2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-06 15:49:30

ᠵᠣᠬᠢᠶᠠᠭ᠍ᠴᠢ᠄ ᠯᠢ ᠬᠠᠨ ᠂ ᠮᠠ ᠵᠢᠶᠠᠨ ᠴᠢᠤᠸᠠᠨ ᠣᠩᠱᠢᠭ᠍ᠰᠠᠨ ᠣᠳᠠᠭ᠎ᠠ᠄ 3

ᠡᠸ᠋ ᠬᠠᠶ ᠵᠢᠶᠦ᠋ᠨ ᠄

ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠬᠥᠯᠥᠨ ᠪᠣᠢᠷ ᠬᠣᠲᠠ ᠵᠢᠨ ᠣᠷᠴᠣᠨ ᠤ᠋ ᠥᠪᠡᠷᠲᠡᠭᠡᠨ ᠵᠠᠰᠠᠬᠤ ᠬᠣᠱᠢᠭᠤᠨ ᠤ᠋ ᠬᠥ᠋ᠯᠢ ᠱᠢᠶᠠᠩ ᠤ᠋ᠨ ᠨᠠᠮ ᠤ᠋ᠨ ᠬᠣᠷᠢᠶᠠᠨ ᠤ᠋ ᠱᠦᠵᠢ


QQ截图20230306112721.png


ᠶᠡᠬᠡ ᠬᠢᠩᠭᠠᠨ ᠳᠠᠪᠠᠭ᠎ᠠ ᠨᠢ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠱᠢᠨ ᠤ᠋ ᠬᠠᠯᠬᠠᠪᠴᠢ ᠪᠣᠯᠤᠭ᠍ᠰᠠᠨ ᠤ᠋ ᠬᠤᠪᠢ ᠳ᠋ᠤ᠂ ᠠᠮᠢ ᠠᠬᠤᠢ ᠵᠢᠨ ᠠᠮᠤᠷ ᠲᠦᠪᠱᠢᠨ ᠢ᠋ ᠬᠠᠮᠠᠭᠠᠯᠠᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠍ ᠪᠠᠢᠨ᠎ᠠ ᠃ ᠬᠥᠯᠥᠨ ᠪᠤᠢ᠌ᠷ ᠬᠤᠳᠠ ᠵᠢᠨ ᠣᠷᠴᠣᠨ ᠤ᠋ ᠥᠪᠡᠷᠲᠡᠭᠡᠨ ᠵᠠᠰᠠᠬᠤ ᠬᠣᠱᠢᠭᠤᠨ ᠤ᠋ ᠭᠦᠯᠢ ᠱᠢᠶᠠᠩ ᠶᠡᠬᠡ ᠬᠢᠩᠭᠠᠨ ᠳᠠᠪᠠᠭ᠎ᠠ ᠵᠢᠨ ᠡᠮᠦᠨ᠎ᠡ ᠬᠣᠷᠮᠣᠢ ᠳ᠋ᠤ ᠪᠠᠢᠷᠢᠯᠠᠵᠤ ᠪᠤᠢ᠂ ᠪᠢᠳᠡ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠲᠤᠱᠢᠶᠠᠭ᠍ᠰᠠᠨ ᠲᠠᠪᠤᠨ ᠶᠡᠬᠡ ᠡᠭᠦᠷᠭᠡ ᠶ᠋ᠢ ᠴᠢᠷᠮᠠᠢᠨ ᠰᠠᠢᠲᠤᠷ ᠪᠠᠶᠡᠯᠡᠬᠦᠯᠵᠤ᠂ ᠢᠲᠡᠭᠡᠯ ᠵᠣᠷᠢᠭ ᠵᠢᠡᠨ ᠪᠠᠲᠤᠳᠭᠠᠨ᠂ ᠶᠡᠬᠡ ᠠᠯᠬᠤᠮ ᠵᠢᠡᠷ ᠤᠷᠤᠭ᠍ᠰᠢᠯᠠᠵᠤ᠂ ᠠᠮᠢ ᠠᠬᠤᠢ ᠵᠢᠨ ᠪᠣᠯᠪᠠᠰᠤᠨ ᠤ᠋ ᠪᠠᠢᠭᠤᠯᠤᠯᠲᠠ ᠶ᠋ᠢ ᠪᠦᠬᠦ᠌ ᠬᠦᠴᠦᠨ ᠵᠢᠡᠷ ᠠᠬᠢᠭᠤᠯᠤᠨ᠎ᠠ᠃

ᠣᠢᠷ᠎ᠠ ᠵᠢᠨ ᠵᠢᠯ ᠳ᠋ᠤ ᠂ ᠬᠥ᠋ᠯᠢ ᠱᠢᠶᠠᠩ ᠣᠶ᠎ᠰᠢᠭᠤᠢ ᠶ᠋ᠢᠨ ᠳᠠᠷᠤᠭ᠎ᠠ ᠵᠢᠨ ᠲᠦᠷᠢᠮ ᠢ᠋ ᠪᠥᠬᠥ᠌ ᠲᠠᠯ᠎ᠠ ᠪᠠᠷ ᠨᠠᠢᠳᠠᠪᠤᠷᠢᠵᠢᠭᠤᠯᠤᠨ ᠂ ᠣᠶ ᠱᠢᠭᠤᠶ ᠨᠤᠲᠤᠭ ᠪᠡᠯᠴᠢᠭᠡᠷ ᠢ᠋ ᠬᠠᠮᠠᠭᠠᠯᠠᠬᠤ ᠡᠷᠴᠢᠮ ᠵᠢᠡᠨ ᠴᠢᠩᠭᠠᠷᠠᠭᠤᠯᠵᠤ᠂ ᠬᠡᠭᠡᠷ᠎ᠡ ᠵᠢᠨ ᠠᠮᠢᠲᠠᠨ ᠤ᠋ ᠣᠷᠣᠱᠢᠨ ᠠᠮᠢᠳᠤᠷᠠᠬᠤ ᠣᠷᠴᠢᠨ ᠨᠥᠬᠥᠴᠡᠯ ᠢ᠋ ᠪᠦᠲᠦᠮᠵᠢᠲᠡᠶ ᠰᠠᠢᠵᠢᠷᠠᠭᠤᠯᠤᠭ᠍ᠰᠠᠨ ᠤ᠋ ᠬᠠᠮᠲᠤ ᠪᠠᠰᠠ ᠡᠰᠢ ᠰᠦᠷᠡᠯ ᠢ᠋ ᠱᠢᠲᠠᠭᠠᠬᠤ ᠶ᠋ᠢ ᠴᠠᠭᠠᠵᠠᠯᠠᠬᠤ ᠠᠵᠢᠯ ᠢ᠋ ᠪᠠᠢᠩᠭᠤᠵᠢᠭᠤᠯᠤᠨ ᠰᠠᠢᠲᠤᠷ ᠠᠳᠭᠤᠵᠤ᠂ ᠬᠥᠮᠦᠰ ᠤ᠋ᠨ ᠣᠷᠣᠱᠢᠨ ᠰᠠᠭᠤᠷᠢᠰᠢᠬᠤ ᠣᠷᠴᠢᠨ ᠨᠥᠬᠥᠴᠡᠯ ᠢ᠋ ᠴᠡᠭ᠌ᠴᠡᠯᠡᠨ ᠵᠠᠰᠠᠵᠤ ᠳᠡᠭᠡᠭ᠌ᠰᠢᠯᠡᠭᠦᠯᠬᠦ᠌ ᠠᠵᠢᠯᠯᠠᠭ᠎ᠠ ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠠᠭᠠᠷ ᠤ᠋ᠨ ᠶᠠᠰᠤ ᠴᠢᠨᠠᠷ ᠢ᠋ ᠦᠷᠭᠦᠯᠵᠢᠯᠡᠨ ᠰᠠᠢᠵᠢᠷᠠᠭᠤᠯᠪᠠ᠃ ᠬᠥ᠋ᠯᠢ ᠱᠢᠶᠠᠩ ᠪᠠᠰᠠ ᠭᠤᠤᠯ᠎ᠮᠦᠷᠡᠨ ᠤ᠋ ᠳᠠᠷᠤᠭ᠎ᠠ ᠵᠢᠨ ᠲᠦᠷᠢᠮ ᠤ᠋ᠨ ᠠᠵᠢᠯ ᠢ᠋ ᠯᠠᠪᠳᠠᠭᠤᠨ ᠪᠠᠲᠤᠲᠠᠶ ᠠᠬᠢᠭᠤᠯᠵᠤ᠂ ᠰᠢᠶᠠᠩ ᠲᠣᠰᠭᠣᠨ ᠬᠣᠶᠠᠷ ᠱᠠᠲᠤᠨ ᠤ᠋ ᠭᠤᠤᠯ᠎ᠮᠦᠷᠡᠨ ᠤ᠋ ᠳᠠᠷᠤᠭ᠎ᠠ᠎ᠶ᠋ᠢ ᠪᠥᠬᠥ᠌ ᠲᠠᠯ᠎ᠠ ᠪᠠᠷ ᠲᠤᠬᠢᠷᠠᠭᠤᠯᠵᠤ ᠂ ᠪᠣᠬᠢᠷ ᠤᠰᠤ ᠱᠢᠶ᠋ᠳᠪᠦᠷᠢᠯᠡᠬᠦ᠌ ᠦᠶ᠋ᠯᠡᠳᠪᠦᠷᠢ ᠪᠠᠢᠭᠤᠯᠤᠨ᠂ ᠤᠰᠤᠨ ᠤ᠋ ᠣᠷᠴᠢᠨ ᠲᠣᠭᠣᠷᠢᠨ ᠤ᠋ ᠶᠠᠰᠤ ᠴᠢᠨᠠᠷ ᠢ᠋ ᠪᠦᠲᠦᠮᠵᠢᠲᠡᠶ ᠰᠠᠢᠵᠢᠷᠠᠭᠤᠯᠪᠠ᠃

ᠱᠢᠨ᠎ᠡ ᠠᠶᠠᠨ ᠳ᠋ᠠᠭᠠᠨ ᠪᠢᠳᠡ 《ᠪᠣᠬᠢᠷᠲᠤᠯ ᠥᠬᠡᠶ》 ᠳᠠᠢᠰᠢ ᠡᠷᠡᠰ ᠭᠤᠢᠪᠢᠰᠢ ᠥᠬᠡᠶ ᠤᠷᠤᠭ᠍ᠰᠢᠯᠠᠵᠤ᠂ ᠪᠥᠬᠥ᠌ ᠱᠢᠶᠠᠩ ᠤ᠋ᠨ《ᠠᠮᠢ ᠠᠬᠤᠶ ᠰᠠᠢᠨ ᠰᠠᠢᠬᠠᠨ᠂ ᠣᠷᠴᠢᠨ ᠲᠣᠭᠣᠷᠢᠨ ᠠᠷᠢᠭᠤᠨ ᠴᠡᠪᠡᠷ᠂ ᠬᠠᠮᠢᠶᠠᠷᠤᠯᠲᠠ ᠣᠷᠳᠣ ᠬᠤᠭᠤᠴᠠᠭ᠎ᠠ ᠪᠦᠲᠦᠮᠵᠢᠲᠡᠶ》 ᠪᠠᠢᠬᠤ ᠬᠠᠷᠠᠯᠲᠠ ᠶ᠋ᠢ ᠴᠢᠷᠮᠠᠢᠨ ᠪᠡᠶᠡᠯᠡᠭᠦᠯᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面