2023-03-07 09:37:23
ᠬᠥᠬᠡᠬᠣᠲᠠ᠎ᠶ᠋ᠢᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠲᠣᠭᠣᠷᠢᠭ᠎ᠲᠤ ᠂ ᠨᠢᠭᠡᠨ ᠮᠣᠳᠣᠨ ᠮᠠᠲᠸᠷᠢᠶᠠᠯ᠎ᠤᠨ ᠬᠤᠭᠤᠯᠠᠨ ᠤ᠋ ᠬᠡᠷᠡᠭ᠌ᠰᠡᠯ ᠦᠢᠯᠡᠳᠪᠦᠷᠢᠯᠡᠬᠦ᠌ ᠠᠵᠤ ᠠᠬᠤᠢᠯᠠᠯ ᠬᠦᠴᠦᠨ ᠴᠢᠳᠠᠯ ᠵᠢᠡᠨ ᠬᠤᠷᠠᠮᠳᠤᠭᠤᠯᠤᠨ 《ᠬᠤᠷᠳᠦ》 ᠨᠡᠮᠡᠨ ᠬᠥᠭ᠌ᠵᠢᠯᠲᠡ᠎ᠶ᠋ᠢ ᠡᠷᠢᠯᠬᠢᠯᠡᠨ᠎ᠡ᠃ 《ᠨᠢᠳᠤᠨᠤᠨ ᠂ ᠮᠠᠨ᠎ᠤ ᠭᠠᠳᠠᠭᠠᠳᠤ᠎ᠳᠤ ᠭᠠᠷᠭᠠᠬᠤ ᠦᠢᠯᠡᠳᠬᠦᠨ ᠪᠠᠢᠳᠠᠯ᠎ᠢ ᠰᠦᠷᠦᠨ ᠳᠡᠭᠡᠭ᠌ᠰᠢᠯᠡᠵᠦ᠍ ᠂ ᠪᠦᠬᠦ᠌ ᠵᠢᠯ᠎ᠦᠨ ᠡᠵᠡᠩᠨᠡᠯᠲᠡ᠎ᠶ᠋ᠢᠨ ᠤᠷᠤᠯᠭ᠎ᠠ 2021 ᠣᠨ ᠤ᠋ ᠬᠢ᠎ᠡᠴᠡ 1 ᠲᠠᠬᠢᠨ ᠨᠡᠮᠡᠭ᠌ᠳᠡᠵᠡᠢ》 ᠭᠡᠵᠦ ᠠᠮᠵᠢᠯᠲᠠ ᠪᠠᠨ ᠶᠠᠷᠢᠬᠤ᠎ᠳᠤ ᠂ ᠥᠪᠥᠷ ᠮᠣᠩᠭᠣᠯ᠎ᠤᠨ ᠪᠠᠢ ᠪᠠᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠴᠧᠨ ᠲᠤᠤ ᠲᠤᠢᠯ᠎ᠢᠶᠠᠷ ᠤᠷᠮᠠᠱᠢᠨ ᠵᠣᠷᠢᠭ᠍ᠵᠢᠨᠠ᠃ 《ᠡᠨᠡ ᠵᠢᠯ ᠂ ᠪᠢᠳᠡ ᠦᠷᠭᠦᠯᠵᠢᠯᠡᠨ ᠭᠠᠳᠠᠭᠠᠳᠤ᠎ᠶ᠋ᠢᠨ ᠵᠠᠬ᠎ᠠ ᠳᠡᠯᠭᠡᠭᠦᠷ᠎ᠢ ᠥᠷᠭᠡᠳᠭᠡᠵᠦ᠂ ᠭᠠᠳᠠᠭᠠᠳᠤ ᠠᠷᠠᠯᠵᠢᠶ᠎ᠠ᠎ᠶ᠋ᠢᠨ ᠲᠣᠭ᠍ᠲᠠᠭᠤᠨ ᠨᠡᠮᠡᠭ᠌ᠳᠡᠯ᠎ᠢ ᠪᠡᠶᠡᠯᠡᠭᠦᠯᠬᠦ᠌᠎ᠪᠡᠷ ᠪᠡᠯᠡᠳᠭᠡᠵᠦ᠍ ᠪᠠᠢᠨ᠎ᠠ᠃ ᠪᠦᠬᠦ᠌ ᠤᠯᠤᠰ᠎ᠤ᠋ᠨ ᠬᠣᠶᠠᠷ ᠬᠤᠷᠠᠯ ᠳ᠋ᠤᠡᠤᠯᠠᠨ ᠰᠠᠢᠨ ᠴᠢᠮᠡᠭᠡ ᠰᠣᠨᠣᠰᠳᠠᠵᠤ ᠂ ᠪᠢᠳᠡᠨ᠎ᠦ ᠬᠥᠭ᠌ᠵᠢᠯᠲᠡ᠎ᠪᠡᠨ ᠲᠦᠷᠭᠡᠳᠭᠡᠵᠦ᠍ ᠂ ᠬᠥᠭ᠌ᠵᠢᠯᠲᠡ᠎ᠶ᠋ᠢ ᠶᠡᠬᠡ ᠪᠡᠷ ᠠᠳᠭᠤᠬᠤ ᠡᠷᠴᠢ ᠵᠣᠷᠢᠭ᠎ᠢ ᠨᠠᠩ ᠬᠥᠪᠴᠢᠯᠡᠪᠡ 》 ᠭᠡᠵᠦ ᠬᠥᠭ᠌ᠵᠢᠯᠲᠡ᠎ᠶ᠋ᠢᠨ ᠠᠯᠤᠰ ᠢᠷᠡᠭᠡᠳᠦᠢ᠎ᠪᠠᠨ ᠶᠠᠷᠢᠬᠤ᠎ᠳᠤ ᠴᠧᠨ ᠲᠤᠤ ᠣᠮᠣᠭ ᠲᠡᠭᠦᠯᠳᠡᠷ ᠪᠠᠢᠯ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃