷ ᠮᠣᠩᠭᠣᠯ ᠡᠷᠡᠯᠬᠡᠭ᠌ᠯᠡᠨ ᠤᠷᠤᠭ᠍ᠰᠢᠯᠠᠨ᠎ᠠ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃