2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠠᠩᠬᠠᠷᠤᠯ ᠲᠥᠪᠯᠡᠷᠡᠯ

2023-03-07 10:02:21

ᠵᠣᠬᠢᠶᠠᠭ᠍ᠴᠢ᠄ ᠵᠠᠩ ᠺᠦᠢ ᠪᠠᠢ ᠳ᠋ᠠᠨ ᠰᠥᠩ ᠱᠤᠸᠠᠩ ᠣᠩᠱᠢᠭ᠍ᠰᠠᠨ ᠣᠳᠠᠭ᠎ᠠ᠄ 3

ᠶᠡᠷᠦᠩᠬᠡᠢ ᠱᠦᠵᠢ ᠰᠢ᠎ᠶᠢᠨ ᠫᠢᠩ᠎ᠤᠨ ᠵᠢᠶᠠᠩᠰᠤ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠤᠯᠴᠠᠬᠤ ᠦᠶ᠎ᠡ ᠵᠢᠨ ᠴᠢᠬᠤᠯᠠ ᠶᠠᠷᠢᠶ᠎ᠠ ᠥᠪᠥᠷ ᠮᠣᠩᠭᠣᠯ᠎ᠤᠨ ᠲᠥᠯᠥᠭᠡᠯᠡᠭᠴᠢᠳ ᠭᠡᠰᠢᠭᠦᠳ᠎ᠦᠨ ᠳᠤᠮᠳᠠ ᠴᠢᠩᠭ᠎ᠠ ᠲᠤᠰᠬᠠᠯ ᠭᠠᠷᠪᠠ

3 ᠰᠠᠷ᠎ᠠ᠎ᠶᠢᠨ 5 ᠎ᠤ᠋ ᠦᠳᠡ᠎ᠶᠢᠨ ᠬᠣᠢᠨ᠎ᠠ᠂ ᠶᠡᠷᠦᠩᠬᠡᠢ ᠱᠦᠵᠢ ᠰᠢ᠎ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠵᠢᠶᠠᠩᠰᠤ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠤᠯᠴᠠᠬᠤ ᠦᠶ᠎ᠡ᠎ᠶᠢᠨ ᠴᠢᠬᠤᠯᠠ ᠶᠠᠷᠢᠶ᠎ᠠ ᠨᠢ ᠴᠢᠨᠠᠷ ᠰᠠᠢᠲᠠᠢ ᠬᠥᠭᠵᠢᠯᠲᠡ᠎ᠶᠢᠨ ᠲᠤᠬᠠᠢ ᠪᠠᠢᠷᠢᠯᠠᠭᠤᠯᠤᠯᠲᠠ ᠬᠢᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠴᠢᠭᠯᠡᠯ᠎ᠢ ᠲᠣᠳᠣᠷᠬᠠᠢ ᠵᠢᠭᠠᠨ ᠦᠭᠴᠦ᠂ ᠮᠠᠨ᠎ᠤ ᠣᠷᠣᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠪᠣᠯᠣᠨ ᠮᠠᠨ᠎ᠤ ᠣᠷᠣᠨ᠎ᠳᠤ ᠰᠠᠭᠤᠭ᠎ᠠ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠳ᠎ᠦᠨ ᠳᠤᠮᠳᠠ ᠴᠢᠩᠭ᠎ᠠ ᠲᠤᠰᠬᠠᠯ ᠭᠠᠷᠪᠠ᠃

ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢ᠂ ᠬᠥᠬᠡᠬᠣᠲᠠ᠎ᠶᠢᠨ ᠨᠠᠮ᠎ᠤᠨ ᠬᠣᠷᠢᠶ᠎ᠠ ᠎ᠶᠢᠨ ᠳᠡᠳ᠋ ᠱᠦᠵᠢ᠂ ᠬᠤᠳᠠ᠎ᠶᠢᠨ ᠳᠠᠷᠤᠭ᠎ᠠ ᠾᠧ ᠬᠠᠢ ᠳ᠋ᠦᠩ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠴᠢᠨᠠᠷ ᠰᠠᠢᠲᠠᠢ ᠬᠥᠭᠵᠢᠯᠲᠡ᠎ᠳᠦ ᠵᠢᠷᠤᠮᠯᠠᠯ ᠬᠠᠩᠭᠠᠵᠤ ᠦᠭᠬᠦᠭᠰᠡᠨ ᠪᠠᠢᠨ᠎ᠠ ᠭᠡᠪᠡ᠃ ᠲᠡᠷᠡ᠂ ᠥᠪᠡᠷᠲᠡᠭᠡᠨ ᠵᠠᠰᠠᠬᠤ ᠣᠷᠣᠨ᠎ᠤ ᠲᠥᠪ ᠬᠤᠲᠠ ᠪᠣᠯᠤᠭᠰᠠᠨ᠎ᠤ ᠬᠤᠪᠢ᠎ᠳᠤ᠂ ᠶᠡᠷᠦᠩᠬᠡᠢ ᠬᠡᠮᠵᠢᠶ᠎ᠡ᠎ᠶᠢ ᠥᠷᠭᠡᠳᠬᠡᠬᠦ ᠪᠠ ᠶᠠᠰᠤ ᠴᠢᠨᠠᠷ᠎ᠢ ᠳᠡᠭᠡᠭᠰᠢᠯᠡᠭᠦᠯᠬᠦ᠎ᠶᠢ ᠵᠡᠷᠭᠡ ᠪᠡᠷ ᠴᠢᠬᠤᠯᠠᠴᠢᠯᠠᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠣᠨ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ 《ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ》 ᠪᠠᠢᠬᠤ ᠠᠰᠠᠭᠤᠳᠠᠯ᠎ᠢ ᠡᠷᠡᠰ ᠲᠡᠪᠴᠢᠵᠦ᠂ 6 ᠶᠡᠬᠡ ᠠᠵᠤ ᠦᠢᠯᠡᠰ᠎ᠦᠨ ᠰᠦᠷᠦᠭᠵᠢᠯ ᠪᠣᠯᠣᠨ ᠤᠳᠤ ᠦᠶ᠎ᠡ᠎ᠶᠢᠨ ᠦᠢᠯᠡᠴᠢᠯᠡᠭᠡᠨ᠎ᠦ ᠦᠢᠯᠡᠰ᠎ᠢ ᠪᠤᠵᠠᠭᠠᠢᠷᠠᠭᠤᠯᠤᠨ ᠬᠦᠴᠦᠷᠬᠡᠭᠵᠢᠭᠦᠯᠬᠦ᠎ᠪᠡᠷ ᠭᠠᠷᠳᠠᠴᠠ ᠪᠣᠯᠭᠠᠵᠤ᠂ ᠠᠵᠤ ᠦᠢᠯᠡᠰ᠎ᠢ ᠴᠢᠨᠠᠭᠰᠢᠳᠠ ᠰᠠᠢᠲᠤᠷ ᠬᠥᠭᠵᠢᠭᠦᠯᠦᠨ᠎ᠡ; ᠦᠵᠡᠰᠬᠦᠯᠡᠩᠲᠦ ᠰᠠᠢᠬᠠᠨ ᠬᠥᠬᠡᠬᠣᠲᠠ ᠲᠠᠯ᠎ᠠ ᠨᠤᠲᠤᠭ᠎ᠤᠨ ᠬᠣᠲᠠ᠎ᠶᠢ ᠪᠦᠲᠦᠭᠡᠨ ᠪᠠᠶ᠋ᠢᠭᠤᠯᠬᠤ᠎ᠪᠠᠷ ᠬᠠᠷᠠᠯᠲᠠ ᠪᠣᠯᠭᠠᠵᠤ᠂ ᠬᠣᠲᠠ᠎ᠪᠠᠨ ᠴᠢᠨᠠᠬᠰᠢᠲᠠ ᠰᠠᠢᠲᠤᠷ ᠪᠦᠲᠦᠭᠡᠨ ᠪᠠᠢᠭᠤᠯᠤᠨ᠎ᠠ; ᠤᠯᠠᠨ ᠲᠦᠮᠡᠨ᠎ᠦ ᠬᠠᠨᠤᠮᠵᠢ᠎ᠶᠢᠨ ᠬᠡᠮᠵᠢᠶ᠎ᠡ ᠪᠣᠯᠣᠨ ᠵᠤᠯ ᠵᠢᠷᠭᠠᠯᠲᠦ ᠲᠦᠷᠦᠭᠲᠡᠯ ᠢ᠋ ᠨᠡᠮᠡᠭᠳᠡᠭᠦᠯᠬᠦ᠎ᠪᠡᠷ ᠪᠠᠷᠢᠮᠵᠢᠶ᠎ᠠ ᠪᠣᠯᠭᠠᠵᠤ᠂ ᠠᠷᠠᠳ᠎ᠤᠨ ᠠᠮᠢᠳᠤᠷᠠᠯ᠎ᠢ ᠴᠢᠨᠠᠭᠰᠢᠳᠠ ᠰᠠᠢᠲᠤᠷ ᠪᠠᠲᠤᠯᠠᠨ᠎ᠠ; ᠨᠡᠢᠭᠡᠮ᠎ᠦᠨ ᠵᠠᠰᠠᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠪᠡᠷ ᠴᠢᠭᠯᠡᠯ ᠪᠣᠯᠭᠠᠵᠤ᠂ ᠦᠨᠳᠦᠰᠦᠨ ᠱᠠᠲᠤ᠎ᠶᠢ ᠴᠢᠨᠠᠭᠰᠢᠳᠠ ᠰᠠᠢᠲᠤᠷ ᠵᠠᠰᠠᠵᠤ᠂ ᠡᠭᠦᠨ᠎ᠦ ᠤᠯᠠᠮ ᠡᠴᠡ ᠶᠡᠷᠦᠩᠬᠡᠢ ᠱᠦᠵᠢ᠎ᠶᠢᠨ ᠴᠢᠬᠤᠯᠠ ᠶᠠᠷᠢᠶ᠎ᠠ᠎ᠶᠢᠨ ᠵᠣᠷᠢᠭ᠋ ᠰᠠᠨᠠᠭ᠎ᠠ᠎ᠶᠢ ᠰᠠᠢᠲᠤᠷ ᠨᠠᠢᠳᠠᠪᠤᠷᠢᠵᠢᠭᠤᠯᠵᠤ᠂ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ᠋ ᠰᠠᠨᠠᠭ᠎ᠠ᠎ᠶᠢ ᠬᠥᠬᠡᠬᠣᠲᠠ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠵᠢ ᠠᠬᠢᠭᠤᠯᠤᠨ᠎ᠠ ᠬᠡᠪᠡ᠃

《ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶᠠᠨ᠎ᠤ ᠦᠵᠡᠯ ᠰᠠᠨᠠᠭ᠎ᠠ ᠭᠦᠨ ᠭᠦᠨᠵᠡᠭᠡᠢ᠂ ᠬᠠᠷᠠᠭᠠᠰᠤ ᠥᠷᠭᠡᠨ ᠲᠡᠯᠭᠡᠷ ᠪᠠᠢᠵᠤ᠂ ᠪᠦᠬᠦ ᠲᠠᠯ᠎ᠠ᠎ᠶᠢᠨ ᠴᠢᠨᠠᠷᠲᠠᠢ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠴᠢᠬᠤᠯᠠ ᠶᠡᠬᠡ ᠠᠰᠠᠭᠤᠳᠠᠯ᠎ᠤᠨ ᠲᠤᠬᠠᠢ ᠭᠦᠨᠵᠡᠭᠡᠢ ᠪᠣᠳᠣᠯᠬᠢᠯᠠᠯ ᠠᠬᠤᠭᠤᠯᠤᠭᠳᠠᠵᠤ᠂ ᠪᠢᠳᠡ ᠰᠢᠨ᠎ᠡ ᠠᠶᠠᠨ ᠳ᠋ᠤ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ᠎ᠳᠦ ᠦᠵᠡᠯ ᠰᠠᠨᠠᠭᠠᠨ᠎ᠤ ᠵᠢᠷᠤᠮᠯᠠᠯ ᠪᠠ ᠠᠵᠢᠯᠯᠠᠭᠠᠨ᠎ᠤ ᠵᠦᠭᠯᠡᠭᠦᠷ ᠬᠠᠩᠭᠠᠵᠤ ᠦᠭᠴᠡᠢ᠃ ᠶᠡᠷᠦᠩᠬᠡᠢ ᠱᠦᠵᠢ 〈ᠶᠠᠰᠤ ᠴᠢᠨᠠᠷ ᠢ᠋ ᠲᠡᠷᠢᠭᠦᠨ᠎ᠳᠦ ᠲᠠᠯᠪᠢᠵᠤ᠂ ᠦᠷ᠎ᠡ ᠠᠰᠢᠭ᠋ ᠢ᠋ ᠲᠡᠷᠢᠭᠦᠨ᠎ᠳᠦ ᠲᠠᠯᠪᠢᠬᠤ〉 ᠵᠢ ᠰᠢᠨ᠎ᠡ ᠦᠨᠳᠦᠷᠴᠡ᠎ᠳᠤ ᠬᠦᠷᠲᠡᠯ᠎ᠡ ᠳᠡᠭᠡᠭᠰᠢᠯᠡᠭᠦᠯᠵᠦ᠂ 〈ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠲᠠᠯ᠎ᠠ᠎ᠪᠠᠷ ᠪᠡᠶ᠎ᠡ ᠪᠠᠨ ᠲᠠᠭᠠᠭᠠᠵᠦ ᠬᠦᠴᠦᠷᠬᠡᠭᠵᠢᠭᠦ〉 ᠵᠢ ᠳᠠᠬᠢᠨᠲᠠ ᠴᠢᠬᠤᠯᠠᠴᠢᠯᠠᠭᠰᠠᠨ ᠨᠢ ᠠᠵᠤ ᠠᠬᠤᠢᠯᠠᠯ᠎ᠳᠤ ᠠᠪᠴᠤ ᠬᠡᠯᠡᠪᠡᠯ ᠬᠠᠷᠢᠭᠤᠴᠠᠯᠭ᠎ᠠ ᠨᠡᠩ ᠬᠦᠨᠳᠦ ᠪᠤᠯᠵᠤ᠂ ᠬᠥᠳᠡᠯᠭᠡᠭᠦ ᠬᠦᠴᠦᠨ ᠨᠡᠩ ᠴᠢᠩᠭᠠᠷᠠᠵᠠᠢ᠃ ᠶᠡᠷᠦᠩᠬᠡᠢ ᠱᠦᠵᠢ᠎ᠶᠢᠨ ᠴᠢᠬᠤᠯᠠ ᠶᠠᠷᠢᠶ᠎ᠠ ᠨᠢ ᠪᠢᠳᠡᠨ᠎ᠢ ᠵᠣᠷᠢᠭ᠍ᠵᠢᠭᠤᠯᠵᠤ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠶᠢ ᠡᠭᠦᠳᠬᠦ ᠰᠢᠰᠲ᠋ᠸᠮ᠎ᠳᠡᠬᠢ ᠠᠵᠤ ᠠᠬᠤᠢᠯᠠᠯ᠎ᠤᠨ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠦᠷᠭᠦᠯᠵᠢᠯᠡᠨ ᠪᠠᠳᠠᠷᠠᠭᠤᠯᠵᠤ᠂ ᠭᠣᠣᠯᠯᠠᠭ᠍ᠴᠢ ᠥᠷᠢᠰᠦᠯᠳᠦᠬᠦ ᠬᠦᠴᠦᠨ᠎ᠢᠶᠡᠨ ᠴᠢᠷᠮᠠᠢᠨ ᠳᠡᠭᠡᠭᠰᠢᠯᠡᠭᠦᠯᠵᠦ᠂ ᠶᠠᠰᠤ ᠴᠢᠨᠠᠷ ᠡᠴᠡ ᠦᠷ᠎ᠡ ᠠᠰᠢᠭ᠋ ᠣᠯᠵᠤ᠂ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠡᠷᠢᠭᠦᠨ᠎ᠦ ᠠᠵᠤ ᠦᠢᠯᠡᠰ᠎ᠢ ᠴᠣᠭᠴᠠᠯᠠᠵᠤ᠂ ᠰᠢᠨ᠎ᠡ ᠠᠶᠠᠨ ᠎ᠳᠤ ᠡᠷᠡᠯᠬᠡᠭᠯᠡᠨ ᠤᠷᠤᠭᠰᠢᠯᠠᠵᠤ ᠰᠢᠨ᠎ᠡ ᠴᠠᠭ ᠦᠶ᠎ᠡ᠎ᠳᠦ ᠭᠠᠪᠢᠶ᠎ᠠ ᠪᠠᠶ᠋ᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠪᠤᠯᠤᠨ᠎ᠠ》 ᠭᠡᠵᠦ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠂ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠪᠡᠯᠡ ᠣᠷᠣᠭᠤᠯᠤᠯᠲᠠ᠎ᠶᠢᠨ ᠪᠦᠯᠦᠭᠯᠡᠯ ᠬᠢᠵᠠᠭᠠᠷᠲᠤ ᠺᠣᠮᠫᠠᠨᠢ᠎ᠶᠢᠨ ᠪᠠᠢᠩᠭᠤ᠎ᠶᠢᠨ ᠳᠡᠳ᠋ ᠶᠡᠷᠦᠩᠬᠡᠢ ᠳᠠᠭᠠᠭᠠᠮᠠᠯ ᠵᠠᠩ ᠯᠢ ᠸᠸᠨ ᠢᠯᠡᠷᠬᠡᠢᠯᠡᠪᠡ᠃

ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢ᠂ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠮᠸᠩ ᠹᠠᠨ ᠶᠢᠩ ᠲᠠᠷᠤᠢᠬᠠᠨ ᠶᠡᠷᠦᠩᠬᠡᠢ ᠱᠦᠵᠢ᠎ᠶᠢᠨ ᠴᠢᠬᠤᠯᠠ ᠶᠠᠷᠢᠶ᠎ᠠ᠎ᠶᠢ ᠰᠤᠷᠤᠯᠴᠠᠭᠰᠠᠨ ᠪᠠᠢᠯ᠎ᠠ᠃ ᠲᠡᠷᠡ᠂ ᠶᠡᠷᠦᠩᠬᠡᠢ ᠱᠦᠵᠢ᠎ᠶᠢᠨ ᠴᠢᠬᠤᠯᠠ ᠶᠠᠷᠢᠶ᠎ᠠ ᠨᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠲᠠᠢ ᠨᠢᠭᠡᠲᠦᠯ ᠲᠠᠢ ᠪᠠᠢᠵᠦ᠂ ᠴᠢᠨᠠᠷ ᠰᠠᠢᠲᠠᠢ ᠬᠥᠭᠵᠢᠯᠲᠡ ᠭᠡᠬᠦ ᠡᠨᠡ᠎ᠬᠦ ᠲᠡᠷᠢᠭᠦᠨ ᠴᠢᠬᠤᠯᠠ ᠡᠭᠦᠷᠭᠡ᠎ᠶᠢ ᠪᠠᠲᠤ ᠡᠵᠡᠮᠳᠡᠬᠦ᠎ᠳᠦ ᠴᠢᠭᠯᠡᠯ᠎ᠦᠨ ᠵᠢᠯᠣᠭᠣᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠵᠠᠢ᠃ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠦᠨ ᠬᠢᠨ ᠶᠡᠷᠦᠩᠬᠡᠢ ᠱᠦᠵᠢ᠎ᠶᠢᠨ ᠴᠢᠬᠤᠯᠠ ᠶᠠᠷᠢᠶ᠎ᠠ᠎ᠶᠢᠨ ᠵᠣᠷᠢᠭ᠋ ᠰᠠᠨᠠᠭ᠎ᠠ᠎ᠶᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠬᠤ᠎ᠶᠢ ᠪᠠᠷᠢᠮᠲᠠᠯᠠᠵᠤ᠂ ᠳᠡᠯᠡᠬᠡᠢ᠎ᠶᠢᠨ ᠲᠡᠷᠢᠭᠦᠨ᠎ᠦ ᠠᠵᠤ ᠠᠬᠤᠢᠯᠠᠯ᠎ᠢ ᠪᠦᠲᠦᠭᠡᠨ ᠪᠠᠶ᠋ᠢᠭᠤᠯᠬᠤ ᠶᠡᠷᠦᠩᠬᠡᠢ ᠬᠠᠷᠠᠯᠲᠠ᠎ᠶᠢ ᠲᠣᠭᠲᠠᠭᠠᠵᠤ᠂ ᠦᠢᠯᠡᠳᠬᠦᠨ ᠰᠢᠯᠭᠠᠷᠠᠭᠰᠠᠨ᠂ ᠲᠦᠷᠦᠯ ᠲᠡᠮᠳᠡᠭ ᠠᠯᠳᠠᠷᠰᠢᠭᠰᠠᠨ᠂ ᠰᠢᠨ᠎ᠡ᠎ᠶᠢ ᠡᠬᠦᠳᠬᠦ ᠪᠡᠷ ᠲᠦᠷᠦᠭᠦᠯᠡᠭᠰᠡᠨ᠂ ᠵᠠᠰᠠᠯᠲᠠ ᠤᠳᠤᠬᠢᠴᠢᠯᠠᠭᠰᠠᠨ ᠪᠠᠢᠳᠠᠯ᠎ᠢ ᠲᠦᠷᠭᠡᠳᠭᠡᠨ ᠪᠡᠶᠡᠯᠡᠭᠦᠯᠦᠨ᠎ᠡ᠃ ᠤᠨᠴᠠᠭᠠᠢᠯᠠᠨ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠦᠢᠯᠡᠳᠦᠯ᠎ᠢ ᠪᠠᠳᠠᠷᠠᠭᠤᠯᠵᠤ᠂ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠎ᠤᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠢ ᠬᠦᠴᠦᠯᠡᠨ ᠪᠠᠢᠭᠤᠯᠵᠤ᠂ ᠨᠢᠭᠡ ᠪᠦᠯᠦᠭ ᠵᠠᠩᠭᠢᠯᠠᠭ᠎ᠠ᠎ᠶᠢᠨ ᠭᠣᠣᠯᠯᠠᠭ᠍ᠴᠢ ᠮᠡᠷᠭᠡᠵᠢᠯ᠎ᠦᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠬᠣᠪᠣᠷ ᠰᠢᠷᠣᠢ᠎ᠶᠢᠨ ᠬᠦᠷᠢᠶᠡᠨ᠎ᠳᠡᠬᠢ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠠᠬᠢᠭᠤᠯᠵᠤ᠂ ᠬᠥᠭᠵᠢᠯᠲᠡ᠎ᠶᠢᠨ ᠠᠷᠭ᠎ᠠ ᠬᠡᠯᠪᠡᠷᠢ᠎ᠶᠢ ᠬᠤᠪᠢᠷᠠᠭᠤᠯᠬᠤ᠎ᠶᠢ ᠲᠠᠢ᠍ᠢᠴᠢᠯᠠᠵᠤ᠂ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠵᠤ᠂ ᠦᠷᠳᠡᠭ᠎ᠦᠨ ᠬᠡᠯᠬᠢᠶ᠎ᠡ᠎ᠶᠢ ᠳᠡᠭᠡᠭᠰᠢᠯᠡᠭᠦᠯᠵᠦ᠂ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠦᠷ᠎ᠡ ᠪᠦᠲᠦᠮᠵᠢ᠎ᠪᠡᠷ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ᠎ᠶᠢ ᠰᠠᠢᠲᠤᠷ ᠪᠡᠶᠡᠯᠡᠭᠦᠯᠬᠦ᠎ᠳᠦ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠤᠨ ᠬᠦᠴᠦᠨ᠎ᠢ ᠨᠡᠮᠡᠷᠢᠯᠡᠵᠦ᠂ 《ᠰᠡᠳᠬᠢᠯ ᠨᠢᠭᠡᠲᠦᠨ ᠬᠦᠴᠦ᠎ᠪᠡᠨ ᠬᠠᠮᠲᠤᠳᠬᠠᠵᠤ ᠪᠤᠭᠤᠲᠤ᠎ᠶᠢᠨ ᠪᠣᠯᠣᠳ ᠲᠡᠮᠦᠷ᠎ᠦᠨ ᠦᠢᠯᠡᠳᠪᠦᠷᠢ᠎ᠶᠢ ᠪᠠᠶ᠋ᠢᠭᠤᠯᠤᠬᠰᠠᠨ》 ᠲᠡᠦᠬᠡ᠎ᠶᠢᠨ ᠰᠠᠢᠬᠠᠨ ᠳᠠᠭᠤᠷᠢᠰᠬᠠᠯ᠎ᠤᠨ ᠰᠢᠨ᠎ᠡ ᠬᠠᠭᠤᠳᠠᠰᠤ᠎ᠶᠢ ᠪᠢᠴᠢᠭᠯᠡᠨ᠎ᠡ ᠬᠡᠪᠡ᠃

《ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠲᠦᠷᠭᠡᠨ ᠪᠡᠶᠡᠯᠡᠭᠦᠯᠬᠦ ᠪᠣᠯ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠵᠢᠨ ᠵᠠᠪᠠᠯ ᠶᠠᠪᠤᠬᠤ ᠵᠠᠮ ᠮᠥᠨ》᠃ ᠪᠢᠳᠡ ᠶᠡᠷᠦᠩᠬᠡᠢ ᠱᠦᠵᠢ ᠰᠢ᠎ᠶᠢᠨ ᠫᠢᠩ᠎ᠤᠨ ᠵᠢᠭᠠᠭᠰᠠᠨ ᠴᠢᠭᠯᠡᠯ ᠢ᠋ᠶ᠋ᠡᠷ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠤᠨ ᠲᠣᠭᠣᠷᠢᠨ᠎ᠳᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠲᠤᠭᠤᠰᠢᠯᠠᠭᠤᠯᠵᠤ᠂ ᠥᠨᠳᠥᠷ ᠲᠦᠪᠰᠢᠨ ᠪᠦᠬᠦᠢ ᠴᠢᠳᠠᠪᠤᠷᠢᠲᠠᠨ᠎ᠤ ᠬᠡᠯᠬᠢᠶ᠎ᠡ᠎ᠶᠢ ᠴᠣᠭᠴᠠᠯᠠᠵᠤ᠂ ᠰᠢᠨ᠎ᠡ ᠬᠥᠳᠡᠯᠭᠡᠭᠦ ᠬᠦᠴᠦᠨ᠂ ᠰᠢᠨ᠎ᠡ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠂ ᠰᠢᠨ᠎ᠡ ᠬᠦᠷᠢᠶ᠎ᠡ᠂ ᠰᠢᠨ᠎ᠡ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠶᠡᠬᠡ ᠪᠡᠷ ᠠᠬᠢᠭᠤᠯᠵᠤ᠂ ᠵᠠᠩᠭᠢᠯᠠᠭ᠎ᠠ᠎ᠶᠢᠨ ᠭᠣᠣᠯᠯᠠᠭ᠍ᠴᠢ ᠮᠡᠷᠭᠡᠵᠢᠯ᠎ᠦᠨ ᠪᠣᠭᠣᠮᠲᠠ ᠰᠢᠪᠲᠤᠯᠬᠤ᠎ᠪᠠᠷ ᠴᠢᠷᠮᠠᠢᠵᠤ᠂ ᠳᠡᠭᠡᠳᠦ ᠰᠢᠨ᠎ᠡ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ ᠪᠠ ᠠᠵᠤ ᠦᠢᠯᠡᠰᠵᠢᠭᠦᠯᠬᠦ᠎ᠶᠢ ᠬᠦᠴᠦᠯᠡᠨ ᠠᠬᠢᠭᠤᠯᠵᠤ᠂ ᠣᠳᠣᠬᠢᠴᠢᠯᠠᠭᠰᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠤᠬᠰᠠᠭᠠᠲᠠᠨ ᠵᠦᠢ ᠬᠦᠮᠦᠨ ᠵᠦᠢ ᠢ᠋ᠢᠨ ᠳᠡᠭᠡᠳᠦ ᠰᠤᠷᠭᠠᠭᠤᠯᠢ᠎ᠶᠢᠨ ᠫᠷᠤᠹᠸᠰᠰᠤᠷ ᠨᠡᠷᠡᠨᠪᠢᠯᠢᠭ ᠬᠡᠯᠡᠪᠡ᠃

ᠶᠠᠨ ᠬᠣᠩ ᠭᠤᠸᠠᠩ ᠲᠦᠯᠦᠭᠡᠯᠡᠭᠴᠢ ᠪᠤᠯ ᠥᠪᠥᠷ ᠮᠣᠩᠭᠣᠯ᠎ᠤᠨ ᠤ᠌ᠢ ᠰᠢᠭᠤᠢ᠎ᠶᠢᠨ ᠠᠵᠤ ᠦᠢᠯᠡᠳᠪᠦᠷᠢ᠎ᠶᠢᠨ ᠪᠦᠯᠦᠭᠯᠡᠯ ᠡᠴᠡ ᠢᠷᠡᠭᠰᠡᠨ ᠶᠤᠮ᠃ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ᠎ᠶᠢ ᠰᠤᠷᠤᠯᠴᠠᠭᠰᠠᠨ᠎ᠤ ᠲᠠᠷᠠᠭ᠎ᠠ᠂ ᠪᠦᠯᠦᠭᠯᠡᠯ᠎ᠦᠨ ᠴᠢᠨᠠᠷ ᠰᠠᠢᠲᠠᠢ ᠬᠥᠭᠵᠢᠯᠲᠡ᠎ᠶᠢ ᠬᠡᠷᠬᠢᠨ ᠨᠡᠩ ᠰᠠᠢᠳᠤᠷ ᠠᠬᠢᠭᠤᠯᠬᠤ ᠲᠤᠬᠠᠢ ᠪᠣᠳᠣᠯᠬᠢᠯᠠᠵᠤ ᠪᠠᠢᠯ᠎ᠠ᠃ ᠲᠡᠷᠡ᠂ ᠪᠦᠬᠦ ᠤᠯᠤᠰ᠎ᠤᠨ ᠬᠠᠮᠤᠭ᠎ᠤᠨ ᠲᠣᠮᠣ᠌ ᠭᠣᠣᠯᠳᠠᠯᠭ᠎ᠠ᠎ᠲᠠᠢ ᠤᠯᠤᠰ᠎ᠤᠨ ᠥᠮᠴᠢᠯᠡᠯ᠎ᠦᠨ ᠰᠢᠭᠤᠢᠲᠤ ᠣᠷᠣᠨ ᠪᠣᠯᠤᠭᠰᠠᠨ᠎ᠤ ᠬᠤᠪᠢ᠎ᠳᠤ᠂ ᠪᠢᠳᠡ ᠬᠥᠭᠵᠢᠬᠦᠯᠦᠯᠲᠡ ᠪᠣᠯᠣᠨ ᠬᠠᠮᠠᠭᠠᠯᠠᠯᠲᠠ᠎ᠶᠢ ᠴᠢᠨᠠᠷ ᠰᠠᠢᠲᠠᠢ ᠬᠥᠭᠵᠢᠯᠲᠡ᠎ᠶᠢᠨ ᠶᠡᠬᠡ ᠲᠠᠯ᠎ᠠ᠎ᠳᠤ ᠲᠠᠯᠪᠢᠨ ᠪᠣᠳᠣᠯᠬᠢᠯᠠᠵᠤ᠂ ᠴᠢᠨᠠᠷ ᠰᠠᠢᠲᠠᠢ ᠬᠥᠭᠵᠢᠯᠲᠡ᠎ᠶᠢᠨ ᠲᠡᠪᠢᠰᠭᠡᠷ ᠥᠩᠭᠡ᠎ᠶᠢ ᠭᠡᠷᠡᠯᠳᠦᠬᠦᠯᠵᠦ᠂ ᠨᠡᠢᠭᠡᠮ ᠵᠢᠷᠤᠮᠲᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠤ᠌ᠢ ᠰᠢᠭᠤᠢ᠎ᠶᠢᠨ ᠠᠵᠤ ᠦᠢᠯᠡᠳᠪᠦᠷᠢ᠎ᠶᠢᠨ ᠬᠦᠴᠦᠨ ᠴᠢᠳᠠᠯ᠎ᠢᠶᠡᠨ ᠨᠡᠮᠡᠷᠢᠯᠡᠨ᠎ᠡ᠃ 《ᠨᠣᠭᠣᠭᠠᠷᠠᠭᠤᠯᠤᠯᠲᠠ᠎ᠶᠢ ᠬᠠᠮᠠᠭᠠᠯᠠᠬᠤ》 ᠲᠠᠯ᠎ᠠ᠎ᠪᠠᠷ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠶᠢ ᠡᠭᠦᠳᠬᠦ᠎ᠳᠦ ᠲᠦᠰᠢᠭᠯᠡᠨ ᠣᠶ ᠰᠢᠭᠤᠢ᠎ᠶᠢᠨ ᠦᠢᠯᠡᠰ᠎ᠦᠨ ᠵᠠᠰᠠᠯᠲᠠ᠎ᠶᠢᠨ ᠰᠢᠰᠲᠧᠮ ᠪᠠ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢᠨ ᠲᠦᠪᠰᠢᠨ᠎ᠢ ᠳᠡᠭᠡᠭᠰᠢᠯᠡᠭᠦᠯᠵᠦ᠂ ᠠᠮᠢ ᠠᠬᠤᠢ᠎ᠶᠢᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠡᠷᠡᠰ ᠰᠠᠬᠢᠨ᠎ᠠ᠃ 《ᠨᠣᠭᠣᠭᠠᠷᠠᠭᠤᠯᠤᠯᠲᠠ᠎ᠶᠢ ᠨᠡᠮᠡᠭᠳᠡᠭᠦᠯᠬᠦ》 ᠲᠠᠯ᠎ᠠ᠎ᠪᠠᠷ᠂ ᠪᠠᠢᠭᠠᠯᠢ᠎ᠶᠢᠨ ᠣᠶ᠎ᠶᠢ ᠬᠠᠮᠠᠭᠠᠯᠠᠨ ᠰᠡᠷᠭᠦᠭᠡᠬᠦ ᠵᠡᠷᠭᠡ ᠤᠯᠤᠰ᠎ᠤᠨ ᠭᠣᠣᠯᠳᠠᠯᠭ᠎ᠠ᠎ᠲᠠᠢ ᠠᠮᠢ ᠠᠬᠤᠢ᠎ᠶᠢᠨ ᠢᠨᠵᠧᠨᠧᠷᠢᠩ᠎ᠢ ᠴᠢᠨᠠᠷ ᠰᠠᠢᠲᠠᠢ ᠬᠡᠷᠡᠭᠵᠢᠭᠦᠯᠵᠦ᠂ ᠣᠶ ᠰᠢᠭᠤᠢ᠎ᠶᠢᠨ ᠶᠠᠰᠤ ᠴᠢᠨᠠᠷ᠎ᠢ ᠨᠠᠷᠢᠯᠢᠭ᠋ ᠣᠨᠣᠴᠠᠲᠠᠢ᠎ᠪᠠᠷ ᠳᠡᠭᠡᠭᠰᠢᠯᠡᠭᠦᠯᠦᠨ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠪᠡᠯᠡᠳᠬᠡᠯ ᠡᠬᠢ ᠪᠠᠶᠠᠯᠢᠭ᠋᠎ᠢ 328 ᠲᠦᠮᠡᠨ ᠮᠦ᠍ ᠪᠣᠢᠵᠢᠭᠤᠯᠵᠤ᠂ 1450 ᠲᠦᠮᠡᠨ ᠮᠦ᠍ ᠣᠶ ᠰᠢᠭᠤᠢ ᠵᠢ ᠠᠷᠠᠴᠢᠯᠠᠨ ᠪᠣᠢᠵᠢᠭᠤᠯᠵᠤ ᠶᠠᠰᠤ ᠴᠢᠨᠠᠷ᠎ᠢ ᠳᠡᠭᠡᠭᠰᠢᠯᠡᠭᠦᠯᠬᠦ ᠪᠡᠷ ᠴᠢᠷᠮᠠᠢᠨ᠎ᠠ᠃ 《ᠨᠣᠭᠣᠭᠠᠷᠠᠭᠤᠯᠤᠯᠲᠠ᠎ᠶᠢ ᠲᠣᠭᠲᠠᠪᠤᠷᠢᠵᠢᠭᠤᠯᠬᠤ》 ᠲᠠᠯ᠎ᠠ᠎ᠪᠠᠷ᠂ ᠤᠯᠤᠰ᠎ᠤᠨ 《ᠬᠣᠣᠰ ᠨᠡᠭᠦᠷᠡᠰᠦᠲᠥ᠋ᠷᠥᠭᠴᠢ》 ᠢ᠋ᠢᠨ ᠪᠠᠢᠯᠳᠤᠬᠤ ᠪᠣᠳᠣᠯᠭ᠎ᠠ᠎ᠶᠢ ᠭᠦᠨᠵᠡᠭᠡᠢ ᠨᠠᠢᠳᠠᠪᠤᠷᠢᠵᠢᠭᠤᠯᠵᠤ᠂ ᠣᠷᠣᠨ ᠪᠦᠰᠡ᠎ᠶᠢᠨ ᠨᠡᠭᠦᠷᠡᠰᠦᠲᠥ᠋ᠷᠥᠭᠴᠢ ᠵᠢ ᠰᠠᠭᠠᠷᠮᠠᠬᠵᠢᠭᠤᠯᠬᠤ ᠵᠠᠬ᠎ᠠ ᠳᠡᠯᠭᠡᠭᠦᠷ᠎ᠲᠦ ᠰᠠᠨᠠᠭᠠᠴᠢᠯᠠᠭ᠎ᠠ ᠡᠴᠡ ᠪᠠᠨ ᠠᠭᠤᠰᠤᠯᠴᠠᠨ᠂ ᠪᠥᠬᠥ ᠤᠯᠤᠰ᠎ᠤᠨ ᠬᠠᠮᠤᠭ᠎ᠤᠨ ᠲᠣᠮᠣ᠌ ᠤᠯᠤᠰ᠎ᠤᠨ ᠥᠮᠴᠢᠯᠡᠯ᠎ᠦᠨ ᠣᠶ ᠰᠢᠭᠤᠢ᠎ᠶᠢᠨ ᠨᠡᠭᠦᠷᠡᠰᠦᠲᠥ᠋ᠷᠥᠭᠴᠢ ᠵᠢ ᠬᠤᠷᠠᠮᠳᠤᠭᠤᠯᠤᠨ ᠨᠥᠭᠡᠴᠡᠯᠡᠬᠦ ᠰᠠᠭᠤᠷᠢᠨ ᠢ᠋ ᠪᠠᠶ᠋ᠢᠭᠤᠯᠬᠤ ᠬᠠᠷᠠᠯᠲᠠ᠎ᠶᠢᠨ ᠲᠣᠭᠣᠷᠢᠨ᠎ᠳᠤ᠂ 2030 ᠣᠨ ᠪᠣᠯᠳᠠᠯ᠎ᠠ ᠣᠶ ᠰᠢᠭᠤᠢ᠎ᠶᠢᠨ ᠬᠤᠷᠠᠮᠳᠤᠯ᠎ᠢ 2005 ᠣᠨ᠎ᠤ ᠬᠢ᠎ᠡᠴᠡ 6 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠨᠡᠮᠡᠭᠳᠡᠭᠦᠯᠬᠦ ᠎ᠪᠡᠷ ᠴᠢᠷᠮᠠᠢᠨ᠎ᠠ ᠭᠡᠪᠡ ᠃

《ᠶᠡᠷᠦᠩᠬᠡᠢ ᠱᠦᠵᠢ ᠰᠢ᠎ᠶᠢᠨ ᠫᠢᠩ ᠵᠢᠶᠠᠩᠰᠤ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠤᠯᠴᠠᠬᠤ᠎ᠳᠠᠭᠠᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠶᠢ ᠡᠭᠦᠳᠬᠦ᠎ᠳᠦ ᠲᠠᠯᠪᠢᠭ᠍ᠰᠠᠨ ᠱᠠᠭᠠᠷᠳᠠᠯᠭ᠎ᠠ ᠪᠠ ᠬᠦᠰᠡᠯ ᠡᠷᠡᠮᠡᠯᠵᠡᠯ ᠨᠢ ᠪᠢᠳᠡᠨ᠎ᠢ ᠶᠡᠬᠡ ᠪᠡᠷ ᠵᠣᠷᠢᠭ᠍ᠵᠢᠭᠤᠯᠤᠭᠰᠠᠨ ᠪᠦᠭᠡᠳ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠭᠦᠨᠵᠡᠭᠡᠢ ᠮᠡᠳᠡᠷᠡᠭᠦᠯᠵᠡᠢ᠃》 ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠂ ᠳᠤᠮᠳᠠᠳᠤ ᠤᠯᠤᠰ᠎ᠤᠨ ᠠᠷᠠᠳᠴᠢᠯᠠᠭᠰᠠᠨ ᠬᠣᠯᠪᠣᠭ᠎ᠠ᠎ᠶᠢᠨ ᠥᠪᠥᠷ ᠮᠣᠩᠭᠣᠯ᠎ᠤᠨ ᠦᠪᠡᠷᠲᠡᠭᠡᠨ ᠵᠠᠰᠬᠠᠤ ᠤᠷᠤᠨ᠎ᠤ ᠬᠣᠷᠢᠶ᠎ᠠ᠎ᠶᠢᠨ ᠡᠷᠬᠢᠯᠡᠭᠴᠢ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠨᠡᠢᠭᠡᠮᠯᠢᠭ᠎ᠦᠨ ᠲᠡᠷᠢᠭᠦᠯᠡᠭᠴᠢ ᠵᠤᠤ ᠵᠢᠢ ᠰᠣᠨᠢᠨ ᠮᠡᠳᠡᠭᠡᠯᠡᠯ᠎ᠢ ᠭᠥᠯᠢᠶᠡᠨ ᠠᠪᠴᠤ ᠦᠵᠡᠬᠦ᠎ᠶᠢᠨ ᠳᠠᠭᠠᠤ ᠲᠡᠮᠳᠡᠭᠯᠡᠯ ᠬᠢᠵᠦ ᠪᠠᠢᠪᠠ᠃ ᠲᠡᠷᠡ᠂ ᠮᠠᠨ᠎ᠤ ᠣᠷᠣᠨ᠎ᠤ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ ᠬᠠᠷᠠᠬᠠᠨ ᠬᠦᠴᠦᠷᠭᠡᠭ ᠪᠢᠰᠢ ᠪᠠᠢᠨ᠎ᠠ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢ ᠲᠦᠷᠭᠡᠳᠭᠡᠨ ᠬᠡᠷᠡᠭᠵᠢᠭᠦᠯᠵᠦ᠂ ᠠᠵᠤ ᠦᠢᠯᠡᠰ ᠰᠤᠷᠭᠠᠭᠤᠯᠢ ᠡᠷᠳᠡᠮ ᠰᠢᠨᠵᠢᠯᠡᠭᠡᠨ᠎ᠤ ᠬᠠᠮᠲᠤᠷᠠᠯᠴᠠᠭ᠎ᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠨᠡᠢᠳᠬᠡᠨ ᠨᠡᠭᠡᠭᠡᠯᠲᠡ ᠲᠡᠢ ᠬᠠᠮᠲᠤ ᠪᠠᠷ ᠡᠳ᠋ᠯᠡᠵᠦ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠭᠠᠳᠠᠭᠠᠳᠤ ᠯᠤᠭ᠎ᠠ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠰᠢᠨ᠎ᠡ᠎ᠶᠢ ᠡᠭᠦᠳᠬᠦ ᠰᠠᠢᠨ ᠰᠠᠢᠬᠠᠨ ᠣᠷᠴᠢᠨ ᠲᠣᠭᠣᠷᠢᠨ᠎ᠢ ᠪᠤᠢ ᠪᠤᠯᠭᠠᠵᠦ᠂ ᠠᠮᠢ ᠠᠬᠤᠢ᠎ᠶᠢ ᠤᠷᠢᠳ᠎ᠢ᠋ᠢᠡᠷ ᠪᠤᠳᠤᠯᠬᠢᠯᠠᠬᠤ ᠪᠣᠬᠢᠷᠳᠤᠯ ᠦᠭᠡᠢ ᠬᠥᠭᠵᠢᠯᠲᠡ᠎ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠠᠮ᠎ᠢᠶᠠᠷ ᠰᠠᠢᠲᠤᠷ ᠵᠠᠮᠨᠠᠬᠤ᠎ᠳᠤ ᠰᠢᠨ᠎ᠡ᠎ᠶᠢ ᠡᠭᠦᠳᠬᠦ ᠰᠠᠭᠤᠷᠢ᠎ᠶᠢ ᠪᠠᠲᠤᠳᠬᠠᠬᠤ ᠴᠢᠬᠤᠯᠠᠳᠠᠢ ᠭᠡᠵᠦ ᠢᠯᠡᠤᠨᠬᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面