2023-03-09 09:23:42
ᠭᠤᠷᠪᠠᠨ ᠰᠠᠷ᠎ᠠ᠎ᠶ᠋ᠢᠨ ᠪᠡᠭᠡᠵᠢᠩ ᠬᠣᠲᠠᠨ᠎ᠠ ᠬᠠᠪᠤᠷ᠎ᠤᠨ ᠠᠭᠤᠷ ᠪᠢᠯᠬᠠᠵᠤ᠂ ᠪᠦᠬᠦ᠌ ᠤᠯᠤᠰ᠎ᠤᠨ ᠬᠣᠶᠠᠷ ᠬᠤᠷᠠᠯ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠨ᠎ᠠ᠃
ᠤᠮᠠᠷᠠᠲᠤ ᠬᠢᠯᠢ᠎ᠶ᠋ᠢᠨ ᠡᠬᠡ ᠭᠠᠵᠠᠷ᠎ᠲᠤ᠂ ᠪᠠᠷᠢᠯᠭ᠎ᠠ᠎ᠶ᠋ᠢᠨ ᠭᠠᠵᠠᠷ᠎ᠠᠴᠠ ᠦᠢᠯᠡᠳᠪᠦᠷᠢ᠎ᠶ᠋ᠢᠨ ᠲᠠᠰᠤᠭ ᠬᠦᠷᠲᠡᠯ᠎ᠡ᠂ ᠲᠤᠷᠱᠢᠯᠲᠠ᠎ᠶ᠋ᠢᠨ ᠲᠠᠰᠤᠭ᠂ ᠰᠤᠳᠤᠯᠤᠨ ᠨᠡᠭᠡᠭᠡᠬᠦ᠌ ᠲᠥᠪ᠎ᠡᠴᠡ ᠠᠵᠤ ᠦᠢᠯᠡᠳᠪᠦᠷᠢ ᠠᠵᠤ ᠠᠬᠤᠢᠯᠠᠯ᠂ ᠦᠢᠯᠡᠳᠪᠦᠷᠢ ᠠᠭᠤᠷᠬᠠᠢ᠎ᠶ᠋ᠢᠨ ᠬᠦᠷᠢᠶᠡᠯᠡᠩ ᠲᠣᠭᠣᠷᠢᠭ ᠬᠦᠷᠲᠡᠯ᠎ᠡ᠂ ᠱᠢᠨ᠎ᠡ᠎ᠶ᠋ᠢ ᠡᠭᠦᠳᠬᠦ᠌ ᠮᠠᠶᠢᠭ᠎ᠤᠨ ᠥᠪᠥᠷ ᠮᠣᠩᠭᠣᠯ᠎ᠤᠨ ᠪᠦᠳᠦᠭᠡᠨ ᠪᠠᠢᠭᠤᠯᠤᠯᠲᠠ ᠢᠳᠡ ᠬᠦᠭ ᠳᠠᠢ ᠶᠠᠪᠤᠭ᠍ᠳᠠᠨ᠎ᠠ᠃
ᠰᠠᠶ᠍ᠢᠬᠠᠨ ᠥᠩᠭᠡᠷᠡᠭ᠌ᠰᠡᠨ 2022 ᠣᠨ᠎ᠢ ᠡᠷᠭᠢᠴᠡᠭᠦᠯᠬᠦᠶ᠎ᠡ᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠡᠷ ᠣᠷᠣᠨ᠎ᠢᠶᠠᠨ ᠮᠠᠨᠳᠤᠭᠤᠯᠬᠤ ᠪᠠᠢᠯᠳᠤᠬᠤ ᠪᠣᠳᠣᠯᠭ᠎ᠠ᠂ ᠴᠢᠳᠠᠪᠤᠷᠢᠲᠠᠨ᠎ᠢᠶᠠᠷ ᠣᠷᠣᠨ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠂ ᠱᠢᠨ᠎ᠡ᠎ᠶ᠋ᠢ ᠡᠭᠦᠳᠬᠦ᠌᠎ᠪᠡᠷ ᠬᠦᠭᠵᠢᠯᠲᠡ ᠵᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠦᠪᠦᠷ ᠮᠤᠩᠭᠤᠯ ᠬᠥᠭ᠌ᠵᠢᠯᠲᠡ᠎ᠶ᠋ᠢᠨ ᠱᠢᠨ᠎ᠡ ᠬᠦᠳᠡᠯᠭᠡᠬᠦ ᠬᠦᠴᠦᠨ ᠱᠢᠨ᠎ᠡ ᠳᠠᠪᠠᠭᠤᠯᠢᠭ᠎ᠢ ᠲᠠᠰᠤᠷᠠᠯᠲᠠ ᠥᠬᠡᠶ ᠪᠣᠶ ᠪᠣᠯᠭᠠᠪᠠ᠃
— ᠪᠡᠯᠡ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠳᠤᠲᠠᠭᠤᠳᠠᠯ᠎ᠢᠶᠠᠨ ᠨᠥᠬᠥᠪᠥᠷᠢᠯᠡᠪᠡ᠃ ᠰᠤᠳᠤᠯᠤᠨ ᠨᠡᠭᠡᠭᠡᠬᠦ᠌ ᠪᠡᠯᠡ ᠣᠷᠣᠭᠤᠯᠤᠯᠲᠠ᠎ᠶ᠋ᠢᠨ ᠪᠤᠭᠤᠮᠳᠠ ᠰᠢᠪᠲᠤᠯᠬᠤ ᠠᠵᠢᠯᠯᠠᠭ᠎ᠠ᠎ᠶ᠋ᠢᠨ ᠴᠢᠩᠭᠠᠳᠭᠠᠯ ᠳᠤᠤᠷ᠎ᠠ᠂ ᠪᠥᠬᠥ᠌ ᠣᠷᠣᠨ᠎ᠤ ᠡᠳ᠋᠎ᠦᠨ ᠵᠠᠰᠠᠭ᠎ᠤᠨ ᠲᠥᠰᠦᠪ᠎ᠡᠴᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠵᠠᠷᠤᠯᠭ᠎ᠠ᠎ᠶ᠋ᠢ 51.2 ᠳ᠋ᠦᠩᠱᠢᠭᠤᠷ ᠲᠥᠭᠥᠷᠢᠭ ᠲᠣᠬᠢᠷᠠᠭᠤᠯᠵᠤ᠂ ᠠᠵᠤ ᠠᠬᠤᠢᠯᠠᠯ᠂ ᠨᠡᠢᠭᠡᠮ᠎ᠦᠨ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢ ᠳᠠᠢᠴᠢᠯᠠᠵᠤ ᠶᠡᠬᠡᠪᠡᠷ ᠨᠡᠮᠡᠭ᠌ᠳᠡᠭᠦᠯᠪᠡ᠃
— ᠲᠠᠪᠴᠠᠩ ᠪᠤᠰᠬᠠᠵᠦ᠂ ᠥᠨᠳᠥᠷᠯᠢᠭ ᠭᠠᠵᠠᠷ᠎ᠢ ᠪᠠᠢᠭᠤᠯᠪᠠ᠃ ᠤᠯᠤᠰ᠎ᠤᠨ ᠲᠠᠰ᠎ᠤᠨ 3 ᠴᠢᠬᠤᠯᠠ ᠶᠡᠬᠡ ᠱᠢᠨ᠎ᠡ᠎ᠶ᠋ᠢ ᠡᠭᠦᠳᠬᠦ᠌ ᠲᠠᠪᠴᠠᠩ᠂ ᠪᠥᠬᠥ᠌ ᠤᠯᠤᠰ᠎ᠤᠨ ᠭᠤᠤᠯᠳᠠᠯᠭ᠎ᠠ᠎ᠲᠠᠶ 2 ᠲᠤᠷᠱᠢᠯᠲᠠ᠎ᠶ᠋ᠢᠨ ᠲᠠᠰᠤᠭ ᠵᠥᠪᠱᠢᠶᠡᠷᠡᠭ᠌ᠳᠡᠵᠦ᠂ ᠬᠥᠬᠡᠬᠣᠲᠠ ᠪᠤᠭᠤᠲᠤ ᠣᠷᠳᠣᠰ᠎ᠤᠨ ᠤᠯᠤᠰ᠎ᠤᠨ 3 ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠪᠥᠬᠥ᠌ ᠤᠯᠤᠰ ᠲᠡᠬᠢ ᠶᠡᠷᠦᠩᠬᠡᠢᠯᠡᠭ᠌ᠰᠡᠨ ᠨᠡᠷᠡᠰ᠎ᠦᠨ ᠵᠢᠭ᠍ᠰᠠᠭᠠᠯᠲᠠ ᠶᠡᠬᠡᠪᠡᠷ ᠳᠡᠭᠡᠭ᠌ᠰᠢᠯᠡᠵᠦ᠍᠂ ᠪᠥᠬᠥ᠌ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠷᠢᠱᠢᠭᠤᠯᠤᠯᠲᠠ ᠦᠷᠭᠦᠯᠵᠢᠯᠡᠨ ᠱᠢᠯᠢᠳᠡᠭ᠌ᠵᠢᠪᠡ᠃
— ᠪᠣᠭᠣᠮᠲᠠ ᠱᠢᠪᠲᠤᠯᠬᠤ᠎ᠶ᠋ᠢ ᠠᠳᠭᠤᠵᠤ᠂ ᠤᠯᠠᠷᠢᠭᠤᠯᠤᠯᠲᠠ᠎ᠶ᠋ᠢ ᠠᠬᠢᠭᠤᠯᠪᠠ᠃ 8 ᠲᠤᠮᠤ ᠠᠵᠤ ᠦᠢᠯᠡᠰ᠎ᠦᠨ ᠪᠦᠯᠦᠭᠵᠢᠯ ᠪᠠ 16 ᠭᠣᠣᠯᠳᠠᠯᠭ᠎ᠠ᠎ᠲᠠᠶ ᠠᠵᠤ ᠦᠢᠯᠡᠰ᠎ᠦᠨ ᠬᠡᠯᠬᠢᠶ᠎ᠡ᠎ᠲᠡᠶ ᠨᠢᠭ᠍ᠲᠠ ᠤᠶᠠᠯᠳᠤᠭᠤᠯᠤᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠨᠢᠭᠡ ᠪᠦᠯᠦᠭ ᠭᠣᠣᠯᠳᠠᠯᠭ᠎ᠠ᠎ᠲᠠᠶ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠦᠷᠦᠯ ᠵᠦᠢᠯ᠂ ᠴᠢᠬᠤᠯᠠ ᠶᠡᠬᠡ ᠵᠢᠱ᠌ᠢᠢ᠎ᠡ ᠦᠵᠡᠭᠦᠯᠬᠦ᠌ ᠢᠨᠵᠧᠨᠧᠷᠢᠩ᠎ᠢ ᠪᠠᠢᠷᠢᠯᠠᠭᠤᠯᠤᠨ ᠬᠡᠷᠡᠭᠵᠢᠭᠦᠯᠵᠦ᠂ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠴᠢᠬᠤᠯᠠ ᠶᠡᠬᠡ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠡᠷᠬᠡ ᠰᠡᠳᠦᠪ᠎ᠢ ᠲᠥᠪᠯᠡᠷᠡᠭᠦᠯᠦᠨ ᠱᠢᠢᠳᠪᠦᠷᠢᠯᠡᠪᠡ᠃
— ᠭᠤᠤᠯ ᠴᠣᠭ᠍ᠴᠠ᠎ᠶ᠋ᠢ ᠴᠢᠩᠭᠠᠳᠭᠠᠵᠤ᠂ ᠠᠭᠤᠰᠤᠯᠴᠠᠯ᠎ᠢ ᠠᠬᠢᠭᠤᠯᠪᠠ᠃ ᠪᠥᠬᠥ᠌ ᠣᠷᠣᠨ᠎ᠤ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠤᠨ ᠲᠣᠭ᠎ᠠ ᠲᠣᠰ ᠲᠣᠰ 27.6% ᠪᠠ 92.4% ᠪᠠᠷ ᠨᠡᠮᠡᠭ᠌ᠳᠡᠵᠦ᠍᠂ ᠥᠪᠡᠷᠲᠡᠭᠡᠨ ᠵᠠᠰᠠᠬᠤ ᠣᠷᠣᠨ᠎ᠤ ᠲᠦᠷᠦᠭᠦᠦ ᠪᠦᠯᠦᠭ᠎ᠤᠨ 20 ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ᠎ᠢ ᠪᠤᠢ ᠪᠤᠯᠭᠠᠪᠠ᠃ ᠣᠷᠣᠨ᠎ᠤ ᠳᠣᠲᠣᠷᠠᠬᠢ ᠲᠤᠯᠤᠭᠠᠢᠯᠠᠬᠴᠢ ᠠᠵᠤ ᠠᠬᠤᠢᠯᠠᠯ᠎ᠤ᠋ᠨ ᠲᠦᠷᠦᠭᠦᠯᠡᠨ 24 ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢ ᠪᠠᠢᠭᠤᠯᠬᠤ ᠵᠢ ᠳᠡᠮᠵᠢᠵᠦ᠂ ᠰᠡᠳᠦᠪ ᠳᠠᠭᠠᠭᠠᠴᠢᠯᠠᠭᠤᠯᠤᠨ ᠪᠤᠭᠤᠮᠳᠠ ᠰᠢᠪᠲᠤᠯᠪᠠ᠃
— ᠲᠣᠭ᠍ᠲᠠᠴᠠ᠎ᠶ᠋ᠢ ᠱᠢᠯᠤᠭᠤᠳᠭᠠᠵᠤ᠂ ᠣᠷᠴᠢᠨ ᠨᠦᠬᠦᠴᠡᠯ᠎ᠢ ᠱᠢᠯᠢᠳᠡᠭ᠌ᠵᠢᠭᠦᠯᠪᠡ᠃ 《ᠠᠵᠢᠯ ᠲᠤᠰᠴᠦ ᠡᠬᠦᠷᠬᠡ ᠬᠦᠯᠢᠶᠡᠭᠦ》᠂ 《ᠮᠣᠷᠢ ᠤᠷᠤᠯᠳᠤᠬᠤ》 ᠱᠢᠨ᠎ᠡ ᠲᠣᠭ᠍ᠲᠠᠴᠠ᠎ᠨᠢ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ 30 ᠵᠤᠷᠪᠤᠰ》 ᠵᠡᠷᠭᠡ ᠴᠢᠬᠤᠯᠠ ᠶᠡᠬᠡ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠦᠭᠵᠢᠭᠡᠪᠡ᠃
ᠥᠩᠭᠡᠷᠡᠭ᠌ᠰᠡᠨ 5 ᠵᠢᠯ᠎ᠳᠦ᠂ ᠨᠢᠭᠡ ᠪᠦᠯᠦᠭ ᠳᠡᠭᠡᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠠᠬᠤᠢᠯᠠᠯ ᠥᠪᠥᠷ ᠮᠣᠩᠭᠣᠯ᠎ᠳᠤ ᠨᠤᠲᠤᠭ᠍ᠰᠢᠨ ᠬᠦᠭᠵᠢᠪᠡ᠃ 5 ᠵᠢᠯ᠎ᠦᠨ ᠲᠤᠷᠰᠢ᠂ ᠪᠥᠬᠥ᠌ ᠣᠷᠣᠨ᠎ᠤ ᠳᠡᠭᠡᠳᠦ ᠳᠤᠤᠷᠠᠳᠤ ᠱᠠᠲᠤ ᠪᠠ ᠬᠥᠭ᠌ᠵᠢᠭ᠌ᠰᠡᠨ ᠮᠤᠵᠢ ᠣᠷᠣᠨ᠂ ᠲᠣᠮᠣ ᠬᠦᠷᠢᠶᠡᠯᠡᠩ ᠲᠣᠮᠣ ᠭᠠᠵᠠᠷ᠎ᠯᠤᠭ᠎ᠠ 《4 + 8 + N》 ᠣᠷᠳᠣ ᠬᠤᠭᠤᠴᠠᠭᠠᠨ᠎ᠤ ᠪᠦᠲᠦᠮᠵᠢᠲᠡᠶ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠪᠠᠢᠭᠤᠯᠵᠤ᠂ ᠳᠡᠯᠡᠬᠡᠶ ᠳ᠋ᠠᠬᠢᠨ᠎ᠤ ᠴᠢᠳᠠᠪᠤᠷᠢᠲᠠᠨ᠂ ᠲᠥᠷᠥᠯ ᠵᠦᠶ᠋ᠯ᠂ ᠦᠷ᠎ᠡ ᠪᠦᠲᠦᠭᠡᠯ ᠵᠡᠷᠭᠡ ᠴᠢᠨᠠᠷ ᠰᠠᠢᠲᠠᠶ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠥᠪᠥᠷ ᠮᠣᠩᠭᠣᠯ᠎ᠳᠤ ᠲᠦᠪᠯᠡᠷᠡᠭᠦᠯᠦᠨ ᠬᠡᠷᠡᠭᠯᠡᠵᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠬᠤ ᠴᠢᠳᠠᠪᠤᠷᠢ ᠵᠢᠨ ᠳᠠᠪᠠᠯᠲᠠ᠎ᠶ᠋ᠢ ᠪᠡᠶᠡᠯᠡᠭᠦᠯᠪᠡ᠃
ᠭᠡᠲᠡᠯ᠎ᠡ᠂ ᠠᠮᠵᠢᠯᠲᠠ ᠤᠯᠬᠤ᠎ᠶ᠋ᠢᠨ ᠬᠠᠮᠲᠤ᠂ ᠮᠠᠨ᠎ᠤ ᠣᠷᠣᠨ᠎ᠤ ᠬᠥᠭ᠌ᠵᠢᠯᠲᠡ ᠪᠠᠰᠠ ᠮᠠᠰᠢ ᠣᠯᠠᠨ 《ᠪᠤᠬᠢᠨᠢᠳᠤᠯ》 ᠪᠠ ᠬᠦᠴᠢᠷᠳᠡᠯ᠎ᠳᠦ ᠲᠤᠯᠭᠠᠷᠠᠵᠤ ᠪᠠᠢᠨ᠎ᠠ᠃
ᠬᠡᠷᠬᠢᠨ ᠥᠨᠳᠥᠷ ᠪᠦᠲᠦᠮᠵᠢᠲᠡᠢ᠎ᠪᠡᠷ ᠱᠢᠨ᠎ᠡ᠎ᠶ᠋ᠢ ᠡᠭᠦᠳᠴᠦ᠍᠂ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠵᠤ᠂ ᠱᠢᠨ᠎ᠡ᠎ᠶ᠋ᠢ ᠡᠭᠦᠳᠬᠦ᠌᠎ᠶ᠋ᠢ ᠬᠠᠮᠠᠭᠠᠯᠠᠬᠤ ᠪᠤᠢ? ᠴᠢᠳᠠᠪᠤᠷᠢᠲᠠᠨ ᠬᠦᠴᠦᠷᠬᠡᠭ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠬᠦᠴᠦᠷᠬᠡᠭ ᠪᠠᠢᠭ᠍ᠰᠠᠨ᠎ᠠᠴᠠ᠎ᠪᠠᠨ ᠠᠵᠤ ᠦᠢᠯᠡᠰ ᠬᠦᠴᠦᠷᠬᠡᠭ᠂ ᠠᠵᠤ ᠠᠬᠤᠢ ᠬᠦᠴᠦᠷᠬᠡᠭ ᠪᠣᠯᠤᠭ᠍ᠰᠠᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠱᠢᠨ᠎ᠡ ᠠᠷᠭ᠎ᠠ ᠵᠠᠮ᠎ᠢ ᠬᠡᠷᠬᠢᠨ ᠲᠦᠷᠭᠡᠨ ᠨᠡᠭᠡᠭᠡᠬᠦ᠌ ᠪᠤᠢ?
ᠥᠪᠥᠷ ᠮᠣᠩᠭᠣᠯ ᠪᠠᠲᠤᠲᠠᠢ ᠬᠠᠷᠢᠭᠤᠯᠲᠠ ᠦᠭᠭᠦᠯ᠎ᠡ᠄ ᠪᠣᠭᠣᠮᠲᠠ ᠱᠢᠪᠲᠤᠯᠬᠤ ᠠᠷᠭ᠎ᠠ ᠬᠡᠮᠵᠢᠶ᠎ᠡ᠎ᠪᠡᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠰᠠᠭᠤᠷᠢ ᠴᠢᠨᠠᠷᠲᠠᠶ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠲᠤᠯᠭᠠᠭᠤᠷᠢᠯᠠᠯ᠎ᠢ ᠲᠠᠰᠤᠷᠠᠯᠲᠠ ᠥᠬᠡᠶ ᠴᠢᠩᠭᠠᠳᠭᠠᠨ᠎ᠠ᠃ ᠵᠠᠪᠠᠯ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠦᠨ ᠴᠢᠳᠠᠪᠤᠷᠢᠲᠠᠨ᠎ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ᠂ ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ ᠪᠠᠢᠯᠳᠤᠬᠤ ᠪᠤᠳᠤᠯᠭ᠎ᠠ᠎ᠶ᠋ᠢ ᠰᠠᠢᠲᠤᠷ ᠬᠡᠷᠡᠭᠵᠢᠭᠦᠯᠦᠨ᠎ᠡ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠡᠯᠡ ᠣᠷᠣᠭᠤᠯᠤᠯᠲᠠ᠂ ᠱᠢᠨ᠎ᠡ᠎ᠶ᠋ᠢ ᠡᠭᠦᠳᠬᠦ᠌ ᠲᠠᠪᠴᠠᠩ᠎ᠢ ᠲᠠᠬᠢᠨ ᠨᠡᠮᠡᠭ᠌ᠳᠡᠭᠦᠯᠵᠦ᠍᠂ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠪᠠᠢᠷᠢᠱᠢᠭᠤᠯᠤᠯᠲᠠ᠎ᠶ᠋ᠢ ᠲᠠᠬᠢᠨ ᠴᠢᠩᠭᠠᠳᠭᠠᠵᠤ᠂ ᠴᠢᠳᠠᠪᠤᠷᠢᠲᠠᠨ᠎ᠢ ᠳᠠᠳᠠᠨ ᠠᠪᠴᠢᠷᠠᠵᠤ ᠬᠦᠮᠦᠵᠢᠭᠦᠯᠬᠦ᠎ᠶ᠋ᠢ ᠲᠠᠬᠢᠨ ᠴᠢᠩᠭᠠᠳᠬᠠᠨ᠎ᠠ᠃
ᠳᠡᠭᠡᠷ᠎ᠡ ᠰᠠᠷ᠎ᠠ᠎ᠳᠤ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠱᠢᠨᠵᠢᠯᠡᠭᠡᠨ᠎ᠦ ᠰᠠᠯᠠᠭ᠎ᠠ ᠪᠣᠯᠤᠨ ᠴᠢᠬᠤᠯᠠ ᠶᠡᠬᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠤᠨ ᠰᠠᠭᠤᠷᠢ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠂ ᠲᠠᠯ᠎ᠠ ᠨᠤᠲᠤᠭ᠎ᠤᠨ ᠬᠡᠷ᠎ᠦᠨ ᠲᠡᠵᠢᠭᠡᠪᠦᠷᠢ᠎ᠶ᠋ᠢᠨ ᠡᠭᠦᠯᠳᠡᠷ᠎ᠦᠨ ᠱᠢᠨ᠎ᠡ᠎ᠶ᠋ᠢ ᠡᠭᠦᠳᠬᠦ᠌ ᠬᠢᠭᠡᠳ ᠦᠷᠡᠵᠢᠭᠦᠯᠦᠨ ᠪᠣᠢᠵᠢᠭᠤᠯᠬᠤ ᠰᠠᠭᠤᠷᠢᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠤᠨ ᠰᠠᠭᠤᠷᠢ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ ᠦᠷᠭᠦᠯᠵᠢᠯᠡᠨ ᠠᠵᠢᠯ ᠡᠬᠢᠯᠡᠪᠡ᠃ ᠬᠣᠶᠠᠷ ᠲᠥᠷᠥᠯ ᠵᠦᠶ᠋ᠯ ᠪᠠᠢᠭᠤᠯᠤᠭ᠍ᠳᠠᠭ᠍ᠰᠠᠨ᠎ᠤ ᠳᠠᠷᠠᠭ᠎ᠠ᠂ ᠲᠣᠰ ᠰᠤᠷᠭᠠᠭᠤᠯᠢ᠎ᠶ᠋ᠢᠨ ᠰᠤᠷᠭᠠᠭᠤᠯᠢ ᠡᠷᠭᠢᠯᠡᠬᠦ᠌ ᠬᠢᠷᠢ ᠲᠦᠪᠱᠢᠨ᠎ᠢᠶᠡᠨ ᠤᠯᠠᠮ ᠴᠢᠨᠠᠭᠰᠢᠲᠠ ᠳᠡᠭᠡᠭ᠌ᠰᠢᠯᠡᠭᠦᠯᠬᠦ᠌᠂ ᠦᠶ᠋ᠯᠡᠴᠢᠯᠡᠭᠡᠨ᠎ᠦ ᠴᠢᠳᠠᠪᠤᠷᠢ᠎ᠪᠠᠨ ᠨᠡᠮᠡᠭ᠌ᠳᠡᠭᠦᠯᠬᠦ᠌᠂ ᠰᠤᠷᠭᠠᠭᠤᠯᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃
《ᠤᠯᠤᠰ᠎ᠤᠨ ᠶᠡᠬᠡ ᠶᠠᠪᠤᠲᠠᠯ᠎ᠢ ᠪᠠᠲᠤ ᠴᠡᠭᠡᠵᠢᠯᠡᠵᠦ᠍᠂ 〈ᠨᠠᠮ ᠪᠠ ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨ᠂ ᠢᠯᠡ ᠲᠣᠳᠣ ᠣᠨᠴᠠᠯᠢᠭ᠎ᠲᠠᠶ ᠲᠡᠷᠢᠭᠦᠨ ᠵᠡᠷᠭᠡ᠎ᠶ᠋ᠢᠨ ᠶᠡᠬᠡ ᠰᠤᠷᠭᠠᠭᠤᠯᠢ᠎ᠶ᠋ᠢ ᠪᠠᠢᠭᠤᠯᠬᠤ〉ᠬᠠᠷᠠᠯᠲᠠ᠎ᠶ᠋ᠢᠨ ᠲᠣᠭᠣᠷᠢᠨ᠎ᠳᠤ᠂ ᠮᠠᠨ᠎ᠤ ᠰᠤᠷᠭᠠᠭᠤᠯᠢ ᠰᠤᠷᠭᠠᠭᠤᠯᠢ᠎ᠶ᠋ᠢᠨ ᠳᠣᠲᠣᠨ᠎ᠠ ᠭᠠᠳᠠᠨᠠᠬᠢ ᠱᠢᠯᠢᠳᠡᠭ ᠴᠢᠳᠠᠪᠤᠷᠢᠲᠠᠨ᠎ᠢ ᠴᠤᠭ᠍ᠯᠠᠷᠠᠭᠤᠯᠵᠤ᠂ ᠱᠢᠨ᠎ᠡ᠎ᠪᠡᠷ ᠮᠠᠨᠳᠤᠭ᠍ᠰᠠᠨ ᠰᠣᠯᠪᠢᠴᠠᠯ ᠱᠢᠨᠵᠢᠯᠡᠭᠡᠨ᠎ᠦ ᠵᠣᠬᠢᠶᠠᠨ ᠪᠠᠢᠭᠤᠯᠤᠯᠲᠠ᠎ᠶ᠋ᠢ ᠪᠠᠢᠭᠤᠯᠤᠨ᠂ ᠴᠢᠬᠤᠯᠠ ᠶᠡᠬᠡ ᠲᠦᠷᠦᠯ ᠵᠦᠢᠯ᠎ᠦᠨ ᠰᠤᠳᠤᠯᠭᠠᠨ᠎ᠢ ᠵᠣᠬᠢᠶᠠᠨ ᠪᠠᠢᠭᠤᠯᠵᠤ᠂ ᠪᠡᠯᠭᠡ ᠲᠡᠮᠳᠡᠭ᠎ᠦᠨ ᠴᠢᠨᠠᠷᠲᠠᠢ ᠴᠢᠬᠤᠯᠠ ᠶᠡᠬᠡ ᠦᠷ᠎ᠡ ᠪᠦᠲᠦᠭᠡᠯ ᠭᠠᠷᠭᠠᠬᠤ᠎ᠪᠠᠷ ᠴᠢᠷᠮᠠᠢᠵᠤ᠂ ᠴᠢᠳᠠᠪᠤᠷᠢᠲᠠᠨ᠎ᠤ ᠳᠠᠪᠠᠭᠤᠯᠢᠭ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠳᠠᠪᠠᠭᠤᠯᠢᠭ᠎ᠢᠶᠠᠨ ᠬᠦᠢᠴᠡᠳ ᠬᠤᠪᠢᠷᠠᠭᠤᠯᠵᠤ ᠥᠪᠡᠷᠲᠡᠭᠡᠨ ᠵᠠᠰᠠᠬᠤ ᠣᠷᠣᠨ᠎ᠤ 〈ᠲᠠᠪᠤᠨ ᠶᠡᠬᠡ ᠡᠭᠦᠷᠭᠡ〉 ᠵᠢ ᠰᠠᠢᠲᠤᠷ ᠪᠡᠶᠡᠯᠡᠭᠦᠯᠬᠦ᠌᠎ᠳᠦ ᠬᠦᠴᠦᠨ ᠨᠡᠮᠡᠷᠢᠯᠡᠨ᠎ᠡ》ᠭᠡᠵᠦ᠍ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠨᠠᠮ᠎ᠤᠨ ᠬᠣᠷᠢᠶᠠᠨ᠎ᠤ ᠱᠦᠵᠢ ᠯᠢᠦ ᡁᠢ ᠢᠤᠢ ᠬᠡᠯᠡᠪᠡ᠃
ᠰᠦᠨ ᠬᠦᠴᠢᠯ᠎ᠦᠨ ᠪᠠᠺᠲ᠋ᠧᠷᠢ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠠᠵᠢᠯ᠎ᠢ 20 ᠭᠠᠷᠤᠶ ᠵᠢᠯ ᠬᠢᠭᠰᠡᠨ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠴᠠᠭᠠᠨ ᠢᠳᠡᠭᠡᠨ᠎ᠦ ᠠᠮᠢᠳᠤ ᠪᠣᠳᠠᠰ᠎ᠤᠨ ᠮᠡᠷᠭᠡᠵᠢᠯ ᠬᠢᠭᠡᠳ ᠢᠨᠵᠧᠨᠧᠷᠢᠩ᠎ᠦᠨ ᠰᠤᠷᠭᠠᠨ ᠬᠥᠮᠦᠵᠢᠯ᠎ᠦᠨ ᠶᠠᠮᠤᠨ᠎ᠤ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠤᠨ ᠳᠡᠳ᠋ ᠡᠷᠬᠢᠯᠡᠭ᠌ᠴᠢ ᠰᠦᠨ ᡁᠢ ᠬᠣᠩ ᠪᠣᠯᠤᠨ ᠰᠤᠳᠤᠯᠭᠠᠨ᠎ᠤ ᠪᠦᠯᠬᠦᠮ ᠨᠡᠢᠲᠡ ᠪᠥᠬᠥ᠌ ᠪᠥᠮᠪᠥᠷᠴᠡᠭ᠎ᠦᠨ ᠬᠠᠮᠤᠭ᠎ᠤᠨ ᠶᠡᠬᠡ ᠰᠦᠨ ᠬᠦᠴᠢᠯ᠎ᠦᠨ ᠪᠠᠺᠲ᠋ᠧᠷᠢ᠎ᠶ᠋ᠢᠨ ᠦᠷ᠎ᠡ᠎ᠶ᠋ᠢᠨ ᠡᠬᠢ ᠪᠠᠶᠠᠯᠢᠭ᠎ᠤᠨ ᠬᠥᠮᠥᠷᠭᠡ᠎ᠶ᠋ᠢ ᠪᠠᠢᠭᠤᠯᠵᠤ᠂ ᠮᠠᠨ᠎ᠤ ᠤᠯᠤᠰ᠎ᠤᠨ ᠰᠦᠨ ᠬᠦᠴᠢᠯ᠎ᠦᠨ ᠪᠠᠺᠲ᠋ᠧᠷᠢ᠎ᠶ᠋ᠢᠨ ᠴᠢᠳᠠᠮᠵᠢ᠎ᠶ᠋ᠢᠨ ᠴᠢᠨᠠᠷᠲᠠᠶ ᠰᠤᠳᠤᠯᠤᠨ ᠨᠡᠭᠡᠭᠡᠬᠦ᠌᠎ᠳᠦ ᠬᠦᠴᠦᠲᠡᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠵᠠᠢ᠃
《ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠨ ᠪᠡᠶᠡᠯᠡᠭᠦᠯᠬᠦ᠌ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠵᠠᠢᠯᠠᠰᠢ ᠦᠭᠡᠢ ᠵᠠᠮ ᠮᠥᠨ》᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ᠎ᠶ᠋ᠢᠨ ᠵᠢᠯ᠎ᠳᠦ᠂ ᠪᠦᠬᠦ᠌ ᠤᠯᠤᠰ᠎ᠤᠨ ᠬᠣᠶᠠᠷ ᠬᠤᠷᠠᠯ᠎ᠠᠴᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠲᠤᠬᠢᠶ᠎ᠠ᠎ᠶ᠋ᠢ ᠳᠠᠮᠵᠢᠭᠤᠯᠪᠠ᠃
《ᠪᠢᠳᠡ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠶ᠋ᠢ ᠬᠥᠲᠥᠯᠥᠨ ᠵᠢᠯᠣᠭᠣᠳᠤᠨ᠎ᠠ》 ᠭᠡᠵᠦ᠍ ᠦᠪᠡᠷᠳᠡᠭᠡᠨ ᠵᠠᠰᠠᠬᠤ ᠤᠷᠤᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠲᠢᠩᠬᠢᠮ᠎ᠦᠨ ᠳᠡᠭᠡᠳᠦ ᠱᠢᠨ᠎ᠡ ᠮᠡᠷᠭᠡᠵᠢᠯ᠎ᠦᠨ ᠭᠠᠵᠠᠷ᠎ᠤᠨ ᠳᠡᠳ᠋ ᠳᠠᠷᠤᠭ᠎ᠠ ᠲᠦᠩ ᠶᠦᠩ ᠱᠢᠩ ᠢᠯᠡᠷᠬᠡᠢᠯᠡᠵᠠᠢ᠃
ᠥᠪᠡᠷᠲᠡᠭᠡᠨ ᠵᠠᠰᠠᠬᠤ ᠣᠷᠣᠨ ᠪᠠ ᠬᠥᠬᠡᠬᠣᠲᠠ ᠬᠣᠶᠠᠷ ᠱᠠᠲᠤᠨ᠎ᠤ ᠵᠠᠰᠠᠭ᠎ᠤᠨ ᠣᠷᠳᠣᠨ᠎ᠤ ᠳᠡᠮᠵᠢᠯᠭᠡ ᠳᠤᠤᠷ᠎ᠠ᠂ ᠤᠯᠤᠰ᠎ᠤᠨ ᠰᠦ ᠴᠠᠭᠠᠨ ᠢᠳᠡᠭᠡᠨ᠎ᠦ ᠦᠶ᠋ᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠨᠡᠢᠲᠡ 70 ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠣᠮᠲᠠ ᠱᠢᠪᠲᠤᠯᠬᠤ ᠲᠥᠷᠥᠯ ᠵᠦᠶ᠋ᠯ᠎ᠢ ᠥᠷᠨᠢᠭᠦᠯᠵᠦ᠍᠂ ᠦᠶ᠋ᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ᠎ᠢ ᠠᠭᠤᠰᠤᠯᠴᠠᠭᠤᠯᠤᠨ ᠬᠥᠭ᠌ᠵᠢᠭᠦᠯᠬᠦ᠌᠎ᠪᠡᠷ ᠳᠡᠮᠵᠢᠨ ᠣᠯᠠᠨ ᠵᠦᠶ᠋ᠯ᠎ᠦᠨ ᠱᠢᠪᠲᠤᠯᠤᠯᠲᠠ᠎ᠶ᠋ᠢᠨ ᠴᠢᠨᠠᠷᠲᠠᠶ ᠦᠷ᠎ᠡ ᠪᠦᠲᠦᠭᠡᠯ ᠣᠯᠵᠤ᠂ ᠨᠢᠭᠡᠨᠲᠡ 87 ᠵᠦᠶ᠋ᠯ᠎ᠦᠨ ᠲᠤᠰᠭᠠᠶ ᠠᠱᠢᠭ ᠭᠤᠶᠤᠴᠢᠯᠠᠵᠤ᠂ 9 ᠵᠦᠶ᠋ᠯ᠎ᠦᠨ ᠪᠠᠷᠢᠮᠵᠢᠶ᠎ᠠ ᠨᠡᠢᠲᠡᠯᠡᠵᠦ᠍᠂ ᠰᠦ ᠴᠠᠭᠠᠨ ᠢᠳᠡᠭᠡᠨ᠎ᠦ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠬᠦᠴᠦᠲᠡᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠪᠠ᠃ 《ᠪᠢᠳᠡ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠶ᠋ᠢ ᠦᠷᠭᠦᠯᠵᠢᠯᠡᠨ ᠥᠷᠨᠢᠭᠦᠯᠵᠦ᠍᠂ ᠳᠤᠮᠳᠠᠳᠤ ᠤᠯᠤᠰ᠎ᠤᠨ ᠰᠦ ᠵᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠤᠯᠤᠰ᠎ᠤᠨ ᠰᠦ ᠵᠢᠨ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠦᠪ᠎ᠤᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠵᠠᠩ ᠵᠢᠶᠠᠨ ᠴᠢᠦ ᠬᠡᠯᠡᠪᠡ᠃
ᠮᠸᠩ ᠼᠤᠤ ᠪᠦᠯᠦᠭ᠌ᠯᠡᠯ ᠨᠢ ᠣᠳᠣᠬᠠᠨ᠎ᠳᠤ ᠨᠢᠭᠡᠨᠲᠡ ᠤᠯᠤᠰ᠎ᠤᠨ ᠳᠣᠲᠣᠭᠠᠳᠤ᠎ᠶ᠋ᠢᠨ ᠡᠪᠡᠰᠦᠨ ᠦᠷ᠎ᠡ᠎ᠶ᠋ᠢᠨ ᠦᠶ᠋ᠯᠡᠰ᠎ᠦᠨ ᠬᠦᠷᠢᠶᠡᠨ᠎ᠳᠡᠬᠢ 28 ᠨᠠᠷᠠᠲᠤ ᠶᠠᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠪᠠ ᠠᠵᠤ ᠠᠬᠤᠢᠯᠠᠯ᠎ᠲᠠᠶ ᠬᠠᠮᠲᠤ᠎ᠪᠠᠷ ᠡᠪᠡᠰᠦᠨ ᠦᠷ᠎ᠡ᠎ᠶ᠋ᠢᠨ ᠦᠶ᠋ᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢ ᠵᠣᠬᠢᠶᠠᠨ ᠪᠠᠢᠭᠤᠯᠵᠠᠢ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠮᠸᠩ ᠼᠤᠤ ᠠᠮᠢ ᠠᠬᠤᠢ ᠣᠷᠴᠢᠨ ᠲᠣᠭᠣᠷᠢᠨ (ᠪᠦᠯᠦᠭ᠌ᠯᠡᠯ) ᠤ᠋ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠸᠠᠩ ᠵᠤᠤ ᠮᠢᠩ᠄《ᠪᠢᠳᠡ ᠨᠢᠭᠡ ᠮᠥᠬᠥᠯᠢᠭ ᠦᠷ᠎ᠡ᠂ ᠨᠢᠭᠡ ᠱᠢᠷᠬᠡᠭ ᠡᠪᠡᠰᠦᠨ᠎ᠦ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌᠎ᠳᠦ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ ᠪᠠ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ ᠪᠣᠯᠭᠠᠨ ᠪᠦᠳᠦᠭᠡᠨ ᠪᠠᠢᠭᠤᠯᠬᠤ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠨ᠎ᠠ》 ᠬᠡᠵᠠᠢ᠃
《ᠪᠢᠳᠡ 〈ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ〉 ᠲᠠᠰ ᠳᠡᠪᠱᠢᠭ᠌ᠰᠡᠨ ᠬᠡᠪ ᠵᠠᠭ᠍ᠪᠤᠷ᠎ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠨ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ 〈ᠲᠠᠪᠤᠨ ᠶᠡᠬᠡ ᠡᠭᠦᠷᠭᠡ〉ᠵᠢ ᠰᠠᠢᠲᠤᠷ ᠪᠡᠶᠡᠯᠡᠭᠦᠯᠬᠦ᠌᠎ᠳᠦ ᠪᠠᠢᠯᠳᠤᠬᠤ ᠪᠤᠳᠤᠯᠭ᠎ᠠ᠎ᠶ᠋ᠢᠨ ᠲᠤᠯᠭᠠᠭᠤᠷᠢᠯᠠᠯ ᠬᠠᠡᠭᠭᠠᠨᠠ》ᠬᠡᠵᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠳᠠᠷᠤᠭ᠎ᠠ ᠰᠦᠨ ᠵᠢᠶᠦ᠋ᠨ ᠴᠢᠩ ᠬᠡᠯᠠᠪᠠ᠃
ᠮᠢᠩᠭᠠᠨ ᠳᠠᠷᠪᠠᠭᠤᠯ ᠥᠷᠢᠰᠥᠯᠳᠦᠬᠦ ᠳ᠋ᠤ᠂ ᠡᠷᠡᠯᠬᠡᠭ᠌ᠯᠡᠨ ᠤᠷᠤᠭ᠍ᠰᠢᠯᠠᠭ᠍ᠰᠠᠳ ᠢᠯᠠᠮᠤᠢ! ᠡᠨᠡ ᠦᠶ᠎ᠡ᠎ᠶ᠋ᠢᠨ ᠥᠪᠥᠷ ᠮᠣᠩᠭᠣᠯ ᠶᠠᠭ ᠲᠠᠰᠤᠷᠠᠯᠲᠠ ᠥᠬᠡᠶ ᠬᠦᠴᠦᠨ ᠴᠢᠳᠠᠯ ᠵᠢᠨᠨ ᠬᠤᠷᠠᠮᠳᠤᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠴᠢᠨᠠᠷ ᠰᠠᠢᠲᠠᠶ ᠬᠥᠭ᠌ᠵᠢᠯᠲᠡ᠎ᠳᠦ ᠰᠦᠷ ᠳᠠᠯᠠᠢᠴᠠᠲᠠᠶ ᠬᠥᠳᠡᠯᠭᠡᠬᠦ᠌ ᠡᠨᠧᠷᠭᠢ ᠨᠡᠮᠡᠷᠢᠯᠡᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃