2023-03-08 10:48:56
ᠤᠷᠢᠬᠠᠨ ᠬᠠᠪᠤᠷ ᠤᠯᠠᠷᠢᠯ ᠤ᠋ᠨ ᠵᠢᠮ᠎ᠡ ᠪᠡᠷ ᠰᠠᠭᠠᠲᠠᠵᠤ᠂ ᠲᠦᠮᠡᠨ ᠪᠣᠳᠠᠰ ᠠᠮᠢᠯᠠᠨ ᠲᠦᠯᠵᠢᠨᠡ᠃ ᠪᠦᠬᠦ᠌ ᠤᠯᠤᠰ ᠤ᠋ᠨ ᠬᠣᠶᠠᠷ ᠬᠤᠷᠠᠯ ᠤ᠋ᠨ ᠤᠷᠢᠬᠠᠨ ᠰᠠᠯᠬᠢ ᠵᠢ ᠤᠭ᠍ᠲᠤᠨ ᠤᠮᠠᠷᠠᠲᠤ ᠬᠢᠯᠢ ᠵᠢᠨ ᠡᠬᠡ ᠭᠠᠵᠠᠷ ᠲᠠᠬᠢ ᠲᠦᠷᠦᠯ ᠵᠦᠢᠯ ᠤ᠋ᠨ ᠪᠦᠳᠦᠬᠡᠨ ᠪᠠᠢᠭᠤᠯᠤᠯᠳᠠ ᠢᠳᠡ ᠬᠦᠭ ᠲᠠᠢ ᠶᠠᠪᠤᠭᠳᠠᠵᠤ᠂ ᠲᠠᠯᠠᠢ ᠶᠡᠬᠡ ᠬᠥᠳᠡᠯᠭᠡᠬᠦ᠌ ᠡᠨᠧᠷᠭᠢ ᠵᠢ ᠬᠤᠷᠠᠮᠳᠤᠭᠤᠯᠤᠨ᠎ᠠ᠃
ᠦᠬᠠᠶ ᠬᠣᠲᠠ ᠳ᠋ᠤ᠂ ᠥᠪᠥᠷ ᠮᠣᠩᠭᠣᠯ ᠤ᠋ᠨ ᠬᠤᠸᠠ ᠾᠧᠩ ᠡᠨᠧᠷᠭᠢ ᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠳ᠋ᠦ PTMEG᠂ PBAT ᠱᠢᠨ᠎ᠡ ᠬᠡᠯᠪᠡᠷᠢ ᠵᠢᠨ ᠮᠠᠲ᠋ᠧᠷᠢᠶᠠᠯ ᠤ᠋ᠨ ᠠᠵᠤ ᠦᠶ᠋ᠯᠡᠰ ᠤ᠋ᠨ ᠬᠡᠯᠬᠢᠶ᠎ᠡ ᠵᠢ ᠨᠢᠭᠡ ᠴᠣᠭ᠍ᠴᠠᠵᠢᠭᠤᠯᠤᠭ᠍ᠰᠠᠨ ᠲᠥᠷᠥᠯ ᠵᠦᠶ᠋ᠯ ᠤ᠋ᠨ ᠪᠦᠳᠦᠬᠡᠨ ᠪᠠᠢᠭᠤᠯᠤᠯᠳᠠ ᠤᠷᠤᠭᠰᠢᠳᠠᠢ ᠠᠬᠢᠨᠠ᠃
ᠣᠷᠳᠣᠰ ᠬᠣᠲᠠ ᠵᠢᠨ ᠦᠦᠱᠢᠨ ᠬᠣᠱᠢᠭᠤᠨ ᠳ᠋ᠦ᠂ ᠪᠥᠬᠥ᠌ ᠪᠥᠮᠪᠥᠷᠴᠡᠭ ᠤ᠋ᠨ ᠬᠠᠮᠤᠭ ᠤ᠋ᠨ ᠲᠣᠮᠣ ᠪᠤᠬᠢᠷᠳᠤᠯ ᠦᠬᠡᠢ ᠤᠰᠤᠲᠥ᠋ᠷᠥᠭ᠌ᠴᠢ ᠡᠪᠴᠡᠯ ᠤ᠋ᠨ ᠨᠡᠭᠦᠷᠡᠰᠦ ᠬᠢᠮᠢ ᠵᠢᠨ ᠠᠵᠤ ᠦᠶ᠋ᠯᠡᠳᠪᠦᠷᠢ ᠵᠢᠨ ᠲᠥᠷᠥᠯ ᠵᠦᠶ᠋ᠯ ᠪᠤᠯᠬᠤ ᠳᠤᠮᠳᠠᠳᠤ ᠤᠯᠤᠰ ᠤ᠋ᠨ ᠴᠢᠯᠠᠭᠤᠨ ᠲᠣᠰᠣ ᠬᠢᠮᠢ ᠵᠢᠨ ᠠᠵᠤ ᠦᠶ᠋ᠯᠡᠳᠪᠦᠷᠢ ᠵᠢᠨ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠵᠢᠡᠷ ᠪᠤᠬᠢᠷᠳᠤᠯ ᠦᠬᠡᠢ ᠤᠰᠤᠲᠥ᠋ᠷᠥᠭ᠌ᠴᠢ ᠦᠢᠯᠡᠳᠬᠦ ᠬᠢᠮᠢ ᠵᠢᠨ ᠠᠵᠤ ᠦᠶ᠋ᠯᠡᠳᠪᠦᠷᠢ ᠵᠢᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠤ᠋ᠨ ᠪᠦᠳᠦᠬᠡᠨ ᠪᠠᠢᠭᠤᠯᠤᠯᠳᠠ ᠬᠦᠭᠵᠢᠶᠡᠨᠲᠠᠢ ᠶᠠᠪᠤᠭᠳᠠᠨ᠎ᠠ᠃
ᠪᠠᠢᠷᠢᠱᠢᠭᠤᠯᠤᠯᠲᠠ ᠵᠢ ᠱᠢᠯᠢᠳᠡᠭ᠌ᠵᠢᠭᠦᠯᠵᠦ᠂ ᠪᠦᠲᠦᠴᠡ ᠵᠢ ᠲᠣᠬᠢᠷᠠᠭᠤᠯᠤᠨ᠂ ᠬᠥᠳᠡᠯᠭᠡᠬᠦ᠌ ᠡᠨᠧᠷᠭᠢ ᠵᠢ ᠡᠷᠭᠢᠯᠳᠦᠭᠦᠯᠵᠦ᠂ ᠶᠠᠰᠤ ᠴᠢᠨᠠᠷ ᠦᠷ᠎ᠠ ᠠᠰᠢᠭ ᠢ᠋ ᠳᠡᠭᠡᠭᠰᠢᠯᠡᠭᠦᠯᠦᠨ᠎ᠡ !ᠤᠷᠤᠨ ᠲᠠᠶᠠᠭᠠᠷ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠵᠢ ᠠᠮᠢᠳᠤᠯᠢᠭ ᠦᠶ᠋ᠯᠡᠳᠦᠯᠭᠡ ᠪᠣᠯᠭᠠᠨ᠂ ᠠᠵᠠ ᠲᠣᠬᠢᠶᠠᠯ ᠢ᠋ ᠠᠳᠭᠤᠬᠤ ᠳᠤᠮᠳᠠ ᠳᠠᠪᠠᠭᠤᠯᠢᠭ ᠶ᠋ᠢᠡᠨ ᠪᠠᠳᠠᠷᠠᠭᠤᠯᠤᠨ ᠴᠢᠡᠭᠭᠠᠳᠬᠠᠵᠤ᠂ ᠥᠷᠢᠰᠥᠯᠳᠦᠭᠡᠨ ᠢ᠋ ᠠᠷᠭᠠᠴᠠᠭᠠᠬᠤ ᠳᠤᠮᠳᠠ ᠬᠡᠯᠪᠡᠷᠢ ᠪᠡᠨ ᠬᠤᠪᠢᠷᠠᠭᠤᠯᠬᠤ ᠵᠢ ᠠᠬᠢᠭᠤᠯᠤᠨ ᠳᠤᠲᠠᠭᠤᠳᠠᠯ ᠶ᠋ᠢᠡᠨ ᠨᠥᠬᠥᠪᠥᠷᠢᠯᠡᠵᠤ᠂ ᠠᠷᠭ᠎ᠠ ᠪᠦᠬᠦᠨ ᠢ᠋ ᠰᠦᠪᠡᠭ᠌ᠴᠢᠯᠡᠨ ᠠᠵᠤ ᠠᠬᠤᠶ ᠵᠢᠨ ᠶᠡᠷᠦᠩᠬᠡᠶ ᠬᠡᠮᠵᠢᠶ᠎ᠡ ᠵᠢ ᠪᠤᠵᠠᠭᠠᠢᠷᠠᠭᠤᠯᠵᠤ᠂ ᠠᠵᠤ ᠠᠬᠤᠶ ᠵᠢᠨ ᠪᠠᠢᠷᠢᠱᠢᠭᠤᠯᠤᠯᠲᠠ ᠵᠢ ᠱᠢᠯᠢᠳᠡᠭ᠌ᠵᠢᠭᠦᠯᠤᠨ᠂ ᠠᠵᠤ ᠠᠬᠤᠶ ᠵᠢᠨ ᠪᠦᠲᠦᠴᠡ ᠵᠢ ᠲᠤᠬᠢᠷᠠᠭᠤᠯᠵᠤ᠂ ᠠᠮᠢᠵᠢᠷᠠᠯ ᠤ᠋ᠨ ᠬᠦᠴᠦᠨ ᠶ᠋ᠢᠡᠷ ᠪᠢᠯᠬᠠᠭᠰᠠᠨ ᠬᠥᠭ᠌ᠵᠢᠯᠲᠡ ᠵᠢᠨ ᠪᠠᠢᠷᠢᠱᠢᠯ ᠢ᠋ ᠬᠦᠴᠦᠯᠡᠨ ᠪᠠᠢᠭᠤᠯᠤᠨ᠎ᠠ᠃
ᠡᠯ᠎ᠡ ᠭᠠᠵᠠᠷ ᠤ᠋ᠨ ᠬᠢᠨ ᠵᠢᠷᠤᠭ ᠲᠥᠰᠦᠪ ᠭᠠᠷᠭᠠᠨ ᠠᠵᠠ ᠲᠣᠬᠢᠶᠠᠯ ᠢ᠋ ᠠᠳᠬᠤᠵᠤ᠂ ᠬᠠᠷᠢᠯᠴᠠᠨ ᠦᠷᠢᠰᠦᠯᠳᠤᠨ ᠪᠦᠲᠦᠴᠡ ᠪᠠᠨ ᠰᠢᠯᠢᠳᠡᠭᠵᠢᠬᠦᠯᠵᠤ᠂ ᠵᠢᠯᠤᠭᠤ ᠰᠤᠩᠭᠠᠨ ᠬᠠᠮᠳᠤ ᠪᠡᠷ ᠡᠷᠡᠮᠡᠬᠡᠢᠯᠡᠨ ᠤᠷᠤᠭᠰᠢᠯᠠᠨ᠎ᠠ᠃
ᠣᠷᠳᠣᠰ ᠬᠣᠲᠠ ᠨᠢᠭᠡᠨᠲᠡ ᠪᠥᠬᠥ᠌ ᠪᠥᠮᠪᠥᠷᠴᠡᠭ ᠤ᠋ᠨ ᠬᠡᠪᠴᠢᠶ᠎ᠡ ᠪᠡᠷ ᠬᠠᠮᠤᠭ ᠤ᠋ᠨ ᠶᠡᠬᠡ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠶ᠋ᠯᠡᠳᠪᠦᠷᠢ ᠵᠢᠨ ᠰᠠᠭᠤᠷᠢᠨ ᠢ᠋ ᠪᠠᠢᠭᠤᠯᠵᠤ᠂ ᠨᠡᠭᠦᠷᠡᠰᠦ ᠵᠢ ᠬᠦᠨᠵᠡᠬᠡᠢ ᠡᠳ᠋ᠰᠢᠬᠦᠯᠬᠦ ᠠᠵᠤ ᠦᠶ᠋ᠯᠡᠰ ᠤ᠋ᠨ ᠬᠡᠯᠬᠢᠶ᠎ᠡ ᠪᠤᠯᠤᠨ ᠨᠡᠭᠦᠷᠡᠰᠦ ᠪᠡᠷ ᠰᠠᠭᠤᠷᠢ ᠪᠣᠯᠭᠠᠭ᠍ᠰᠠᠨ ᠱᠢᠨ᠎ᠡ ᠪᠡᠷ ᠮᠠᠨᠳᠤᠭᠰᠠᠨ ᠠᠵᠤ ᠦᠶ᠋ᠯᠡᠰ ᠤ᠋ᠨ ᠬᠡᠯᠬᠢᠶ᠎ᠡ ᠵᠢᠨ ᠲᠦᠪᠱᠢᠨ ᠵᠢᠡᠷ ᠳᠡᠯᠡᠬᠡᠶ ᠵᠢᠨ ᠡᠮᠦᠨ᠎ᠡ ᠡᠩᠨᠡᠭᠡᠨ ᠳ᠋ᠤ ᠣᠷᠣᠵᠤ ᠂ ᠤᠳᠤ ᠶᠠᠭ 《ᠳᠡᠯᠡᠬᠡᠶ ᠵᠢᠨ ᠲᠠᠰ ᠤ᠋ᠨ ᠳᠥᠷᠪᠡᠨ ᠠᠵᠤ ᠦᠶ᠋ᠯᠡᠰ》 ᠢ᠋ ᠢᠳᠡᠪᠬᠢᠲᠡᠶ ᠪᠠᠢᠭᠤᠯᠵᠤ ᠂ ᠤᠯᠤᠰ ᠤ᠋ᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ ᠵᠢᠨ ᠡᠬᠢ ᠪᠠᠶᠠᠯᠢᠭ ᠤ᠋ᠨ ᠰᠠᠭᠤᠷᠢᠨ ᠤ᠋ ᠪᠥᠲᠥᠭᠡᠨ ᠪᠠᠢᠭᠤᠯᠤᠯᠲᠠ ᠵᠢ ᠠᠬᠢᠭᠤᠯᠬᠤ ᠳ᠋ᠦ ᠣᠷᠳᠣᠰ ᠤ᠋ᠨ ᠬᠦᠴᠦᠨ ᠴᠢᠳᠠᠯ ᠶ᠋ᠢᠡᠨ ᠡᠷᠭᠦᠵᠦ᠍ ᠪᠠᠢᠨ᠎ᠠ ᠃
ᠪᠤᠭᠤᠲᠤ ᠬᠣᠲᠠ ᠪᠣᠬᠢᠷᠲᠤᠯ ᠥᠬᠡᠶ ᠵᠢᠨ ᠲᠤᠭᠤᠷᠢᠨ ᠳ᠋ᠤ ᠬᠡᠯᠪᠡᠷᠢ ᠪᠡᠨ ᠬᠤᠪᠢᠷᠠᠭᠤᠯᠤᠨ᠂ ᠠᠵᠤ ᠦᠢᠯᠡᠰ ᠤ᠋ᠨ ᠬᠡᠯᠬᠢᠶ᠎ᠡ ᠵᠢᠨ ᠲᠤᠭᠤᠷᠢᠨ ᠳ᠋ᠤ ᠬᠥᠭ᠌ᠵᠢᠯᠲᠡ ᠵᠢ ᠰᠦᠪᠡᠭ᠌ᠴᠢᠯᠡᠵᠤ᠂ ᠰᠣᠷᠢᠨᠵᠢᠨ ᠮᠠᠲ᠋ᠧᠷᠢᠶᠠᠯ ᠪᠠ ᠤᠰᠤᠲᠥ᠋ᠷᠥᠭ᠌ᠴᠢ ᠬᠠᠳᠠᠭᠠᠯᠠᠬᠤ ᠮᠠᠲ᠋ᠧᠷᠢᠶᠠᠯ ᠵᠡᠷᠭᠡ 《ᠬᠣᠪᠣᠷ ᠱᠢᠷᠣᠶ +》 ᠠᠵᠤ ᠦᠶ᠋ᠯᠡᠰ ᠢ᠋ ᠶᠡᠬᠡ ᠪᠡᠷ ᠬᠥᠭ᠌ᠵᠢᠭᠦᠯᠤᠨ᠂ ᠬᠣᠪᠣᠷ ᠱᠢᠷᠣᠶ ᠵᠢᠨ ᠠᠵᠤ ᠦᠶ᠋ᠯᠡᠰ ᠤ᠋ᠨ ᠪᠦᠯᠦᠭᠵᠢᠯ ᠢ᠋ ᠪᠦᠷᠢᠯᠳᠦᠭᠦᠯᠵᠦ᠂ ᠬᠣᠪᠣᠷ ᠱᠢᠷᠣᠶ ᠵᠢᠨ ᠲᠦᠭᠦᠬᠡᠶ ᠮᠠᠲ᠋ᠧᠷᠢᠶᠠᠯ ᠢ᠋ ᠲᠤᠬᠠᠶ ᠵᠢᠨ ᠭᠠᠵᠠᠷ ᠲᠤᠨᠢ ᠬᠤᠪᠢᠷᠠᠭᠤᠯᠬᠤ ᠨᠣᠷᠮ᠎ᠠ ᠨᠢᠭᠡᠨᠲᠡ 79% ᠳ᠋ᠤ ᠬᠦᠷᠴᠡᠶ ᠃
ᠬᠥᠬᠡᠬᠣᠲᠠ ᠪᠣᠬᠢᠷᠲᠤᠯ ᠥᠬᠡᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠪᠤᠯᠪᠠᠰᠤᠷᠠᠭᠤᠯᠬᠤ᠂ ᠴᠡᠪᠡᠷ ᠡᠨᠧᠷᠭᠢ᠂ ᠤᠳᠤ ᠦᠶ᠎ᠠ ᠵᠢᠨ ᠬᠢᠮᠢ ᠵᠢᠨ ᠠᠵᠤ ᠦᠶ᠋ᠯᠡᠳᠪᠦᠷᠢ᠂ ᠱᠢᠨ᠎ᠡ ᠮᠠᠲ᠋ᠧᠷᠢᠶᠠᠯ ᠪᠠ ᠣᠲᠣ ᠦᠶ᠎ᠡ ᠵᠢᠨ ᠲᠣᠨᠣᠭᠯᠠᠯ ᠦᠶ᠋ᠯᠡᠳᠬᠦ᠌ ᠦᠶ᠋ᠯᠡᠰ᠂ ᠠᠮᠢᠳᠤ ᠪᠣᠳᠠᠰ ᠤ᠋ᠨ ᠡᠮ ᠡᠮᠨᠡᠯᠭᠡ᠂ ᠡᠯᠧᠺᠲ᠋ᠷᠣᠨ ᠮᠡᠳᠡᠭᠡ ᠵᠠᠩᠭᠢ ᠵᠢᠨ ᠮᠡᠷᠭᠡᠵᠢᠯ ᠵᠡᠷᠭᠡ《ᠵᠢᠷᠭᠤᠭᠠᠨ ᠶᠡᠬᠡ ᠠᠵᠤ ᠦᠶ᠋ᠯᠡᠰ ᠤ᠋ᠨ ᠪᠦᠯᠦᠭ᠌ᠵᠢᠯ》 ᠤ᠋ᠨ ᠪᠣᠬᠢᠷᠲᠤᠯ ᠥᠬᠡᠶ ᠬᠥᠭ᠌ᠵᠢᠯᠲᠡ ᠵᠢ ᠪᠥᠬᠥ᠌ ᠬᠦᠴᠦᠨ ᠶ᠋ᠢᠡᠷ ᠶ᠋ᠢᠡᠨ ᠠᠬᠢᠭᠤᠯᠵᠤ ᠪᠠᠢᠨ᠎ᠠ ᠃
᠁
ᠤᠷᠤᠭᠰᠢᠯᠠᠯᠲᠠ ᠶ᠋ᠢᠨ ᠪᠦᠷᠢᠶ᠎ᠠ ᠬᠠᠩᠭᠢᠨᠠᠮ᠎ᠠ᠂ ᠬᠦᠭᠵᠢᠯᠲᠡ ᠶ᠋ᠢᠨ ᠠᠯᠬᠤᠭ᠎ᠠ ᠢᠳᠡᠷᠡᠬᠦᠨ᠃ ᠥᠪᠥᠷ ᠮᠣᠩᠭᠣᠯ ᠠᠵᠤ ᠦᠶ᠋ᠯᠡᠰ ᠢ᠋ ᠱᠢᠯᠢᠳᠡᠭ᠌ᠵᠢᠭᠦᠯᠦᠨ ᠲᠠᠰ ᠳᠡᠪᠱᠢᠭᠦᠯᠵᠤ᠂ ᠠᠵᠤ ᠠᠬᠤᠶ ᠵᠢᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠲᠤᠮᠳᠠ ᠲᠠᠰᠤᠷᠠᠯᠲᠠ ᠥᠬᠡᠶ ᠬᠦᠴᠢᠷ ᠠᠰᠠᠭᠤᠳᠠᠯ ᠢ᠋ ᠱᠢᠶ᠋ᠳᠪᠦᠷᠢᠯᠡᠨ ᠂ ᠦᠷ᠎ᠡ ᠪᠦᠲᠦᠮᠵᠢ ᠭᠠᠷᠭᠠᠪᠠ᠃
ᠮᠠᠯ ᠠᠵᠤ ᠠᠬᠤᠢ ᠲᠠᠷᠢᠶᠠᠯᠠᠩ ᠲᠣᠭ᠍ᠲᠠᠭᠤᠨ ᠶ᠋ᠢᠡᠷ ᠬᠦᠭᠵᠢᠪᠡ — 2022 ᠣᠨ ᠳ᠋ᠦ ᠲᠠᠷᠢᠶᠠᠯᠠᠩ ᠣᠶ ᠱᠢᠭᠤᠶ ᠮᠠᠯ ᠠᠵᠤ ᠠᠬᠤᠶ ᠵᠢᠭᠠᠰᠤᠨ ᠤ᠋ ᠠᠵᠤ ᠠᠬᠤᠶ ᠵᠢᠨ ᠨᠡᠮᠡᠭ᠌ᠳᠡᠯ ᠥᠷᠲᠡᠭ 2710.0 ᠳ᠋ᠦᠩᠱᠢᠭᠤᠷ ᠲᠥᠭᠥᠷᠢᠭ ᠲᠦ᠍ ᠬᠦᠷᠴᠦ᠍᠂ ᠲᠠᠬᠡᠷ᠎ᠠ ᠵᠢᠯ ᠤ᠋ᠨ ᠬᠢ ᠡᠴᠡ ᠪᠠᠨ 4.5% ᠪᠠᠷ ᠨᠡᠮᠡᠭ᠌ᠳᠡᠵᠦ᠍᠂ ᠠᠵᠤ ᠠᠬᠤᠶ ᠵᠢᠨ ᠨᠡᠮᠡᠭ᠌ᠳᠡᠯ ᠢ᠋ ᠵᠠᠭᠤᠨ ᠤ᠋ ᠬᠠᠷᠢᠴᠠᠯ ᠶ᠋ᠢᠡᠷ 0.5 ᠬᠤᠪᠢ ᠳᠠᠢᠴᠢᠯᠠᠪᠠ ᠃
ᠠᠵᠤ ᠦᠶ᠋ᠯᠡᠳᠪᠦᠷᠢ ᠵᠢᠨ ᠦᠶ᠋ᠯᠡᠳᠪᠦᠷᠢᠯᠡᠯ ᠤ᠋ᠨ ᠨᠡᠮᠡᠭ᠌ᠳᠡᠯ ᠤ᠋ᠨ ᠬᠠᠨᠳᠤᠰᠢ ᠰᠠᠢᠨ ᠪᠠᠢᠨ᠎ᠠ — 2022 ᠣᠨ ᠳ᠋ᠦ ᠪᠥᠬᠥ᠌ ᠣᠷᠣᠨ ᠤ᠋ ᠠᠵᠤ ᠦᠶ᠋ᠯᠡᠳᠪᠦᠷᠢ ᠵᠢᠨ ᠨᠡᠮᠡᠭ᠌ᠳᠡᠯ ᠥᠷᠲᠡᠭ 9703.8 ᠳ᠋ᠦᠩᠱᠢᠭᠤᠷ ᠲᠥᠭᠥᠷᠢᠭ ᠲᠦ᠍ ᠬᠦᠷᠴᠦ᠍᠂ ᠳᠡᠭᠡᠷ᠎ᠡ ᠵᠢᠯ ᠤ᠋ᠨ ᠬᠢ ᠡᠴᠡ ᠪᠠᠨ 6.6% ᠪᠠᠷ ᠨᠡᠮᠡᠭ᠌ᠳᠡᠵᠦ᠍᠂ ᠠᠵᠤ ᠠᠬᠤᠶ ᠵᠢᠨ ᠨᠡᠮᠡᠭ᠌ᠳᠡᠯ ᠢ᠋ ᠵᠠᠭᠤᠨ ᠤ᠋ ᠬᠠᠷᠢᠴᠠᠯ ᠶ᠋ᠢᠡᠷ 2.2 ᠬᠤᠪᠢ ᠳᠠᠢᠴᠢᠯᠠᠪᠠ᠃
ᠦᠶ᠋ᠯᠡᠴᠢᠯᠡᠭᠡᠨ ᠤ᠋ ᠦᠶ᠋ᠯᠡᠰ ᠤ᠋ᠨ ᠬᠥᠭ᠌ᠵᠢᠯᠲᠡ ᠲᠤᠭᠳᠠᠭᠤᠨ ᠵᠢᠡᠷ ᠰᠡᠷᠭᠦᠪᠡ — 2022 ᠣᠨ ᠳ᠋ᠦ ᠪᠥᠬᠥ᠌ ᠣᠷᠣᠨ ᠤ᠋ ᠦᠶ᠋ᠯᠡᠴᠢᠯᠡᠭᠡᠨ ᠤ᠋ ᠦᠶ᠋ᠯᠡᠰ ᠤ᠋ᠨ ᠨᠡᠮᠡᠭ᠌ᠳᠡᠯ ᠥᠷᠲᠡᠭ ᠲᠠᠬᠡᠷ᠎ᠠ ᠵᠢᠯ ᠤ᠋ᠨ ᠬᠢ ᠡᠴᠡ ᠪᠠᠨ 2.2% ᠶ᠋ᠢᠡᠷ ᠨᠡᠮᠡᠭ᠌ᠳᠡᠵᠦ᠍᠂ ᠭᠤᠤᠯᠳᠠᠯᠭ᠎ᠠ ᠲᠠᠶ ᠦᠶ᠋ᠯᠡᠴᠢᠯᠡᠭᠡᠨ ᠤ᠋ ᠦᠶ᠋ᠯᠡᠰ ᠤ᠋ᠨ ᠠᠵᠢᠯ ᠲᠥᠷᠥᠯ ᠦᠷᠭᠦᠯᠵᠢᠯᠡᠨ ᠰᠡᠷᠭᠦᠪᠡ᠃
᠁
ᠦᠩᠬᠡᠷᠡᠭᠰᠡᠨ ᠤ᠋ ᠵᠢᠳᠬᠦᠯ ᠴᠢᠷᠮᠠᠢᠯᠭ᠎ᠠ ᠵᠢᠨ ᠰᠠᠭᠤᠷᠢᠨ ᠲᠡᠬᠡᠷ᠎ᠠ ᠥᠨᠥᠳᠦᠷ ᠬᠦᠴᠦᠨ ᠴᠢᠳᠠᠯ ᠵᠢᠡᠨ ᠪᠠᠳᠠᠷᠠᠭᠤᠯᠪᠠᠯ ᠰᠠᠶᠢ ᠮᠠᠷᠭᠠᠰᠢ ᠵᠢᠨ ᠠᠮᠵᠢᠯᠲᠠ ᠪᠦᠲᠦᠮᠵᠢ ᠵᠢ ᠣᠯᠵᠤ ᠴᠢᠳᠠᠨ᠎ᠠ ᠃
2023 ᠣᠨ ᠪᠣᠯ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠪᠦᠬᠦ᠌ ᠲᠠᠯ᠎ᠠ ᠪᠡᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ ᠵᠢᠨ ᠵᠢᠯ ᠮᠦᠨ᠂ ᠱᠢᠨ᠎ᠡ ᠠᠶᠠᠨ ᠳ᠋ᠦ ᠥᠪᠥᠷ ᠮᠣᠩᠭᠣᠯ ᠬᠡᠷᠬᠢᠨ ᠠᠵᠤ ᠦᠢᠯᠡᠰ ᠤ᠋ᠨ ᠬᠡᠯᠪᠡᠷᠢ ᠵᠢ ᠬᠤᠪᠢᠷᠠᠭᠤᠯᠤᠨ ᠲᠡᠰ ᠳᠡᠪᠱᠢᠭᠦᠯᠬᠦ᠌ ᠵᠢ ᠲᠦᠷᠭᠡᠳᠭᠡᠵᠦ᠍ ᠂ ᠠᠵᠤ ᠠᠬᠤᠢ ᠵᠢᠨ ᠪᠦᠲᠦᠴᠡ ᠵᠢ ᠲᠤᠬᠢᠷᠠᠭᠤᠯᠤᠨ ᠱᠢᠯᠢᠳᠡᠭ᠌ᠵᠢᠭᠦᠯᠵᠦ᠍᠂ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ ᠤ᠋ᠨ ᠵᠣᠬᠢᠴᠠᠩᠭᠤᠢ ᠬᠥᠭ᠌ᠵᠢᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠤᠢ? ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠡᠴᠡ ᠨᠢᠬᠡᠨᠳᠡ ᠲᠦᠰᠦᠪ ᠭᠠᠷᠭᠠᠴᠢᠬᠠᠵᠠᠢ᠄
— ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠭᠣᠣᠯ ᠰᠡᠳᠦᠪ ᠢ᠋ ᠪᠠᠲᠤ ᠡᠵᠡᠮᠳᠡᠵᠦ᠍᠂ ᠪᠦᠲᠦᠴᠡ ᠵᠢ ᠲᠤᠬᠢᠷᠠᠭᠤᠯᠬᠤ᠂ ᠴᠢᠳᠠᠮᠵᠢ ᠵᠢ ᠬᠤᠪᠢᠷᠠᠭᠤᠯᠬᠤ᠂ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠲᠠᠯ᠎ᠠ ᠪᠡᠷ ᠱᠢᠨ᠎ᠡ ᠱᠢᠪᠲᠤᠯᠤᠯᠲᠠ ᠭᠠᠷᠭᠠᠨ᠎ᠠ ᠃
— 《ᠬᠣᠶᠠᠷ ᠰᠠᠭᠤᠷᠢᠨ》 ᠢ᠋ ᠴᠢᠨᠠᠷ ᠰᠠᠢᠲᠠᠢ ᠪᠦᠲᠦᠭᠡᠨ ᠪᠠᠢᠭᠤᠯᠬᠤ ᠲᠠᠶ ᠨᠢᠭ᠍ᠲᠠ ᠤᠶᠠᠯᠳᠤᠭᠤᠯᠤᠨ᠂ ᠤᠯᠠᠮᠵᠢᠯᠠᠯᠲᠤ ᠠᠵᠤ ᠦᠢᠯᠡᠰ ᠢ᠋ 《ᠲᠤᠢᠯᠪᠤᠷᠢᠲᠠᠢ ᠥᠭᠡᠷᠡᠴᠢᠯᠡᠬᠦ》᠂ ᠱᠢᠨ᠎ᠡ ᠪᠡᠷ ᠮᠠᠨᠳᠤᠭᠰᠠᠨ ᠠᠵᠤ ᠦᠢᠯᠡᠰ ᠢ᠋ 《 ᠪᠤᠵᠠᠭᠠᠢᠷᠠᠭᠤᠯᠤᠨ ᠬᠦᠴᠤᠷᠬᠡᠭᠵᠢᠬᠦᠯᠬᠦ 》 ᠂ ᠲᠤᠯᠭᠠᠭᠤᠷᠢ ᠠᠵᠤ ᠦᠢᠯᠡᠰ ᠢ᠋ 《 ᠬᠡᠯᠬᠢᠶᠡᠵᠢᠬᠦᠯᠵᠤ ᠪᠦᠯᠦᠭᠵᠢᠬᠦᠯᠬᠦ》 ᠵᠢ ᠠᠬᠢᠭᠤᠯᠤᠨ᠎ᠠ᠃
— ᠮᠠᠯ ᠠᠵᠤ ᠠᠬᠤᠢ ᠲᠠᠷᠢᠶᠠᠯᠠᠩ ᠢ᠋ ᠬᠡᠪᠴᠢᠶᠡᠵᠢᠬᠦᠯᠬᠦ᠂ ᠠᠵᠤ ᠦᠢᠯᠡᠰᠵᠢᠬᠦᠯᠬᠦ᠂ ᠲᠥᠷᠥᠯ ᠲᠡᠮᠳᠡᠭ᠌ᠵᠢᠬᠦᠯᠬᠦ ᠵᠢ ᠲᠦᠷᠭᠡᠳᠭᠡᠨ ᠠᠬᠢᠭᠤᠯᠤᠨ᠎ᠠ᠃
— ᠡᠨᠧᠷᠭᠢ ᠵᠢᠨ ᠠᠵᠤ ᠠᠬᠤᠢ ᠵᠢ ᠤᠯᠠᠨ ᠡᠱᠢᠵᠢᠬᠦᠯᠬᠦ᠂ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ᠂ ᠳᠡᠭᠡᠳᠦ ᠲᠡᠰᠵᠢᠬᠦᠯᠬᠦ ᠵᠢ ᠲᠦᠷᠭᠡᠳᠭᠡᠨ ᠠᠬᠢᠭᠤᠯᠤᠨ᠎ᠠ᠃
— ᠦᠢᠯᠡᠳᠬᠦ᠌ ᠦᠢᠯᠡᠰ ᠢ᠋ ᠳᠡᠭᠡᠳᠦ ᠲᠡᠰᠵᠢᠬᠦᠯᠬᠦ᠌᠂ ᠤᠶᠤᠨᠴᠢᠯᠠᠬᠤ᠂ ᠪᠣᠬᠢᠷᠲᠤᠯ ᠦᠭᠡᠢ ᠪᠣᠯᠭᠠᠬᠤ ᠵᠢ ᠲᠦᠷᠭᠡᠳᠭᠡᠨ ᠠᠬᠢᠭᠤᠯᠤᠨ᠎ᠠ᠃
— ᠣᠳᠣ ᠦᠶ᠎ᠡ ᠵᠢᠨ ᠦᠢᠯᠡᠴᠢᠯᠡᠭᠡᠨ ᠤ᠋ ᠦᠢᠯᠡᠰ ᠤ᠋ᠨ ᠬᠡᠪᠴᠢᠶ᠎ᠡ ᠪᠡᠨ ᠥᠷᠭᠡᠳᠭᠡᠬᠦ᠌᠂ ᠶᠠᠰᠤ ᠴᠢᠨᠠᠷ ᠶ᠋ᠢᠡᠨ ᠳᠡᠭᠡᠭ᠌ᠰᠢᠯᠡᠭᠦᠯᠬᠦ᠌ ᠵᠢ ᠲᠦᠷᠭᠡᠳᠭᠡᠨ ᠠᠬᠢᠭᠤᠯᠤᠨ᠎ᠠ᠃
ᠵᠢᠷᠤᠭ ᠲᠥᠰᠦᠪ ᠢ᠋ ᠨᠢᠭᠡᠨᠲᠡ ᠵᠢᠷᠤᠭ᠍ᠯᠠᠵᠤ᠂ ᠡᠷᠡᠮᠡᠬᠡᠢᠯᠡᠨ ᠤᠷᠤᠭ᠍ᠰᠢᠯᠠᠬᠤ ᠴᠠᠭ ᠬᠦᠷᠴᠦ ᠢᠷᠡᠯ᠎ᠡ᠃
ᠪᠦᠬᠦ᠌ ᠤᠯᠤᠰ ᠤ᠋ᠨ ᠬᠣᠶᠠᠷ ᠬᠤᠷᠠᠯ ᠳᠡᠭᠡᠷ᠎ᠡ᠂ ᠥᠪᠥᠷ ᠮᠣᠩᠭᠣᠯ ᠡᠴᠡ ᠢᠷᠡᠭᠰᠡᠨ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢᠳ᠂ ᠪᠦᠬᠦ᠌ ᠤᠯᠤᠰ ᠤ᠋ᠨ ᠤᠯᠤᠰ ᠲᠦᠷᠦ᠍ ᠵᠢᠨ ᠵᠥᠪᠯᠡᠯᠭᠡᠨ ᠤ᠋ ᠭᠡᠱᠢᠭᠦᠳ ᠴᠦᠮ ᠢᠲᠡᠭᠡᠯ ᠲᠡᠭᠦᠯᠳᠡᠷ ᠶ᠋ᠢᠡᠷ ᠰᠠᠨᠠᠯ ᠰᠠᠨᠠᠭᠤᠯᠭ᠎ᠠ ᠪᠠᠨ ᠳᠡᠪᠱᠢᠭᠦᠯᠵᠡᠬᠡᠨᠠ ᠃
ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠤᠯᠠᠭᠠᠨᠴᠠᠪ ᠬᠤᠳᠠ ᠵᠢᠨ ᠨᠠᠮ ᠤ᠋ᠨ ᠬᠣᠷᠢᠶᠠᠨ ᠤ᠋ ᠳᠡᠳ᠋ ᠱᠦᠵᠢ᠂ ᠬᠤᠳᠠ ᠵᠢᠨ ᠳᠠᠷᠤᠭ᠎ᠠ ᠴᠢ ᠹᠸᠢ ᠶᠦᠨ᠄ 《ᠤᠯᠠᠭᠠᠨᠴᠠᠪ ᠬᠤᠳᠠ 〈ᠵᠡᠭᠦᠨᠳᠡᠬᠢ ᠲᠤᠭ᠎ᠠ ᠵᠢ ᠪᠠᠷᠠᠭᠤᠨ ᠳ᠋ᠤ ᠪᠤᠳᠤᠬᠤ〉 ᠢᠨᠵᠧᠨᠧᠷᠢᠩ ᠳ᠋ᠤ ᠠᠩᠬᠠᠷᠤᠯ ᠶ᠋ᠢᠡᠨ ᠲᠥᠪᠯᠡᠷᠡᠭᠦᠯᠵᠦ᠍᠂ ᠪᠦᠬᠦ᠌ ᠤᠯᠤᠰ ᠤ᠋ᠨ ᠨᠢᠭᠡ ᠴᠤᠬ᠍ᠴᠠᠵᠢᠭᠤᠯᠤᠭᠰᠠᠨ ᠪᠤᠳᠤᠯᠳᠠ ᠵᠢᠨ ᠴᠢᠳᠠᠪᠤᠷᠢ ᠵᠢᠨ ᠰᠦᠯᠵᠢᠶᠡᠨ ᠤ᠋ ᠤᠯᠤᠰ ᠤ᠋ᠨ ᠬᠦᠢᠰᠤ ᠴᠡᠭ ᠢ᠋ ᠴᠢᠨᠠᠷ ᠰᠠᠢᠲᠠᠢ ᠪᠡᠷ ᠪᠦᠳᠦᠭᠡᠨ ᠪᠠᠢᠭᠤᠯᠵᠤ᠂ ᠲᠤᠭᠠᠴᠢᠯᠠᠯᠳᠠ ᠵᠢ ᠠᠵᠤ ᠦᠢᠯᠡᠰᠵᠢᠬᠦᠯᠬᠦ ᠠᠵᠤ ᠦᠢᠯᠡᠰ ᠢ᠋ ᠲᠤᠭᠠᠴᠢᠵᠢᠭᠤᠯᠬᠤ ᠵᠢ ᠱᠢᠰᠲ᠋ᠧᠮ ᠲᠡᠶ ᠪᠡᠷ ᠠᠬᠢᠭᠤᠯᠵᠤ᠂ ᠠᠵᠤ ᠠᠬᠤᠢ ᠵᠢᠨ ᠨᠡᠮᠡᠭ᠌ᠳᠡᠯ ᠤ᠋ᠨ ᠱᠢᠨ᠎ᠡ ᠬᠥᠳᠡᠯᠭᠡᠭᠦᠷ ᠢ᠋ ᠴᠣᠭ᠍ᠴᠠᠯᠠ᠂ ᠲᠣᠭᠠᠴᠢᠯᠠᠭ᠍ᠰᠠᠨ ᠳᠤᠮᠳᠠᠳᠤ ᠤᠯᠤᠰ ᠤ᠋ᠨ ᠪᠦᠳᠦᠭᠡᠨ ᠪᠠᠢᠭᠤᠯᠤᠯᠲᠠ ᠳ᠋ᠦ ᠬᠦᠴᠦᠨ ᠨᠡᠮᠡᠷᠢᠯᠡᠨ᠎ᠡ》 ᠭᠡᠵᠦ ᠶᠠᠷᠢᠯ᠎ᠠ᠃
ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠥᠪᠡᠷᠳᠡᠭᠡᠨ ᠵᠠᠰᠠᠬᠤ ᠤᠷᠤᠨ ᠤ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠤᠨ ᠨᠠᠮ ᠤᠨ ᠤᠳᠤᠷᠢᠳᠬᠤ ᠲᠤᠭᠤᠢᠯᠡᠨᠭ ᠤᠨ ᠱᠥᠵᠢ᠂ ᠡᠷᠭᠢᠯᠡᠭᠴᠢ ᠬᠦᠩ ᠮᠢᠩ ᠵᠦ᠍ ᠄ 《 ᠥᠪᠡᠷᠲᠡᠭᠡᠨ ᠵᠠᠰᠠᠬᠤ ᠣᠷᠣᠨ ᠤ᠋ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠪᠦᠬᠦ᠌ ᠤᠯᠤᠰ ᠤ᠋ᠨ ᠬᠣᠶᠠᠷ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠠᠵᠤ ᠦᠢᠯᠡᠰ ᠤ᠋ᠨ ᠪᠠᠢᠷᠢᠱᠢᠭᠤᠯᠤᠯᠲᠠ ᠵᠢ ᠱᠢᠯᠢᠳᠡᠭ᠌ᠵᠢᠭᠦᠯᠬᠦ᠌᠂ ᠵᠠᠩᠭᠢᠯᠠᠭ᠎ᠠ ᠵᠢᠨ ᠮᠡᠷᠭᠡᠵᠢᠯ ᠤ᠋ᠨ ᠪᠣᠭᠣᠮᠲᠠ ᠱᠢᠪᠲᠤᠯᠤᠯᠲᠠ ᠵᠢ ᠠᠬᠢᠭᠤᠯᠬᠤ᠂ ᠵᠢᠱ᠌ᠢᠢᠡ ᠦᠵᠡᠭᠦᠯᠬᠦ᠌ ᠲᠦᠷᠦᠯ ᠵᠦᠢᠯ ᠤ᠋ᠨ ᠪᠦᠳᠦᠭᠡᠨ ᠪᠠᠢᠭᠤᠯᠤᠯᠲᠠ ᠵᠢ ᠠᠬᠢᠭᠤᠯᠬᠤ ᠵᠡᠷᠭᠡ ᠪᠡᠷ ᠳᠠᠮᠵᠢᠨ ᠤᠳᠤ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠠᠵᠤ ᠦᠢᠯᠡᠰ ᠢ᠋ 〈ᠬᠡᠯᠬᠢᠶᠡᠵᠢᠬᠦᠯᠵᠤ ᠪᠦᠯᠦᠭᠵᠢᠬᠦᠯᠬᠦ〉 ᠵᠢ ᠲᠦᠷᠭᠡᠳᠭᠡᠨ᠎ᠡ》 ᠭᠡᠵᠦ᠍ ᠶᠡᠷᠢᠨ᠎ᠡ ᠃
ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠪᠣᠯ ᠪᠦᠲᠦᠴᠡ ᠵᠢ ᠲᠣᠬᠢᠷᠠᠭᠤᠯᠬᠤ᠂ ᠴᠢᠳᠠᠮᠵᠢ ᠵᠢ ᠬᠤᠪᠢᠷᠠᠭᠤᠯᠬᠤ᠂ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠵᠢᠨ ᠪᠦᠲᠦᠮᠵᠢᠲᠡᠶ ᠭᠠᠷᠳᠠᠴᠠ ᠮᠥᠨ᠃ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠥᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠨ ᠪᠠ ᠬᠤᠳᠠ ᠬᠥᠳᠡᠭᠡ ᠵᠢᠨ ᠪᠥᠳᠤᠭᠡᠨ ᠪᠠᠢᠭᠤᠯᠤᠯᠳᠠ ᠵᠢᠨ ᠲᠢᠨᠭᠭᠢᠮ ᠤᠨ ᠨᠠᠮ ᠤᠨ ᠤᠳᠤᠷᠢᠳᠬᠤ ᠲᠤᠭᠤᠢᠯᠡᠨᠭ ᠤᠨ ᠱᠥᠵᠢ᠂ ᠲᠢᠨᠭᠭᠢᠮ ᠤᠨ ᠲᠠᠷᠤᠭ᠎ᠠ ᠭᠦᠸᠧ ᠢᠦᠶ ᠹᠸᠩ ᠄ 《ᠲᠠᠷᠠᠭᠠᠴᠢ ᠪᠡᠷ ᠣᠷᠣᠨ ᠰᠠᠭᠤᠴᠠ ᠪᠠ ᠬᠤᠲᠠ ᠬᠦᠳᠡᠭᠡ ᠶ᠋ᠢᠨ ᠪᠥᠲᠥᠭᠡᠨ ᠪᠠᠢᠭᠤᠯᠤᠯᠲᠠ ᠵᠢᠨ ᠱᠢᠰᠲ᠋ᠧᠮ ᠤ᠋ᠨ ᠬᠢᠨ ᠪᠥᠬᠥ᠌ ᠤᠯᠤᠰ ᠤ᠋ᠨ ᠬᠣᠶᠠᠷ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠶ ᠲᠤᠭᠤᠱᠢᠯᠠᠭᠤᠯᠵᠤ᠂ 〈ᠲᠠᠯᠪᠢᠬᠤ ᠬᠠᠮᠢᠶᠠᠷᠬᠤ ᠦᠶ᠋ᠯᠡᠴᠢᠯᠡᠬᠦ᠌〉 ᠥᠭᠡᠷᠡᠴᠢᠯᠡᠯᠲᠡ ᠵᠢᠨ ᠦᠷ᠎ᠡ ᠪᠦᠲᠦᠭᠡᠯ ᠢ᠋ ᠦᠷᠭᠦᠯᠵᠢᠯᠡᠨ ᠪᠡᠬᠢᠵᠢᠭᠦᠯᠦᠨ ᠭᠦᠨᠵᠡᠭᠡᠢᠷᠡᠭᠦᠯᠵᠦ᠍᠂ ᠣᠷᠣᠨ ᠰᠠᠭᠤᠴᠠ ᠪᠠ ᠬᠤᠲᠠ ᠬᠦᠳᠡᠭᠡ ᠶ᠋ᠢᠨ ᠪᠥᠲᠥᠭᠡᠨ ᠪᠠᠢᠭᠤᠯᠤᠯᠲᠠ ᠵᠢᠨ ᠬᠦᠷᠢᠶᠡᠨ ᠳ᠋ᠡᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠬᠦᠴᠦᠯᠡᠨ ᠱᠢᠯᠢᠳᠡᠭ᠌ᠵᠢᠭᠦᠯᠵᠤ᠂ ᠵᠠᠰᠠᠭ ᠤ᠋ᠨ ᠣᠷᠳᠣᠨ ᠪᠠ ᠨᠡᠢᠭᠡᠮ ᠤ᠋ᠨ ᠪᠠᠯᠠ ᠣᠷᠣᠭᠤᠯᠤᠯᠲᠠ ᠵᠢᠨ ᠲᠥᠷᠥᠯ ᠵᠦᠶ᠋ᠯ ᠤ᠋ᠨ ᠬᠢᠨᠠᠨ ᠵᠦᠪᠰᠢᠶᠡᠷᠡᠬᠦ ᠴᠠᠭ ᠢ᠋ ᠣᠳᠣᠬᠠᠨ ᠤ᠋ ᠬᠢᠨᠠᠨ ᠵᠥᠪᠱᠢᠶᠡᠷᠡᠬᠦ᠌ ᠴᠠᠭ ᠤ᠋ᠨ ᠬᠢᠵᠠᠭᠠᠷ ᠤ᠋ᠨ ᠰᠠᠭᠤᠷᠢᠨ ᠳᠡᠭᠡᠷ᠎ᠡ ᠳᠠᠬᠢᠨ 10 ᠠᠵᠢᠯᠯᠠᠬᠤ ᠡᠳᠦᠷ ᠪᠤᠭᠤᠨᠢᠰᠬᠠᠬᠤ ᠪᠡᠷ ᠴᠢᠷᠮᠠᠢᠨ᠎ᠠ》 ᠭᠡᠵᠦ ᠶᠠᠷᠢᠯ᠎ᠠ᠃
《ᠤᠯᠤᠰ ᠡᠴᠡ ᠤᠰᠤᠲᠥ᠋ᠷᠥᠭ᠌ᠴᠢ ᠡᠨᠧᠷᠭᠢ ᠵᠢᠨ ᠬᠦᠷᠢᠶᠡᠨ ᠳ᠋ᠤ ᠮᠤᠵᠢ ᠵᠢᠨ ᠲᠡᠰ ᠤ᠋ᠨ ᠬᠥᠭ᠌ᠵᠢᠯᠲᠡ ᠵᠢᠨ ᠬᠡᠷᠡᠭ᠌ᠵᠢᠭᠦᠯᠬᠦ᠌ ᠠᠷᠭ᠎ᠠ ᠵᠠᠮ ᠢ᠋ ᠠᠬᠢᠭᠤᠯᠵᠤ᠂ ᠪᠦᠬᠦ᠌ ᠠᠵᠤ ᠦᠢᠯᠡᠰ ᠤ᠋ᠨ ᠬᠡᠯᠬᠢᠶ᠎ᠡ ᠵᠢᠨ ᠬᠥᠭ᠌ᠵᠢᠯᠲᠡ ᠵᠢ ᠳᠡᠮᠵᠢᠬᠦ᠌ ᠴᠢᠨᠠᠷᠲᠠᠢ ᠲᠦᠷᠦ᠍ ᠵᠢᠨ ᠪᠤᠳᠤᠯᠭ᠎ᠠ ᠵᠢ ᠰᠤᠳᠤᠯᠤᠨ ᠰᠦᠪᠡᠭ᠌ᠴᠢᠯᠡᠵᠤ᠂ ᠨᠥᠬᠥᠴᠡᠯ ᠲᠡᠶ ᠭᠠᠵᠠᠷ ᠣᠷᠣᠨ ᠳ᠋ᠦ ᠤᠰᠤᠲᠥ᠋ᠷᠥᠭ᠌ᠴᠢ ᠡᠨᠧᠷᠭᠢ ᠵᠢᠨ ᠬᠡᠷᠡᠭ᠌ᠯᠡᠭᠡᠨ ᠤ᠋ ᠠᠵᠤ ᠦᠢᠯᠡᠰ ᠤ᠋ᠨ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠣᠷᠢᠭ ᠢ᠋ ᠪᠠᠢᠭᠤᠯᠵᠤ ᠂ ᠪᠦᠬᠦ᠌ ᠠᠵᠤ ᠦᠢᠯᠡᠰ ᠤ᠋ᠨ ᠬᠡᠯᠬᠢᠶ᠎ᠡ ᠵᠢᠨ ᠲᠤᠷᠱᠢᠯᠲᠠ ᠵᠢᠨ ᠴᠡᠭ ᠤ᠋ᠨ ᠵᠢᠱ᠌ᠢᠶ᠎ᠡ ᠦᠵᠡᠭᠦᠯᠬᠦ᠌ ᠪᠠ ᠳᠡᠯᠭᠡᠷᠡᠭᠦᠯᠬᠦ᠌ ᠠᠵᠢᠯ ᠦᠷᠨᠢᠭᠦᠯᠬᠦ ᠵᠢ ᠰᠠᠨᠠᠭᠤᠯᠵᠤ ᠪᠠᠢᠨ᠎ᠠ》 ᠭᠡᠵᠦ᠍ ᠪᠥᠬᠥ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠨ᠂ ᠪᠤᠭᠤᠲᠤ ᠵᠢᠨ ᠬᠣᠪᠣᠷ ᠱᠢᠷᠣᠶ ᠵᠢᠨ ᠰᠤᠳᠤᠯᠭᠠᠨ ᠤ᠋ ᠬᠦᠷᠢᠶᠡᠯᠡᠩ ᠤ᠋ᠨ ᠴᠢᠳᠠᠮᠵᠢᠲᠦ ᠮᠠᠲ᠋ᠧᠷᠢᠶᠠᠯ ᠤ᠋ᠨ ᠰᠤᠳᠤᠯᠭᠠᠨ ᠤ᠋ ᠭᠠᠵᠠᠷ ᠤ᠋ᠨ ᠤᠰᠤᠲᠥ᠋ᠷᠥᠭ᠌ᠴᠢ ᠮᠠᠲ᠋ᠧᠷᠢᠶᠠᠯ ᠬᠠᠳᠠᠭᠠᠯᠠᠬᠤ ᠲᠠᠰᠤᠭ ᠤ᠋ᠨ ᠬᠠᠷᠢᠭᠤᠴᠠᠯᠭᠠᠲᠠᠨ ᠯᠢ ᠪᠦᠦ ᠴᠢᠤᠸᠠᠨ ᠬᠡᠯᠡᠨ᠎ᠡ᠃
ᠦᠢᠯᠡᠳᠬᠦ᠌ ᠦᠢᠯᠡᠰ ᠪᠣᠯ ᠥᠪᠡᠷᠲᠡᠭᠡᠨ ᠵᠠᠰᠠᠬᠤ ᠣᠷᠣᠨ ᠤ᠋ ᠠᠵᠤ ᠦᠢᠯᠡᠳᠪᠦᠷᠢ ᠵᠢᠨ ᠳᠤᠲᠠᠭᠤᠳᠠᠯ ᠪᠣᠯᠬᠤ ᠪᠥᠭᠡᠳ ᠪᠦᠲᠦᠴᠡ ᠵᠢ ᠲᠤᠬᠢᠷᠠᠭᠤᠯᠬᠤ ᠵᠢᠨ ᠭᠣᠣᠯᠳᠠᠯᠭ᠎ᠠ ᠪᠤᠯᠬᠤ ᠶᠤᠮ ᠃ ᠪᠥᠬᠥ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠨ᠂ ᠥᠪᠥᠷ ᠮᠣᠩᠭᠣᠯ ᠤ᠋ᠨ ᠳ᠋ᠦᠸᠸ ᠮᠸᠩ ᠳ᠋ᠸ ᠪᠤᠳᠠᠳᠤ ᠦᠶ᠋ᠯᠡᠰ ᠤ᠋ᠨ ᠪᠦᠯᠦᠭ᠌ᠯᠡᠯ ᠤ᠋ᠨ ᠬᠡᠷᠡᠭ ᠮᠡᠳᠡᠭ᠌ᠴᠢᠳ ᠤ᠋ᠨ ᠳᠠᠷᠤᠭ᠎ᠠ ᠱ᠌ᠢ ᠯᠸᠢ᠄ 《ᠦᠶ᠋ᠯᠡᠳᠬᠦ᠌ ᠦᠶ᠋ᠯᠡᠰ ᠤ᠋ᠨ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠬᠦᠯᠬᠦ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠡᠭᠦᠳᠦᠯᠲᠡ ᠡᠴᠡ ᠰᠠᠯᠵᠤ ᠴᠢᠳᠠᠬᠤ ᠥᠬᠡᠶ᠃ ᠦᠶ᠋ᠯᠡᠳᠬᠦ᠌ ᠦᠶ᠋ᠯᠡᠰ ᠤ᠋ᠨ ᠠᠵᠤ ᠠᠬᠤᠢᠯᠠᠯ ᠤ᠋ᠨ ᠬᠥᠭ᠌ᠵᠢᠯᠲᠡ ᠵᠢᠨ ᠪᠡᠷᠬᠡ ᠰᠡᠳᠦᠪ ᠢ᠋ ᠲᠦᠷᠭᠡᠪᠴᠢᠯᠡᠨ ᠱᠢᠶ᠋ᠳᠪᠦᠷᠢᠯᠡᠬᠦ᠌ ᠳ᠋ᠤ ᠭᠤᠤᠯᠯᠠᠬᠤ ᠮᠡᠷᠭᠡᠵᠢᠯ ᠤ᠋ᠨ ᠪᠡᠷᠬᠡ ᠰᠡᠳᠦᠪ ᠢ᠋ ᠱᠢᠶ᠋ᠳᠪᠦᠷᠢᠯᠡᠬᠦ᠌ ᠠᠵᠢᠯ ᠢ᠋ ᠤᠯᠠᠮ ᠨᠢᠭᠡ ᠠᠯᠬᠤᠮ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠤ᠋ᠨ ᠬᠤᠪᠢᠷᠠᠭᠤᠯᠤᠯᠲᠠ ᠵᠢ ᠴᠢᠩᠭ᠎ᠠ ᠠᠳᠭᠤᠬᠤ ᠴᠢᠬᠤᠯᠠᠳᠠᠢ》 ᠭᠡᠵᠦ ᠰᠠᠨᠠᠭᠤᠯᠤᠨ᠎ᠠ᠃
ᠪᠦᠬᠦ᠌ ᠬᠦᠴᠦᠨ ᠶ᠋ᠢᠡᠷ ᠶ᠋ᠢᠡᠨ ᠪᠦᠲᠦᠴᠡ ᠵᠢ ᠲᠤᠬᠢᠷᠠᠭᠤᠯᠵᠤ᠂ ᠴᠢᠳᠠᠮᠵᠢ ᠵᠢ ᠬᠤᠪᠢᠷᠠᠭᠤᠯᠤᠨ᠂ ᠶᠠᠰᠤ ᠴᠢᠨᠠᠷ ᠢ᠋ ᠳᠡᠭᠡᠭᠰᠢᠯᠡᠭᠦᠯᠦᠨ᠎ᠡ !ᠥᠪᠥᠷ ᠮᠣᠩᠭᠣᠯ ᠤ᠋ᠨ ᠬᠠᠷᠠᠯᠲᠠ ᠲᠣᠳᠣᠷᠬᠠᠶ᠂ ᠵᠠᠮ ᠴᠦ᠍ ᠲᠣᠳᠣᠷᠬᠠᠶ ᠪᠤᠯᠵᠠᠢ᠂ ᠪᠥᠬᠥ᠌ ᠣᠷᠣᠨ ᠤ᠋ ᠦᠨᠳᠦᠰᠦᠲᠡᠨ ᠨᠤᠭᠦᠳ ᠤ᠋ᠨ ᠠᠷᠠᠳ ᠲᠦᠮᠡᠨ ᠶᠠᠭ ᠣᠷᠭᠢᠯᠤᠮ᠎ᠠ ᠬᠠᠯᠠᠭᠤᠨ ᠰᠡᠳᠭᠢᠯᠭᠡ ᠪᠡᠷ ᠪᠦᠲᠦᠴᠡ ᠵᠢ ᠱᠢᠯᠢᠳᠡᠭ᠌ᠵᠢᠭᠦᠯᠵᠦ᠍᠂ ᠠᠵᠤ ᠠᠬᠤᠶ ᠵᠢᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠢᠷᠠᠭᠤ ᠬᠠᠭᠤᠳᠠᠰᠤ ᠵᠢ ᠪᠢᠴᠢᠭ᠌ᠯᠡᠵᠦ᠍ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃