2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-06 16:07:05

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠶᠠᠨ ᠬᠤᠩ ᠭᠤᠸᠠᠩ ᠄

ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠲᠦᠯᠦᠭᠡᠯᠡᠭᠴᠢ᠂ ᠥᠪᠥᠷ ᠮᠣᠩᠭᠣᠯ ᠤ᠋ᠨ ᠣᠢ ᠰᠢᠭᠤᠢ ᠵᠢᠨ ᠠᠵᠤ ᠦᠢᠯᠡᠳᠪᠦᠷᠢ ᠵᠢᠨ ᠪᠦᠯᠦᠭᠯᠡᠯ ᠺᠣᠮᠫᠠᠨᠢ ᠵᠢᠨ ᠨᠠᠮ ᠤ᠋ᠨ ᠬᠤᠷᠢᠶᠠᠨ ᠤ᠋ ᠱᠦᠵᠢ᠂ ᠬᠡᠷᠡᠭ ᠮᠡᠳᠡᠭᠴᠢᠳ ᠤ᠋ᠨ ᠳᠠᠷᠤᠭ᠎ᠠ


QQ截图20230306112708.png


ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠶ᠋ᠢ ᠪᠠᠲᠤ ᠴᠣᠭᠴᠠᠯᠠᠬᠤ ᠪᠣᠯ ᠥᠪᠥᠷ ᠮᠣᠩᠭᠣᠯ ᠤ᠋ᠨ ᠡᠷᠬᠡᠪᠰᠢ ᠡᠭᠦᠷᠭᠡᠯᠡᠬᠦ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠪᠣᠯᠤᠨ᠎ᠠ᠃ ᠪᠦᠬᠦ ᠤᠯᠤᠰ ᠤ᠋ᠨ ᠲᠠᠯᠠᠪᠠᠢ ᠪᠠᠷ ᠬᠠᠮᠤᠭ ᠤ᠋ᠨ ᠶᠡᠬᠡ᠂ ᠬᠠᠳᠠᠭᠠᠯᠠᠮᠵᠢ ᠪᠠᠷ ᠬᠠᠮᠤᠭ ᠤ᠋ᠨ ᠰᠠᠢᠨ ᠭᠣᠣᠯᠳᠠᠯᠭ᠎ᠠ ᠲᠠᠢ ᠤᠯᠤᠰ ᠤ᠋ᠨ ᠥᠮᠴᠢᠯᠡᠯᠲᠦ ᠰᠢᠭᠤᠢᠲᠤ ᠣᠷᠣᠨ ᠪᠣᠯᠤᠭᠰᠠᠨ ᠤ᠋ ᠬᠤᠪᠢ ᠳ᠋ᠤ᠌᠂ ᠥᠪᠥᠷ ᠮᠣᠩᠭᠣᠯ ᠤ᠋ᠨ ᠣᠢ ᠰᠢᠭᠤᠢ ᠵᠢᠨ ᠠᠵᠤ ᠦᠢᠯᠡᠳᠪᠦᠷᠢ ᠵᠢᠨ ᠪᠦᠯᠦᠭᠯᠡᠯ 《ᠤᠯᠤᠰ ᠤ᠋ᠨ ᠶᠡᠬᠡ ᠶᠠᠪᠤᠳᠠᠯ》 ᠢ᠋ ᠢᠮᠠᠭᠲᠠ ᠪᠠᠲᠤ ᠴᠡᠭᠡᠵᠢᠯᠡᠵᠦ᠂ ᠨᠡᠭᠦᠷᠡᠰᠦᠲᠥ᠋ᠷᠥᠭᠴᠢ ᠵᠢᠨ ᠬᠤᠷᠠᠮᠳᠤᠭᠤᠯᠭ᠎ᠠ ᠵᠢᠨ ᠴᠢᠳᠠᠪᠤᠷᠢ ᠪᠠᠨ ᠢᠳᠡᠪᠬᠢᠲᠡᠢ ᠪᠡᠷ ᠪᠡᠬᠢᠵᠢᠭᠦᠯᠦᠨ ᠳᠡᠭᠡᠭᠰᠢᠯᠡᠭᠦᠯᠵᠦ᠂ ᠨᠡᠭᠦᠷᠡᠰᠦᠲᠥ᠋ᠷᠥᠭᠴᠢ ᠵᠢᠨ ᠬᠤᠷᠠᠮᠳᠤᠭᠤᠯᠭ᠎ᠠ ᠵᠢᠨ ᠦᠢᠯᠡᠳᠬᠦᠨ ᠤ᠋ ᠠᠮᠢ ᠠᠬᠤᠢ ᠵᠢᠨ ᠥᠷᠲᠡᠭ ᠤ᠋ᠨ ᠬᠤᠪᠢᠷᠠᠭᠤᠯᠤᠯᠲᠠ ᠶ᠋ᠢ ᠬᠠᠢᠨ ᠰᠦᠪᠡᠭᠴᠢᠯᠡᠨ᠎ᠠ᠃

ᠥᠪᠥᠷ ᠮᠣᠩᠭᠣᠯ ᠤ᠋ᠨ ᠣᠢ ᠰᠢᠭᠤᠢ ᠵᠢᠨ ᠠᠵᠤ ᠦᠢᠯᠡᠳᠪᠦᠷᠢ ᠵᠢᠨ ᠪᠦᠯᠦᠭᠯᠡᠯ ᠨᠢ ᠰᠢ ᠵᠢᠨ ᠫᠢᠩ ᠤ᠋ᠨ ᠠᠮᠢ ᠠᠬᠤᠢ ᠵᠢᠨ ᠪᠤᠯᠪᠠᠰᠤᠨ ᠤ᠋ ᠦᠵᠡᠯ ᠰᠠᠨᠠᠭ᠎ᠠ ᠶ᠋ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠤ᠂ ᠪᠣᠬᠢᠷᠲᠤᠯ ᠦᠭᠡᠢᠵᠢᠭᠦᠯᠦᠭᠰᠡᠨ᠂ ᠡᠷᠴᠢᠮᠵᠢᠭᠰᠡᠨ᠂ ᠴᠢᠨᠠᠷ ᠰᠠᠢᠳᠠᠢ ᠪᠠᠢᠬᠤ ᠪᠡᠷ ᠭᠣᠣᠯ ᠰᠢᠪᠳᠤᠯᠤᠯᠳᠠ ᠵᠢᠨ ᠴᠢᠭᠯᠡᠯ ᠵᠢᠡᠨ ᠪᠣᠯᠭᠠᠵᠤ᠂ ᠣᠢ ᠰᠢᠭᠤᠢ ᠵᠢᠨ ᠡᠵᠡᠩᠨᠡᠯᠲᠡ ᠵᠢᠨ ᠲᠤᠷᠰᠢᠯᠲᠠ ᠵᠢᠨ ᠴᠡᠭ ᠤ᠋ᠨ ᠶᠠᠰᠤ ᠴᠢᠨᠠᠷ ᠢ᠋ ᠳᠡᠭᠡᠭᠰᠢᠯᠡᠭᠦᠯᠬᠦ ᠂ ᠰᠢᠨ᠎ᠡ ᠨᠢᠭᠡᠨ ᠡᠭᠡᠯᠵᠢ ᠵᠢᠨ ᠤᠯᠤᠰ ᠤ᠋ᠨ ᠥᠮᠴᠢᠯᠡᠯᠲᠦ ᠠᠵᠤ ᠠᠬᠤᠢᠯᠠᠯ ᠤ᠋ᠨ ᠥᠭᠡᠷᠡᠴᠢᠯᠡᠯᠲᠡ ᠵᠢᠨ ᠦᠷ᠎ᠡ ᠠᠰᠢᠭ ᠢ᠋ ᠳᠡᠭᠡᠭᠰᠢᠯᠡᠭᠦᠯᠬᠦ᠂ 《ᠵᠢᠭᠤᠯᠴᠢᠯᠠᠯ᠂ ᠣᠢ ᠰᠢᠭᠤᠢ᠂ ᠨᠡᠭᠦᠷᠡᠰᠦᠲᠥ᠋ᠷᠥᠭᠴᠢ ᠵᠢᠨ ᠬᠤᠷᠠᠮᠳᠤᠭᠤᠯᠭ᠎ᠠ》 ᠵᠡᠷᠭᠡ ᠭᠤᠷᠪᠠᠨ ᠶᠡᠬᠡ ᠲᠤᠯᠭᠠᠭᠤᠷᠢ ᠠᠵᠤ ᠦᠢᠯᠡᠰ ᠤ᠋ᠨ ᠬᠦᠭᠵᠢᠯᠳᠡ ᠵᠢᠨ ᠬᠤᠷᠳᠤᠴᠠ ᠶ᠋ᠢ ᠲᠦᠷᠭᠡᠳᠭᠡᠬᠦ᠂ ᠰᠠᠭᠤᠷᠢ ᠲᠦᠬᠦᠭᠡᠷᠦᠮᠵᠢ ᠵᠢᠨ ᠪᠦᠲᠦᠭᠡᠨ ᠪᠠᠢᠭᠤᠯᠤᠯᠲᠠ ᠵᠢ ᠲᠡᠬᠡᠭᠰᠢᠯᠡᠬᠦᠯᠬᠦ 《ᠳᠥᠷᠪᠡᠨ ᠶᠡᠬᠡ ᠶᠠᠪᠤᠳᠠᠯ》 ᠢ᠋ ᠦᠨᠡᠨ ᠬᠦ᠌ ᠪᠤᠳᠠᠳᠠᠢ ᠠᠳᠬᠤᠵᠤ᠂ ᠶᠠᠰᠤ ᠴᠢᠨᠠᠷ ᠤ᠋ᠨ ᠬᠤᠪᠢᠰᠤᠯᠲᠠ᠂ ᠦᠷ᠎ᠡ ᠪᠦᠲᠦᠮᠵᠢ ᠵᠢᠨ ᠬᠤᠪᠢᠰᠤᠯᠲᠠ᠂ ᠬᠥᠳᠡᠯᠭᠡᠬᠦ ᠬᠦᠴᠦᠨ ᠤ᠋ ᠬᠤᠪᠢᠰᠤᠯᠲᠠ ᠶ᠋ᠢ ᠴᠢᠷᠮᠠᠢᠨ ᠠᠬᠢᠭᠤᠯᠵᠤ᠂ ᠲᠥᠪ ᠶᠣᠰᠣ ᠶ᠋ᠢ ᠪᠠᠷᠢᠮᠲᠠᠯᠠᠨ ᠰᠢᠨ᠎ᠡ ᠶ᠋ᠢ ᠡᠭᠦᠳᠴᠦ᠂ ᠦᠷᠭᠦᠯᠵᠢᠯᠡᠨ ᠲᠡᠮᠡᠴᠡᠵᠦ᠂ ᠬᠥᠮᠦᠨ ᠬᠢᠭᠡᠳ ᠪᠠᠢᠭᠠᠯᠢ ᠵᠢᠨ ᠡᠶ᠎ᠡ ᠵᠤᠬᠢᠴᠠᠩᠭᠤᠢ ᠪᠡᠷ ᠬᠠᠮᠲᠤ ᠣᠷᠣᠰᠢᠬᠤ ᠣᠳᠣᠬᠢᠴᠢᠯᠠᠭᠰᠠᠨ ᠠᠮᠢᠳᠤᠯᠢᠭ ᠦᠢᠯᠡᠳᠦᠯᠭᠡ ᠳᠤᠮᠳᠠ ᠥᠪᠥᠷ ᠮᠣᠩᠭᠣᠯ ᠤ᠋ᠨ ᠶᠡᠬᠡ ᠬᠢᠩᠭᠠᠨ ᠳᠠᠪᠠᠭ᠎ᠠ ᠵᠢᠨ ᠰᠢᠭᠤᠢᠲᠤ ᠣᠷᠣᠨ ᠤ᠋ ᠬᠤᠪᠢ ᠨᠡᠮᠡᠷᠢ ᠪᠠᠨ ᠦᠵᠡᠭᠦᠯᠦᠨ᠎ᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面