2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠠᠩᠬᠠᠷᠤᠯ ᠲᠥᠪᠯᠡᠷᠡᠯ

2023-03-08 10:01:40

ᠵᠣᠬᠢᠶᠠᠭ᠍ᠴᠢ᠄ ᠬᠠᠨ ᠱᠢᠤᠸᠠᠢ ᠷᠦ᠋᠂ ᠯᠢ ᠶᠦᠩ ᠲᠤᠤ ᠂ ᠰᠦᠩ ᠱᠤᠸᠠᠩ ᠣᠩᠱᠢᠭ᠍ᠰᠠᠨ ᠣᠳᠠᠭ᠎ᠠ᠄ 3

ᠶᠡᠷᠦᠩᠬᠡᠢ ᠱᠦᠵᠢ ᠰᠢ ᠵᠢᠨ ᠫᠢᠩ᠎ᠦᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ ᠪᠠ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠳᠤᠭᠤᠢᠯᠠᠩ ᠬᠠᠮᠲᠤᠷᠠᠭ᠍ᠰᠠᠨ ᠬᠤᠷᠠᠯ ᠳᠡᠭᠡᠷᠡᠬᠢ ᠴᠢᠬᠤᠯᠠ ᠶᠠᠷᠢᠶ᠎ᠠ ᠥᠪᠥᠷ ᠮᠣᠩᠭᠣᠯ᠎ᠤᠨ ᠲᠦᠯᠦᠬᠡᠯᠡᠭᠴᠢ ᠬᠡᠰᠢᠬᠦᠨ᠂ ᠺᠠᠳ᠋ᠷ ᠤᠯᠠᠨ ᠲᠦᠮᠡᠨ᠎ᠤ ᠳᠤᠮᠳᠠ ᠬᠠᠯᠠᠭᠤᠨ ᠲᠤᠰᠭᠠᠯ ᠭᠠᠷᠪᠠ

3 ᠰᠠᠷ᠎ᠠ᠎ᠶ᠋ᠢᠨ 6 ᠤ᠋ ᠦᠳᠡ᠎ᠶ᠋ᠢᠨ ᠬᠣᠢᠨ᠎ᠠ᠂ ᠶᠡᠷᠦᠩᠬᠡᠢ ᠱᠦᠵᠢ ᠰᠢ ᠵᠢᠨ ᠫᠢᠩ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠡᠲᠡᠭᠡᠳ᠎ᠦᠨ ᠭᠡᠱᠢᠭᠦᠳ᠎ᠢ ᠡᠷᠬᠢᠨ ᠦᠵᠡᠬᠦ᠌᠎ᠶ᠋ᠢᠨ ᠬᠠᠮᠲᠤ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠳᠠᠭᠠᠨ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠳ᠎ᠢ ᠬᠦᠳᠦᠯᠥᠨ ᠵᠢᠯᠣᠭᠣᠳᠴᠤ᠌ ᠨᠠᠮ᠎ᠤᠨ ᠲᠥᠪ ᠬᠣᠷᠢᠶ᠎ᠠ ᠵᠢᠨ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ᠎ᠶ᠋ᠢ ᠵᠥᠪ ᠤᠢ᠍ᠢᠯᠠᠭᠠᠭᠤᠯᠵᠤ᠂ ᠢᠲᠡᠭᠡᠯ ᠵᠣᠷᠢᠭ᠎ᠢ ᠨᠢ ᠬᠥᠪᠴᠢᠯᠡᠵᠦ᠍᠂ ᠳᠠᠷᠤᠭᠠᠰᠤ ᠦᠭᠡᠢ ᠠᠵᠢᠯᠯᠠᠭᠤᠯᠵᠤ᠂ ᠵᠣᠷᠢᠭ᠍ᠲᠠᠢ᠎ᠪᠠᠷ ᠬᠥᠭ᠌ᠵᠢᠭᠦᠯᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠡᠷᠡᠭᠦᠯ᠎ᠢᠶᠡᠷ ᠬᠥᠭ᠌ᠵᠢᠬᠦ᠌᠂ ᠴᠢᠨᠠᠷ ᠰᠠᠢᠲᠠᠢ ᠬᠥᠭ᠌ᠵᠢᠬᠦ᠌᠎ᠶ᠋ᠢ ᠪᠡᠶᠡᠯᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠥᠪᠥᠷ ᠮᠣᠩᠭᠣᠯ᠎ᠤᠨ ᠲᠦᠯᠦᠬᠡᠯᠡᠭᠴᠢ ᠬᠡᠰᠢᠬᠦᠨ᠂ ᠺᠠᠳ᠋ᠷ ᠤᠯᠠᠨ ᠲᠦᠮᠡᠨ᠎ᠤ ᠳᠤᠮᠳᠠ ᠬᠠᠯᠠᠭᠤᠨ ᠲᠤᠰᠭᠠᠯ ᠭᠠᠷᠪᠠ᠃

ᠬᠦᠨᠳᠦ ᠡᠭᠦᠷᠭᠡ᠎ᠶ᠋ᠢ ᠵᠣᠷᠢᠭ᠍ᠲᠠᠢ ᠡᠭᠦᠷᠭᠡᠯᠡᠵᠦ᠍᠂ ᠭᠤᠤᠯᠳᠠᠯᠭ᠎ᠠ ᠵᠢᠨ ᠶᠡᠬᠡ ᠲᠠᠯ᠎ᠠ᠎ᠳᠤ ᠦᠢᠯᠡᠴᠢᠯᠡᠨ᠎ᠠ

ᠶᠡᠷᠦᠩᠬᠡᠢ ᠱᠦᠵᠢ ᠰᠢ ᠵᠢᠨ ᠫᠢᠩ᠂ ᠴᠢᠳᠠᠪᠤᠷᠢ᠎ᠲᠠᠶ᠂ ᠨᠥᠬᠥᠴᠡᠯ᠎ᠲᠡᠶ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠢᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠪᠡᠨ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠦᠪᠡᠷ ᠢ᠋ ᠪᠠᠨ ᠬᠦᠴᠦᠷᠬᠡᠭᠵᠢᠭᠦᠯᠬᠦ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠱᠢᠭᠤᠯᠬᠤ ᠳᠤᠮᠳᠠ ᠨᠡᠩ ᠶᠡᠬᠡ ᠦᠢᠯᠡᠳᠦᠯ ᠦᠵᠡᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠡᠨᠡ ᠨᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠱᠢᠤᠢ ᠢ ᠮᠠᠯ ᠠᠵᠤ ᠠᠬᠤᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠵᠠᠩ ᠵᠶ᠋ᠢ ᠱᠢᠨ᠎ᠳᠦ ᠮᠦᠷᠦᠨ ᠳ᠋ᠡᠬᠢ ᠬᠠᠷᠢᠭᠤᠴᠠᠯᠭ᠎ᠠ ᠨᠢ ᠬᠦᠨᠳᠦ ᠪᠠᠢᠬᠤ ᠵᠢ ᠮᠡᠳᠡᠷᠡᠭᠦᠯᠪᠡ᠃ ᠲᠡᠷᠡ᠄ 《ᠴᠢᠨᠠᠷ ᠰᠠᠢᠲᠠᠢ ᠬᠥᠭ᠌ᠵᠢᠯᠲᠡ ᠨᠢ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠳᠦ ᠨᠡᠩ ᠥᠨᠳᠥᠷ ᠱᠠᠭᠠᠷᠳᠠᠯᠭ᠎ᠠ ᠳᠤᠷᠠᠳᠴᠠᠢ᠃ ᠤᠯᠤᠰ᠎ᠤᠨ ᠲᠠᠰ᠎ᠤᠨ ᠮᠠᠯ ᠠᠵᠤ ᠠᠬᠤᠶ᠎ᠲᠠᠷᠢᠶᠠᠯᠠᠩ᠎ᠤᠨ ᠠᠵᠤ ᠦᠢᠯᠡᠰᠵᠢᠯᠲᠡ᠎ᠶ᠋ᠢᠨ ᠭᠤᠤᠯᠳᠠᠯᠭ᠎ᠠ᠎ᠲᠠᠶ ᠳᠠᠭᠠᠭᠤᠯᠤᠭ᠍ᠴᠢ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠱᠢᠤᠢ ᠢ ᠮᠠᠯ ᠠᠵᠤ ᠠᠬᠤᠶ ᠵᠢᠨ ᠺᠤᠮᠫᠠᠨᠢ 〈ᠬᠣᠶᠠᠷ ᠡᠷᠡᠰ ᠭᠤᠢᠪᠢᠰᠢ ᠥᠬᠡᠶ ᠪᠠᠢᠬᠤ〉 〈ᠬᠣᠶᠠᠷ ᠡᠷᠡᠭᠦᠯ〉 ᠤ᠋ᠨ ᠲᠤᠬᠠᠶ ᠨᠠᠮ᠎ᠤᠨ ᠲᠥᠪ ᠬᠣᠷᠢᠶ᠎ᠠ ᠵᠢᠨ ᠴᠢᠭ᠌ᠯᠡᠯᠲᠡ ᠲᠥᠷᠥ᠎ᠶ᠋ᠢᠨ ᠪᠣᠳᠣᠯᠭ᠎ᠠ᠎ᠶ᠋ᠢ ᠵᠥᠪ ᠣᠢᠯᠠᠭᠠᠭ᠍ᠰᠠᠨ ᠰᠠᠭᠤᠷᠢᠨ ᠳᠡᠭᠡᠷ᠎ᠡ᠂ ᠢᠲᠡᠭᠡᠯ ᠵᠣᠷᠢᠭ᠎ᠢᠶᠠᠨ ᠬᠦᠪᠴᠢᠯᠡᠵᠦ᠍᠂ ᠳᠠᠷᠤᠭᠠᠰᠤ ᠦᠭᠡᠢ ᠠᠵᠢᠯᠯᠠᠵᠤ᠂ ᠵᠣᠷᠢᠭ᠍ᠲᠠᠶ᠎ᠪᠠᠷ ᠬᠥᠭ᠌ᠵᠢᠭᠦᠯᠵᠦ᠍᠂ 〈ᠲᠩᠷᠢ᠎ᠶ᠋ᠢᠨ ᠬᠡᠱᠢᠭ᠌ᠲᠦ ᠪᠣᠷᠣᠲᠣᠬᠣᠶ〉 ᠭᠡᠬᠦ᠌ ᠡᠨᠡ ᠬᠦ᠌ ᠠᠯᠲᠠᠨ ᠫᠠᠢᠰᠠ᠎ᠶ᠋ᠢ ᠨᠡᠩ ᠬᠢᠯᠠᠯᠵᠠᠭᠤᠯᠬᠤ᠎ᠪᠠᠷ ᠴᠢᠷᠮᠠᠢᠨ᠎ᠠ》 ᠭᠡᠪᠡ᠃

《ᠶᠡᠷᠦᠩᠬᠡᠢ ᠱᠦᠵᠢ᠎ᠶ᠋ᠢᠨ ᠳᠤᠭᠤᠢᠯᠠᠩ ᠬᠠᠮᠲᠤᠷᠠᠭ᠍ᠰᠠᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃ ᠶᠡᠷᠦᠩᠬᠡᠢ ᠱᠦᠵᠢ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠡᠷᠡᠭᠦᠯ᠎ᠢᠶᠡᠷ ᠬᠥᠭ᠌ᠵᠢᠬᠦ᠌᠎ᠶ᠋ᠢ ᠲᠤᠢᠯ᠎ᠢᠶᠠᠷ ᠬᠠᠯᠠᠮᠵᠢᠯᠠᠵᠤ᠂ ᠬᠤᠷᠠᠯ ᠳᠡᠭᠡᠷ᠎ᠡ〈ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ᠎ᠤ ᠬᠦᠴᠢᠷ ᠵᠣᠪᠠᠭᠤᠷᠢ᠎ᠶ᠋ᠢ ᠨᠢ ᠱᠢᠢᠳᠪᠦᠷᠢᠯᠡᠨ ᠥᠭ᠌ᠴᠦ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠵᠣᠷᠢᠭ᠍ᠲᠠᠢ ᠠᠵᠢᠯᠯᠠᠵᠤ᠂ ᠳᠠᠷᠤᠭᠠᠰᠤ ᠦᠭᠡᠢ᠎ᠪᠡᠷ ᠠᠵᠢᠯᠯᠠᠬᠤ᠎ᠶ᠋ᠢ ᠵᠣᠷᠢᠭ᠍ᠵᠢᠭᠤᠯᠵᠤ᠂ ᠨᠢᠭᠡ ᠰᠡᠳᠭᠢᠯ ᠨᠢᠭᠡ ᠵᠣᠷᠢᠭ᠎ᠢᠶᠠᠷ ᠬᠥᠭ᠌ᠵᠢᠯᠳᠡ ᠵᠢ ᠡᠷᠢᠯᠬᠢᠯᠡᠬᠦ ᠬᠡᠷᠡᠭ᠌ᠲᠡᠢ〉 ᠭᠡᠵᠦ᠍ ᠵᠢᠭᠠᠵᠤ ᠭᠠᠷᠭᠠᠪᠠ᠃ ᠡᠨᠡ ᠨᠢ ᠪᠢᠳᠡᠨ᠎ᠤ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ ᠬᠥᠪᠴᠢᠯᠡᠭ᠌ᠰᠡᠨ ᠪᠠᠢᠨ᠎ᠠ》᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠭᠦᠸᠧ ᠴᠧᠩ ᠰᠲ᠋ᠤᠺ᠎ᠤᠨ ᠡᠵᠡᠮᠳᠡᠯ᠎ᠤᠨ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠦ᠋ ᠴᠧᠩ᠂ ᠠᠷᠠᠳ ᠤ᠋ᠨ ᠡᠵᠡᠩᠨᠡᠯᠳᠡ ᠵᠢᠨ ᠵᠠᠯᠠᠭᠤ ᠠᠵᠤ ᠠᠬᠤᠢᠯᠠᠯᠲᠠᠨ ᠪᠣᠯᠤᠭ᠍ᠰᠠᠨ᠎ᠤ ᠬᠤᠪᠢ᠎ᠳᠤ᠂ ᠶᠡᠷᠦᠩᠬᠡᠶ ᠱᠦᠵᠢ᠎ᠶ᠋ᠢᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ 《ᠤᠯᠤᠰ᠎ᠤᠨ ᠶᠡᠬᠡ ᠶᠠᠪᠤᠳᠠᠯ》 ᠢ᠋ ᠬᠡᠭᠦᠳᠡᠭ ᠴᠡᠭᠡᠵᠢᠡ ᠳ᠋ᠡᠭᠡᠨ ᠪᠤᠳᠤᠵᠤ᠂ ᠴᠠᠭ ᠦᠶ᠎ᠡ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠵᠣᠷᠢᠭ᠍ᠲᠠᠶ᠎ᠪᠠᠷ ᠡᠭᠦᠷᠭᠡᠯᠡᠵᠦ᠍᠂ ᠠᠵᠤ ᠠᠬᠤᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠳᠤ ᠠᠭᠤᠰᠭᠠᠨ ᠣᠷᠣᠭᠤᠯᠵᠤ᠂ ᠨᠡᠢᠭᠡᠮ᠎ᠦᠨ ᠬᠠᠷᠢᠭᠤᠴᠠᠯᠭ᠎ᠠ᠎ᠪᠠᠨ ᠦᠨᠡᠨ ᠬᠦ᠌ ᠭᠦᠶ᠋ᠴᠡᠳᠭᠡᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠲᠡᠷᠢᠭᠦᠯᠡᠭ᠌ᠴᠢ ᠪᠠᠢ ᠴᠦᠨ ᠶᠠᠨ᠄ 《ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠢᠨ ᠬᠦᠰᠡᠯ ᠨᠠᠢᠳᠠᠯᠭ᠎ᠠ᠎ᠶ᠋ᠢ ᠨᠢ ᠪᠠᠲᠤ ᠴᠡᠭᠡᠵᠢᠯᠡᠵᠦ᠍᠂ ᠬᠦᠨᠳᠦ ᠡᠭᠦᠷᠭᠡ᠎ᠶ᠋ᠢ ᠵᠣᠷᠢᠭ᠍ᠲᠠᠢ ᠡᠭᠦᠷᠭᠡᠯᠡᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠳ᠎ᠢ ᠢᠳᠡᠪᠬᠢᠲᠡᠢ ᠬᠦᠳᠦᠯᠦᠨ ᠵᠢᠯᠣᠭᠣᠳᠴᠤ᠌ ᠤᠯᠤᠰ ᠵᠢᠡᠨ ᠬᠠᠢᠷᠠᠯᠠᠬᠤ ᠰᠡᠳᠭᠢᠯᠭᠡ᠎ᠶ᠋ᠢ ᠨᠢ ᠴᠢᠩᠭᠠᠳᠭᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠤᠬᠠᠮᠰᠠᠷ ᠡᠴᠡ᠎ᠪᠠᠨ ᠦᠢᠯᠡᠳᠦᠯᠭᠡᠵᠢᠭᠦᠯᠵᠦ᠍᠂ ᠤᠷᠢᠳ᠎ᠢᠶᠠᠷ ᠪᠠᠶᠠᠵᠢᠭ᠍ᠰᠠᠨ ᠨᠢ ᠰᠡᠭᠦᠯᠡᠷ ᠪᠠᠶᠠᠵᠢᠬᠤ᠎ᠪᠠᠨ ᠳᠠᠢᠴᠢᠯᠠᠬᠤ᠂ ᠬᠠᠮᠲᠤ᠎ᠪᠠᠷ ᠪᠠᠶᠠᠵᠢᠬᠤ ᠵᠢ ᠠᠬᠢᠭᠤᠯᠬᠤ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠰᠡᠳᠭᠢᠯᠭᠡ ᠵᠢ ᠨᠢ ᠴᠢᠩᠭᠠᠳᠬᠠᠨ᠎ᠠ᠃ ᠥᠷᠭᠡᠨ ᠣᠯᠠᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠨᠠᠮ᠎ᠤᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠳᠤᠮᠳᠠ ᠱᠢᠨ᠎ᠡ ᠡᠭᠦᠷᠭᠡᠯᠡᠯ᠎ᠢ ᠢᠯᠡᠷᠡᠭᠦᠯᠦᠨ᠎ᠠ᠃ ᠪᠠᠰᠠ ᠠᠷᠠᠯᠵᠢᠶᠠᠴᠢᠨ ᠤᠷᠢᠵᠤ ᠪᠠᠯᠠ ᠮᠦᠩᠭᠦ ᠣᠷᠣᠭᠤᠯᠤᠨ ᠠᠪᠴᠢᠷᠠᠬᠤ ᠲᠠᠯ᠎ᠠ᠎ᠪᠠᠷ ᠡᠷᠳᠡᠮ ᠴᠢᠳᠠᠪᠤᠷᠢ᠎ᠪᠠᠨ ᠶᠡᠬᠡ᠎ᠪᠡᠷ ᠪᠠᠳᠠᠷᠠᠭᠤᠯᠵᠤ᠂ ᠬᠣᠱᠢᠭᠤᠴᠢ ᠪᠣᠯᠬᠤ᠎ᠪᠠᠷ ᠴᠢᠷᠮᠠᠢᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ ᠢ᠋ ᠨᠡᠮᠡᠭᠳᠡᠭᠦᠯᠬᠦ ᠲᠠᠯ᠎ᠠ᠎ᠪᠠᠷ ᠥᠷᠭᠡᠨ᠎ᠢᠶᠡᠷ ᠳᠠᠢᠴᠢᠯᠠᠵᠤ᠂ ᠢᠳᠡᠪᠬᠢᠲᠡᠶ ᠬᠥᠲᠥᠯᠥᠨ ᠳᠠᠭᠠᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠠᠯ᠎ᠠ᠎ᠪᠠᠷ ᠤᠳᠠᠭᠠᠨ ᠳᠠᠭᠠᠭᠠᠮᠠᠭᠠᠶ ᠵᠢᠳᠬᠦᠨ ᠴᠢᠷᠮᠠᠢᠵᠤ᠂ ᠴᠢᠳᠠᠮᠠᠭᠠᠶ ᠠᠵᠢᠯᠯᠠᠵᠤ ᠴᠢᠳᠠᠮᠠᠭᠠᠶ ᠬᠢᠨ᠎ᠠ᠃ ᠥᠪᠡᠷᠲᠡᠭᠡᠨ ᠵᠠᠰᠠᠬᠤ ᠣᠷᠣᠨ᠎ᠤ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ ᠯᠠᠪᠳᠠᠢ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ 〈ᠲᠦᠱᠢᠭ ᠲᠤᠯᠭᠠᠭᠤᠷᠢ〉᠂ 〈ᠲᠥᠷᠬᠥᠮ᠎ᠤᠨ ᠬᠦᠮᠦᠨ〉᠂ 〈ᠦᠢᠯᠡᠴᠢᠯᠡᠭᠴᠢ〉 ᠪᠣᠯᠵᠣ᠂ ᠦᠨᠡᠨ ᠬᠦ᠌ 〈ᠥᠪᠥᠷ ᠮᠣᠩᠭᠣᠯ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠡᠷ ᠪᠦᠯᠢ〉 ᠨᠢ ᠪᠣᠯᠤᠨ᠎ᠠ》 ᠭᠡᠪᠡ᠃

ᠡᠷᠴᠢ ᠵᠣᠷᠢᠭ᠎ᠢᠶᠠᠨ ᠬᠥᠪᠴᠢᠯᠡᠵᠦ᠍᠂ ᠬᠥᠭ᠌ᠵᠢᠯᠲᠡ᠎ᠶ᠋ᠢᠨ ᠢᠲᠡᠭᠡᠯ ᠵᠤᠷᠢᠭ᠎ᠢᠶᠠᠨ ᠴᠢᠩᠭᠠᠷᠠᠭᠤᠯᠤᠨ᠎ᠠ

《ᠨᠠᠮ᠎ᠤᠨ ᠲᠥᠪ ᠬᠣᠷᠢᠶ᠎ᠠ 〈ᠬᠣᠶᠠᠷ ᠡᠷᠡᠰ ᠭᠤᠢᠪᠢᠰᠢ ᠦᠭᠡᠢ ᠪᠠᠢᠬᠤ〉 ᠂ 〈ᠭᠤᠷᠪᠠᠨ ᠬᠤᠪᠢᠷᠠᠬᠤ ᠦᠭᠡᠢ ᠪᠠᠢᠬᠤ〉ᠵᠢ ᠢᠮᠠᠭ᠍ᠲᠠ ᠪᠠᠷᠢᠮᠲᠠᠯᠠᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ᠎ᠢ ᠢᠮᠠᠭ᠍ᠲᠠ ᠥᠪᠡᠷ᠎ᠦᠨ ᠬᠥᠮᠦᠨ᠎ᠢᠶᠡᠨ ᠪᠣᠯᠭᠠᠨ ᠦᠵᠡᠪᠡ》 ᠃ 《ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠬᠡᠰᠡᠨ ᠦᠬᠡᠢ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠬᠡᠰᠡᠨ ᠦᠬᠡᠢ᠂ ᠴᠥᠮ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ ᠴᠢᠬᠤᠯᠠ ᠬᠦᠴᠦᠨ ᠮᠥᠨ᠂ ᠡᠷᠬᠡᠪᠰᠢ ᠬᠠᠮᠲᠤ᠎ᠪᠠᠷ ᠪᠠᠶᠠᠵᠢᠬᠤ᠌᠎ᠶ᠋ᠢ ᠠᠬᠢᠭᠤᠯᠬᠤ ᠨᠡᠢᠭᠡᠮ᠎ᠦᠨ ᠬᠠᠷᠢᠭᠤᠴᠠᠯᠭ᠎ᠠ᠎ᠶ᠋ᠢ ᠡᠭᠦᠷᠭᠡᠯᠡᠬᠦ᠌ ᠬᠡᠷᠡᠭ᠌ᠲᠡᠢ》᠃ ᠳᠤᠭᠤᠢᠯᠠᠩ ᠬᠠᠮᠲᠤᠷᠠᠭ᠍ᠰᠠᠨ ᠬᠤᠷᠠᠯ ᠲᠡᠭᠦᠰᠦᠭ᠌ᠰᠡᠨ᠎ᠦ ᠳᠠᠷᠠᠭ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠡᠷᠬᠢᠯᠡᠭ᠌ᠴᠢ ᠭᠡᠱᠢᠭᠦᠨ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠶᠡᠬᠡ ᠰᠤᠷᠭᠠᠭᠤᠯᠢ᠎ᠶ᠋ᠢᠨ ᠵᠠᠬᠢᠷᠤᠯ ᠵᠢᠨ ᠵᠤᠸᠠᠩ ᠰᠠᠭᠤᠭ᠎ᠠ ᠭᠠᠵᠠᠷ᠎ᠤᠨ᠎ᠢᠶᠠᠨ ᠥᠷᠥᠭᠡᠨ᠎ᠳᠡᠭᠡᠨ ᠪᠤᠴᠠᠵᠤ᠂ ᠲᠡᠮᠳᠡᠭ᠌ᠯᠡᠯ᠎ᠦᠨ ᠳᠡᠪᠲᠡᠷ᠎ᠢᠶᠡᠨ ᠰᠡᠬᠦᠵᠦ᠍᠂ ᠶᠡᠷᠦᠩᠬᠡᠢ ᠱᠦᠵᠢ᠎ᠶ᠋ᠢᠨ ᠬᠡᠯᠡᠭ᠌ᠰᠡᠨ ᠦᠭᠡ ᠨᠢᠭᠡ ᠪᠦᠷᠢ᠎ᠶ᠋ᠢ ᠨᠠᠷᠢᠨ ᠣᠢᠯᠠᠭᠠᠨ ᠰᠤᠷᠤᠯᠴᠠᠪᠠ᠃ 《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠲᠤᠬᠠᠢ᠎ᠶ᠋ᠢᠨ ᠲᠠᠯᠠᠪᠠᠢ᠎ᠳᠤ ᠰᠣᠨᠣᠰᠤᠭᠠᠳ ᠪᠢ ᠲᠤᠢᠯ᠎ᠢᠶᠠᠷ ᠤᠷᠮᠠᠱᠢᠨ ᠵᠣᠷᠢᠭ᠍ᠵᠢᠪᠠ》᠃ ᠵᠢᠨ ᠵᠤᠸᠠᠩ᠂ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠠᠵᠤ ᠠᠬᠤᠢ᠎ᠶ᠋ᠢᠨ ᠡᠲᠡᠭᠡᠳ᠎ᠦᠨ ᠬᠢᠨ᠎ᠲᠡᠶ ᠬᠠᠷᠢᠯᠴᠠᠬᠤ ᠣᠨᠴᠠᠯᠢᠭ ᠪᠣᠯᠤᠨ ᠳᠠᠪᠠᠭᠤᠯᠢᠭ᠎ᠵᠢᠡᠨ ᠦᠷᠭᠦᠯᠵᠢᠯᠡᠨ ᠪᠠᠳᠠᠷᠠᠭᠤᠯᠵᠤ᠂ ᠰᠡᠳᠭᠢᠮᠵᠢ ᠪᠣᠯᠤᠨ ᠠᠷᠭ᠎ᠠ ᠬᠡᠮᠵᠢᠶ᠎ᠡ᠎ᠶ᠋ᠢᠨ ᠱᠢᠨ᠎ᠡ᠎ᠶ᠋ᠢ ᠡᠭᠦᠳᠴᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠢ ᠬᠠᠪᠰᠤᠷᠤᠨ ᠦᠢᠯᠡᠴᠢᠯᠡᠵᠦ᠍᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠢᠲᠡᠭᠡᠯ ᠵᠣᠷᠢᠭ᠎ᠢᠶᠠᠨ ᠬᠥᠪᠴᠢᠯᠡᠵᠦ᠍᠂ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠬᠤ᠎ᠳᠤ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠤᠶᠤᠨ ᠤᠬᠠᠭᠠᠨ ᠪᠣᠯᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃

ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ ᠨᠢ ᠥᠪᠥᠷ ᠮᠣᠩᠭᠣᠯ᠎ᠤᠨ ᠠᠢ ᠼᠤᠤ ᠶᠤᠸᠠᠨ ᠠᠮᠢ ᠠᠬᠤᠢ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠴᠧᠨ ᠸᠸᠨ ᠺᠸ ᠵᠢ ᠶᠡᠬᠡᠳᠡ ᠤᠷᠮᠠᠱᠢᠭᠤᠯᠪᠠ᠃ ᠲᠡᠷᠡ᠄ 《ᠡᠨᠡ ᠨᠢ ᠠᠵᠤ ᠠᠬᠤᠢᠯᠠᠯ᠎ᠢ ᠰᠠᠨᠠᠭ᠎ᠠ ᠠᠮᠤᠷ ᠪᠤᠯᠭᠠᠵᠤ᠂ ᠪᠢᠳᠡᠨ᠎ᠦ ᠲᠠᠷᠠᠭᠠᠴᠢ᠎ᠶ᠋ᠢᠨ ᠠᠯᠬᠤᠮ᠎ᠤᠨ ᠬᠥᠭ᠌ᠵᠢᠯᠲᠡ᠎ᠳᠦ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠵᠢᠭᠠᠵᠤ ᠥᠭ᠌ᠴᠡᠢ᠃ ᠪᠢ ᠯᠠᠪᠳᠠᠢ ᠠᠵᠢᠯᠲᠠᠨ᠎ᠢᠶᠠᠨ ᠳᠠᠭᠠᠭᠤᠯᠤᠨ ᠪᠥᠬᠥ᠌ ᠬᠦᠴᠦᠨ᠎ᠢᠶᠡᠷ᠎ᠢᠶᠡᠨ ᠠᠵᠤ ᠠᠬᠤᠢᠯᠠᠯ᠎ᠢᠶᠠᠨ ᠬᠥᠭ᠌ᠵᠢᠭᠦᠯᠦᠨ ᠪᠤᠵᠠᠭᠠᠢᠷᠠᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠮᠠᠯ ᠠᠵᠤ ᠠᠬᠤᠶ ᠲᠠᠷᠢᠶᠠᠯᠠᠩ᠎ᠤᠨ ᠣᠳᠣᠬᠢᠴᠢᠯᠠᠯᠲᠠ᠎ᠶ᠋ᠢᠨ ᠬᠥᠭ᠌ᠵᠢᠯᠲᠡ ᠵᠡᠷᠭᠡ ᠲᠠᠯ᠎ᠠ᠎ᠪᠠᠷ ᠠᠵᠤ ᠠᠬᠤᠢᠯᠠᠯ᠎ᠤᠨ ᠬᠦᠴᠦᠨ ᠴᠢᠳᠠᠯ᠎ᠢᠶᠠᠨ ᠡᠷᠭᠦᠵᠦ᠍᠂ ᠠᠵᠤ ᠠᠬᠤᠢᠯᠠᠯ᠎ᠤᠨ ᠠᠬᠢ ᠡᠪᠡᠰᠦ ᠬᠤᠳᠠᠯᠳᠤᠨ ᠠᠪᠬᠤ᠂ ᠳᠠᠷᠢᠬᠤ᠂ ᠰᠤᠳᠤᠯᠤᠨ ᠨᠡᠭᠡᠭᠡᠵᠦ᠍ ᠡᠳ᠋ᠱᠢᠭᠦᠯᠬᠦ᠌᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠮᠡᠷᠬᠡᠵᠢᠯ᠎ᠢ ᠲᠦᠭᠡᠮᠡᠯᠵᠢᠭᠦᠯᠬᠦ᠌᠂ ᠠᠬᠢ ᠡᠪᠡᠰᠦᠨ᠎ᠦ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ ᠵᠡᠷᠭᠡ ᠲᠠᠯ᠎ᠠ᠎ᠪᠠᠷ ᠨᠠᠩ ᠶᠡᠬᠡ ᠬᠥᠭ᠌ᠵᠢᠯᠲᠡ᠎ᠶ᠋ᠢᠨ ᠠᠯᠬᠤᠮ᠎ᠢ ᠠᠯᠬᠤᠬᠤ᠎ᠶ᠋ᠢ ᠠᠬᠢᠭᠤᠯᠵᠤ᠂ ᠣᠲᠣ ᠦᠶ᠎ᠡ᠎ᠶ᠋ᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠢ ᠴᠢᠷᠮᠠᠢᠨ ᠪᠠᠢᠭᠤᠯᠤᠨ᠎ᠠ》 ᠭᠡᠵᠦ ᠬᠡᠯᠡᠪᠡ᠃

ᠣᠳᠣᠬᠠᠨ ᠪᠤᠯ᠂ ᠶᠠᠭ ᠰᠠᠢᠬᠠᠨ ᠮᠠᠨ᠎ᠤ ᠣᠷᠣᠨ᠎ᠤ ᠲᠥᠯ ᠲᠤᠰᠴᠤ᠌ ᠪᠣᠢᠵᠢᠭᠤᠯᠬᠤ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠱᠢᠯᠢ᠎ᠶ᠋ᠢᠨ ᠭᠤᠤᠯ ᠠᠢᠮᠠᠭ᠎ᠤᠨ ᠠᠪᠠᠭ᠎ᠠ ᠬᠣᠱᠢᠭᠤᠨ᠎ᠤ ᠨᠠᠷᠠᠨᠪᠤᠯᠠᠭ ᠰᠤᠮᠤ᠎ᠶ᠋ᠢᠨ ᠡᠷᠳᠡᠨᠢ ᠣᠪᠣᠭ᠎ᠠ ᠭᠠᠴᠠᠭ᠎ᠠ᠎ᠨᠢ ᠰᠠᠶᠢᠬᠠᠨ ᠬᠤᠷᠠᠭᠠᠯᠠᠬᠰᠠᠨ ᠬᠤᠷᠠᠭ᠎ᠠ᠎ᠳ᠋ᠠᠭᠠᠨ ᠴᠥᠮ ᠨᠢᠭᠡᠳᠦᠯᠲᠡᠶ ᠢᠮ ᠲᠠᠮᠠᠭ᠎ᠠ ᠵᠡᠭᠦᠯᠭᠡᠵᠦ᠍᠂ ᠬᠤᠷᠠᠭᠠᠯᠠᠬᠰᠠᠨ ᠡᠳᠦᠷ ᠬᠤᠭᠤᠴᠠᠭ᠎ᠠ᠂ ᠪᠡᠶ᠎ᠡ᠎ᠶ᠋ᠢᠨ ᠬᠦᠨᠳᠦ᠂ ᠬᠢᠵᠢᠭ᠎ᠢ ᠰᠡᠷᠭᠡᠢᠯᠡᠬᠦ᠌ ᠵᠡᠷᠭᠡ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠪᠢᠴᠢᠵᠦ᠍ ᠤᠷᠤᠭᠤᠯᠳᠠᠭ᠃ ᠡᠨᠡ ᠪᠣᠯ ᠮᠥᠨ ᠴᠦ᠍ ᠥᠪᠥᠷ ᠮᠣᠩᠭᠣᠯ᠎ᠤᠨ ᠡᠷᠳᠡᠨᠢ ᠠᠵᠤ ᠦᠢᠯᠡᠰ (ᠪᠦᠯᠦᠭ᠌ᠯᠡᠯ) ᠤ᠋ᠨ ᠬᠢᠵᠠᠭᠠᠷᠲᠤ ᠺᠣᠮᠫᠠᠨᠢ᠎ᠶ᠋ᠢᠨ ᠲᠡᠵᠢᠭᠡᠨ ᠦᠷᠡᠵᠢᠭᠦᠯᠬᠦ᠌ ᠰᠠᠭᠤᠷᠢᠨ ᠪᠣᠯᠤᠨ᠎ᠠ᠂ ᠣᠳᠣᠬᠢᠴᠢᠯᠠᠭ᠍ᠰᠠᠨ ᠲᠡᠵᠢᠭᠡᠨ ᠦᠷᠡᠵᠢᠭᠦᠯᠬᠦ᠌ ᠠᠷᠭ᠎ᠠ ᠬᠡᠯᠪᠡᠷᠢ ᠨᠢ ᠤᠯᠠᠮᠵᠢᠯᠠᠯᠲᠤ ᠮᠠᠯ ᠠᠵᠤ ᠠᠬᠤᠢ᠎ᠶ᠋ᠢ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠭᠤᠯᠬᠤᠨ》᠎ᠵᠢᠠᠷ ᠦᠨᠳᠦᠷ ᠴᠢᠨᠠᠷ ᠰᠠᠢᠲᠠᠢ ᠬᠥᠭ᠌ᠵᠢᠯᠲᠡ᠎ᠲᠠᠢᠰᠢ ᠵᠠᠮᠨᠠᠭᠤᠯᠤᠬᠰᠠᠨ ᠪᠠᠢᠨ᠎ᠠ᠃

(ᠲᠤᠰ ᠰᠣᠨᠢᠨ᠎ᠤ ᠰᠤᠷᠪᠤᠯᠵᠢᠯᠠᠭ᠍ᠴᠢ ᠬᠠᠨ ᠱᠢᠤᠸᠠᠢ ᠷᠦ᠋ ᠯᠢ ᠶᠦᠩ ᠲᠤᠤ ᠰᠦᠩ ᠱᠤᠸᠠᠩ ᠴᠧᠨ ᠴᠦᠨ ᠶᠠᠨ ᠬᠤᠤ ᠵᠢᠶᠠ ᠯᠢ ᠱ᠌ᠢ ᠱᠢᠶᠠᠩ ᠵᠢᠶᠦ᠋ᠨ ᠯᠢ ᠭᠦᠸᠧ ᠫᠢᠩ ᠮᠡᠳᠡᠭᠡᠯᠡᠪᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面